ᠬᠠᠶᠢᠷᠤᠪ ᠤᠨ ᠲᠤᠬᠤᠢ ᠲᠣᠭᠤᠷᠢᠭ ᠤᠨ ᠬᠢᠨ ᠦᠨᠡᠨ ᠰᠡᠳᠬᠢᠯ ᠠᠴᠠ ᠪᠠᠨ ᠤᠯᠠᠨ ᠲᠦᠮᠡᠨ ᠳᠤ ᠬᠦᠴᠢᠷ ᠠᠰᠠᠭᠤᠳᠠᠯ ᠢ ᠰᠢᠢᠳᠪᠦᠷᠢᠯᠡᠵᠦ  ᠦᠭᠪᠡ
ᠨᠡᠶᠢᠲᠡᠯᠡᠭᠰᠡᠨ ᠴᠠᠭ᠄
2022/10/26
     ᠬᠠᠶᠢᠷᠤᠪ ᠤᠨ ᠲᠤᠬᠤᠢ ᠲᠣᠭᠤᠷᠢᠭ ᠤᠨ ᠬᠢᠨ ᠨᠠᠮ ᠵᠢᠮ ᠬᠠᠮᠢᠶᠠᠷᠤᠯᠲᠠ ᠶᠢ ᠬᠡᠷᠡᠭᠵᠢᠭᠦᠯᠦᠭᠰᠡᠨ ᠠᠴᠠ ᠨᠠᠰᠢ᠂ ᠴᠡᠭᠡᠯ ᠠᠭᠤᠯᠠ ᠪᠠᠯᠭᠠᠰᠤ ᠶᠢᠨ ᠬᠡᠰᠡᠭ ᠲᠠᠷᠢᠶᠠᠯᠠᠩ ᠤᠨ ᠪᠦᠲᠦᠭᠡᠭᠳᠡᠬᠦᠨ ᠪᠣᠷᠣᠯᠠᠭᠤᠯᠭ᠎ᠠ ᠵᠣᠭᠰᠣᠩᠭᠢᠷᠠᠬᠤ ᠬᠦᠴᠢᠷ ᠠᠰᠠᠭᠤᠳᠠᠯ ᠳᠤ ᠲᠤᠯᠭᠠᠷᠠᠵᠤ᠂ ᠤᠢᠢᠷ᠎ᠠ ᠶᠢᠨ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠡᠨᠧᠷᠭᠢ ᠶᠢᠨ ᠲᠤᠪᠴᠢᠶ᠎ᠠ ᠴᠡᠭᠡᠯ ᠠᠭᠤᠯᠠ ᠪᠠᠯᠭᠠᠰᠤ ᠲᠠᠢ ᠬᠠᠷᠢᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ  ᠬᠡᠮᠵᠢᠶ᠎ᠡ ᠶᠢ ᠰᠠᠶᠢᠲᠤᠷ ᠬᠢᠬᠦ ᠶᠢᠨ ᠬᠠᠮᠲᠤ 30 ᠭᠠᠷᠤᠢ ᠲᠦᠮᠡᠨ ᠵᠢᠩ ᠢᠳᠡᠰᠢᠨ ᠨᠣᠭᠤᠭ᠎ᠠ ᠶᠢ ᠢᠯᠭᠠᠨ ᠭᠠᠷᠭᠠᠵᠤ᠂ ᠬᠠᠶᠢᠷᠤᠪ ᠤᠨ ᠲᠤᠬᠤᠢ  ᠲᠣᠭᠤᠷᠢᠭ ᠤᠨ ᠡᠯ᠎ᠡ ᠬᠠᠶᠢᠷ᠎ᠠ ᠶᠢᠨ ᠠᠵᠤ ᠠᠬᠤᠶᠢᠯᠠᠯ ᠳᠤ ᠬᠦᠷᠭᠡᠵᠡᠢ᠃
2.jpg
1.jpg
3.jpg
       10 ᠰᠠᠷ᠎ᠠ ᠶᠢᠨ 25 ᠤ ᠡᠳᠦᠷ ᠰᠤᠷᠪᠤᠯᠵᠢᠯᠠᠭᠴᠢ ᠬᠠᠶᠢᠷ᠎ᠠ ᠬᠠᠯᠠᠮᠵᠢ ᠬᠦᠷᠭᠡᠬᠦ ᠢᠳᠡᠰᠢᠨ ᠨᠣᠭᠤᠭ᠎ᠠ ᠶᠢ ᠵᠥᠭᠡᠭᠡᠪᠦᠷᠢᠯᠡᠵᠦ ᠪᠠᠶᠢᠭ᠎ᠠ ᠲᠡᠷᠭᠡ ᠶᠢ ᠳᠠᠭᠠᠵᠤ ᠮᠣᠷᠭ᠍ᠸᠤ ᠨᠡᠭᠦᠷᠡᠰᠦᠨ ᠠᠭᠤᠷᠬᠠᠶ ᠳᠤ ᠬᠦᠷᠴᠦ ᠢᠷᠡᠪᠡ᠃ ᠣᠶᠢᠯᠠᠭᠠᠭᠰᠠᠨ ᠢᠶᠠᠷ᠂ ᠲᠣᠰ ᠤᠳᠠᠭ᠎ᠠ ᠴᠠᠭᠠᠨ ᠨᠣᠭᠤᠭ᠎ᠠ᠂ ᠲᠣᠰᠣᠯᠢᠭ ᠪᠣᠭᠤᠳᠠᠶ ᠶᠢᠨ ᠨᠣᠭᠤᠭ᠎ᠠ᠂ ᠰᠣᠩᠭᠢᠨ᠎ᠠ ᠵᠡᠷᠭᠡ ᠶᠢ ᠪᠠᠭᠲᠠᠭᠠᠭᠰᠠᠨ ᠨᠡᠶᠢᠲᠡ 24 ᠠᠵᠤ ᠠᠬᠤᠶᠢᠯᠠᠯ ᠢ ᠬᠦᠷᠭᠡᠵᠦ᠂ ᠠᠵᠤ ᠠᠬᠤᠶᠢᠯᠠᠯ ᠨᠢᠭᠡᠪᠦᠷᠢ ᠲᠣᠰ ᠲᠣᠰ 1 — 2 ᠲᠦᠮᠡᠨ ᠵᠢᠩ ᠢᠳᠡᠰᠢᠨ ᠨᠣᠭᠤᠭ᠎ᠠ ᠬᠦᠷᠭᠡᠵᠦ ᠪᠠᠶᠢᠨ᠎ᠠ᠃ ᠢ ᠣᠶᠢᠯᠠᠭᠠᠭᠰᠠᠨ ᠢᠶᠠᠷ᠂ ᠲᠣᠰ ᠤᠳᠠᠭᠠᠨ ᠤ ᠢᠳᠡᠰᠢᠨ ᠨᠣᠭᠤᠭ᠎ᠠ ᠨᠢ ᠴᠠᠭᠠᠨ ᠨᠣᠭᠤᠭ᠎ᠠ᠂ ᠲᠣᠰᠣᠯᠢᠭ ᠨᠣᠭᠤᠭ᠎ᠠ᠂ ᠰᠣᠩᠭᠢᠨ᠎ᠠ ᠵᠡᠷᠭᠡ ᠶᠢ ᠪᠠᠭᠲᠠᠭᠠᠭᠰᠠᠨ 24 ᠠᠵᠤ ᠠᠬᠤᠶᠢᠯᠠᠯ ᠳᠤ ᠬᠦᠷᠭᠡᠵᠦ᠂ ᠠᠵᠤ ᠠᠬᠤᠶᠢᠯᠠᠯ ᠨᠢᠭᠡᠪᠦᠷᠢ ᠴᠥᠮ 1 — 2 ᠲᠦᠮᠡᠨ ᠵᠢᠩ ᠢᠳᠡᠰᠢᠨ ᠨᠣᠭᠤᠭ᠎ᠠ ᠬᠦᠷᠭᠡᠵᠦ ᠪᠠᠶᠢᠨ᠎ᠠ᠃     ᠬᠠᠲᠤᠨ ᠭᠤᠣᠯ ᠤᠨ ᠪᠦᠯᠦᠭᠯᠡᠯ ᠤᠨ ᠮᠤᠷᠭ᠍ᠸᠤ ᠶᠢᠨ ᠨᠡᠭᠦᠷᠡᠰᠦᠨ ᠤ ᠠᠭᠤᠷᠬᠠᠢ ᠶᠢᠨ ᠳᠠᠷᠤᠭ᠎ᠠ ᠵᠠᠩ ᠮᠢᠩ ᠬᠤᠢ ᠄ ︽ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠮᠠᠨ ᠤ ᠬᠠᠲᠤᠨ ᠭᠤᠣᠯ ᠤᠨ ᠪᠦᠯᠦᠭᠯᠡᠯ ᠤᠨ ᠮᠤᠷᠭ᠍ᠸᠤ ᠶᠢᠨ ᠨᠡᠭᠦᠷᠡᠰᠦᠨ ᠠᠭᠤᠷᠬᠠᠢ ᠶᠢᠨ ᠠᠮᠢᠳᠤᠷᠠᠯ ᠦᠢᠯᠡᠳᠪᠦᠷᠢᠯᠡᠯ ᠬᠡᠪ ᠢᠶᠠᠷ ᠢᠶᠠᠨ ᠶᠠᠪᠤᠭᠳᠠᠵᠤ᠂ ᠥᠨᠥᠳᠦᠷ ᠬᠠᠶᠢᠷᠤᠪ ᠤᠨ ᠲᠤᠬᠤᠢ ᠲᠤᠭᠤᠷᠢᠭ ᠤᠨ ᠵᠠᠰᠠᠭ ᠤᠨ ᠣᠷᠳᠣᠨ ᠤ ᠬᠦᠷᠭᠡᠵᠦ ᠢᠷᠡᠭᠰᠡᠨ ᠢᠳᠡᠰᠢᠨ ᠨᠣᠭᠤᠭ᠎ᠠ ᠶᠢ ᠬᠦᠯᠢᠶᠡᠨ ᠠᠪᠤᠭᠰᠠᠨ ᠳᠤ ᠪᠢᠳᠡ ᠲᠦᠢᠯ ᠢᠶᠠᠷ ᠪᠠᠶᠠᠷᠯᠠᠵᠤ ᠪᠠᠶᠢᠨ᠎ᠠ᠂ ᠡᠨᠡᠬᠦ ᠣᠨᠴᠠᠭᠠᠢ ᠴᠠᠭ ᠬᠤᠭᠤᠴᠠᠭᠠᠨ ᠳᠤ ᠵᠠᠰᠠᠭ ᠤᠨ ᠣᠷᠳᠣᠨ ᠤ ᠬᠠᠯᠠᠮᠵᠢᠯᠠᠯ ᠢ ᠣᠶᠢᠯᠠᠭᠠᠵᠤ᠂ ᠮᠠᠰᠢ ᠬᠠᠯᠠᠭᠤᠨ ᠰᠡᠳᠬᠢᠯ ᠲᠠᠢ ᠪᠠᠶᠢᠨ᠎ᠠ︾ ᠭᠡᠵᠦ ᠢᠯᠡᠳᠬᠡᠪᠡ᠃     ᠬᠠᠶᠢᠷᠤᠪ ᠤᠨ ᠲᠤᠬᠤᠢ ᠲᠣᠭᠤᠷᠢᠭ ᠤᠨ ᠡᠨᠧᠷᠭᠢ ᠶᠢᠨ ᠲᠤᠪᠴᠢᠶ᠎ᠠ ᠶᠢᠨ ᠳᠠᠷᠤᠭ᠎ᠠ ᠦ᠋ ᠬᠠᠢ᠄ ︽ᠡᠨᠡ ᠤᠳᠠᠭ᠎ᠠ 20 ᠠᠵᠤ ᠠᠬᠤᠶᠢᠯᠠᠯ ᠳᠤ 30 ᠭᠠᠷᠤᠢ ᠲᠦᠮᠡᠨ ᠵᠢᠩ ᠬᠠᠶᠢᠷ᠎ᠠ ᠢᠳᠡᠰᠢᠨ ᠨᠣᠭᠤᠭ᠎ᠠ ᠬᠦᠷᠭᠡᠵᠦ᠂ ᠨᠢᠭᠡ ᠲᠠᠯ᠎ᠠ ᠪᠠᠷ  ᠴᠡᠭᠡᠯ ᠠᠭᠤᠯᠠ  ᠪᠠᠯᠭᠠᠰᠤᠨ ᠤ ᠲᠠᠷᠢᠶᠠᠴᠢᠳ ᠤᠨ ᠢᠳᠡᠰᠢᠨ ᠨᠣᠭᠤᠭ᠎ᠠ ᠶᠢᠨ ᠪᠣᠷᠣᠯᠠᠭᠤᠯᠭ᠎ᠠ ᠵᠣᠭᠰᠣᠩᠭᠢᠷᠠᠭᠰᠠᠨ ᠠᠰᠠᠭᠤᠳᠠᠯ ᠢ ᠰᠢᠢᠳᠪᠦᠷᠢᠯᠡᠵᠦ᠂ ᠨᠦᠬᠦᠭᠡ ᠲᠠᠯ᠎ᠠ ᠪᠠᠷ ᠬᠠᠷᠢᠶ᠎ᠠ ᠣᠷᠣᠨ ᠤ 24 ᠠᠵᠤ ᠠᠬᠤᠶᠢᠯᠠᠯ ᠤᠨ ᠦᠢᠯᠡᠳᠪᠦᠷᠢᠯᠡᠯ ᠠᠮᠢᠳᠤᠷᠠᠯ ᠤᠨ ᠡᠳ᠋ ᠪᠣᠳᠠᠰ ᠤᠨ ᠪᠠᠲᠤᠯᠠᠪᠤᠷᠢ ᠶᠢᠨ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ ᠥᠭᠴᠡᠢ︾ ᠭᠡᠵᠦ ᠢᠯᠡᠳᠬᠡᠪᠡ᠃     ᠬᠠᠶᠢᠷᠤᠪ ᠤᠨ ᠲᠤᠬᠤᠢ ᠲᠣᠭᠤᠷᠢᠭ ᠤᠨ ᠬᠢᠨ ᠦᠨᠡᠨ ᠰᠡᠳᠬᠢᠯ ᠠᠴᠠ ᠪᠠᠨ ᠤᠯᠠᠨ ᠲᠦᠮᠡᠨ ᠳᠤ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠭᠦᠭᠰᠡᠭᠡᠷ ᠢᠷᠡᠵᠠᠢ᠃ ᠣᠨᠴᠠᠭᠠᠶ ᠬᠤᠭᠤᠴᠠᠭᠠᠨ ᠳᠤ᠂ ᠬᠠᠶᠢᠷ᠎ᠠ ᠬᠠᠯᠠᠮᠵᠢ ᠬᠦᠷᠭᠡᠬᠦ ᠢᠳᠡᠰᠢᠨ ᠨᠣᠭᠤᠭ᠎ᠠ ᠨᠢ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠪᠣᠷᠣᠯᠠᠭᠤᠯᠭ᠎ᠠ ᠮᠠᠭᠤᠲᠠᠶ ᠢᠳᠡᠰᠢᠨ ᠨᠣᠭᠤᠭ᠎ᠠ ᠶᠢ ᠭᠠᠷᠬᠤ ᠵᠠᠮ ᠲᠠᠢ ᠪᠣᠯᠭᠠᠵᠤ᠂ ᠡᠯ᠎ᠡ ᠠᠵᠤ ᠠᠬᠤᠶᠢᠯᠠᠯ ᠤᠨ ᠠᠮᠢᠳᠤᠷᠠᠯ ᠤᠨ ᠲᠠᠯ᠎ᠠ ᠪᠠᠷ ᠬᠢ ᠢᠳᠡᠰᠢᠨ ᠨᠣᠭᠤᠭ᠎ᠠ ᠶᠢ ᠦᠢᠯᠡᠳᠪᠦᠷᠢᠯᠡᠬᠦ ᠳᠤ ᠰᠠᠨᠠᠭ᠎ᠠ ᠵᠣᠪᠠᠭ᠋ᠤ ᠦᠭᠡᠶ ᠪᠣᠯᠭᠠᠵᠠᠶ᠃ ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠬᠢᠵᠢᠭ ᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠡᠰᠡᠷᠭᠦᠴᠡᠵᠦ᠂ ᠬᠠᠩᠭᠠᠯᠭ᠎ᠠ ᠶᠢ ᠪᠠᠲᠤᠯᠠᠬᠤ ᠪᠠ ᠬᠡᠷᠡᠭᠴᠡᠭᠡ ᠶᠢ ᠪᠠᠲᠤᠯᠠᠬᠤ ᠬᠤᠶᠠᠷ ᠢ ᠰᠠᠭᠠᠲᠠᠭᠠᠬᠤ ᠦᠭᠡᠢ ᠪᠠᠶᠢᠬᠤ ᠶᠢ ᠪᠡᠶᠡᠯᠡᠭᠦᠯᠵᠦ ᠂ ᠦᠷᠭᠦᠯᠵᠢᠯᠡᠨ ᠡᠶᠡᠯᠳᠡᠭ ᠵᠥᠭᠡᠯᠡᠨ ᠰᠡᠳᠬᠢᠯᠭᠡ ᠪᠠᠷ ᠠᠷᠠᠳ ᠤᠨ ᠰᠡᠳᠬᠢᠯ ᠢ ᠭᠡᠷᠡᠯᠲᠦᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号