ᠬᠠᠶᠢᠷᠤᠪ ᠤᠨ ᠲᠤᠬᠤᠢ ᠲᠤᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠡᠰᠡᠭ ᠣᠷᠣᠨ ᠪᠦᠰᠡ ᠶᠢᠨ ᠠᠶᠤᠯ ᠲᠦᠭᠰᠢᠭᠦᠷᠢ ᠶᠢᠨ ᠳᠡᠰ ᠢ ᠲᠣᠬᠢᠷᠠᠭᠤᠯᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2022/10/27
      2022 ᠣᠨ ᠤ 10 ᠳ᠋ᠤᠭᠠᠷ ᠰᠠᠷ᠎ᠠ ᠶᠢᠨ 26᠎ ᠤ ᠡᠳᠦᠷ᠂ ᠮᠠᠨ ᠤ ᠲᠤᠭᠤᠷᠢᠭ ᠤᠨ  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠨᠢᠭᠤᠷ︶︾᠎ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠶᠡᠷᠦᠩᠬᠡᠶᠢᠯᠡᠨ ᠦᠨᠡᠯᠡᠨ ᠵᠢᠱᠢᠵᠦ ᠰᠤᠳᠤᠯᠤᠨ ᠮᠠᠭᠠᠳᠯᠠᠬᠤ ᠪᠠᠷ ᠳᠡᠮᠵᠢᠨ᠂ 2022 ᠣᠨ ᠤ 10 ᠳ᠋ᠤᠭᠠᠷ ᠰᠠᠷ᠎ᠠ ᠶᠢᠨ 26᠎ ᠤ ᠡᠳᠦᠷ ᠠᠴᠠ ᠡᠬᠢᠯᠡᠨ᠂ ᠬᠠᠷᠢᠶᠠᠲᠤ ᠣᠷᠣᠨ ᠤ ᠳᠣᠲᠣᠷᠠᠬᠢ ᠲᠦᠭᠰᠢᠭᠦᠷᠢᠲᠦ ᠣᠷᠣᠨ ᠪᠦᠰᠡ ᠳᠤ ᠳᠣᠤᠷᠠᠬᠢ ᠮᠡᠲᠦ ᠲᠣᠬᠢᠷᠠᠭᠤᠯᠤᠯᠲᠠ ᠬᠢᠬᠦ ᠪᠠᠷ ᠲᠣᠭᠲᠠᠪᠠ᠄     ᠨᠢᠭᠡ᠂ ᠲᠦᠭᠰᠢᠭᠦᠷᠢ ᠶᠡᠬᠡᠲᠡᠶ ᠣᠷᠣᠨ ᠢ ᠳᠤᠮᠳᠠ ᠲᠦᠭᠰᠢᠭᠦᠷᠢ ᠲᠠᠢ ᠣᠷᠣᠨ ︵1︶ ᠪᠣᠯᠭᠠᠨ ᠳᠣᠭᠢᠷᠠᠭᠤᠯᠪᠠ ᠄ ᠶᠢᠨ ᠰᠢᠨ ᠶᠤᠸᠠᠨ ᠪᠠᠭ᠎ᠠ ᠲᠣᠭᠤᠷᠢᠭ᠃     ᠬᠤᠶᠠᠷ᠂ ᠳᠤᠮᠳᠠ ᠲᠦᠭᠰᠢᠭᠦᠷᠢ ᠲᠠᠢ ᠣᠷᠣᠨ ᠢ ᠳᠣᠤᠷ᠎ᠠ ᠲᠦᠭᠰᠢᠭᠦᠷᠢ ᠲᠠᠢ ᠣᠷᠣᠨ ︵1︶ ᠪᠣᠯᠭᠠᠨ ᠳᠣᠭᠢᠷᠠᠭᠤᠯᠪᠠ᠄ ᠺᠠᠶ ᠶᠠᠩ ᠪᠠᠷᠢᠯᠭ᠎ᠠ ᠶᠢᠨ ᠮᠠᠲ᠋ᠧᠷᠢᠶᠠᠯ ᠤᠨ ᠳᠡᠯᠭᠡᠭᠦᠷ ᠃       ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠬᠠᠶᠢᠷᠤᠪ ᠤᠨ ᠲᠤᠬᠤᠢ ᠲᠣᠭᠤᠷᠢᠭ ᠲᠤ ᠣᠳᠣᠬᠠᠨ ᠳᠤ᠄      ᠠᠶᠤᠯ ᠲᠦᠭᠰᠢᠭᠦᠷᠢ ᠶᠡᠬᠡᠲᠡᠶ ᠣᠷᠣᠨ 2 ︵ᠰᠢ  ᠶᠤᠸᠠᠨ ᠪᠠᠭ᠎ᠠ ᠲᠣᠭᠤᠷᠢᠭ᠂ ᠶᠢᠨ ᠰᠢᠨ ᠶᠤᠸᠠᠨ ᠨᠡᠶᠢᠲᠡ ᠶᠢᠨ ᠰᠠᠭᠤᠴᠠ︶ ᠪᠣᠶ᠃     ᠲᠤᠮᠳᠠ ᠲᠦᠭᠰᠢᠭᠦᠷᠢ ᠶᠢᠨ ᠤᠷᠤᠨ 6 ︵ᠮᠧᠩ ᠰᠢ ᠶᠠᠩ ᠭᠤᠸᠠᠩ ᠯᠢ ᠱᠧ A ᠲᠣᠭᠤᠷᠢᠭ᠂ ᠯᠢ ᠿᠢ ᠴᠡᠴᠡᠷᠯᠢᠭ ᠤᠨ ᠰᠠᠭᠤᠭᠠᠯᠢ ᠲᠣᠭᠤᠷᠢᠭ᠂ ᠵᠥᠩ ᠱᠠᠨ ᠶᠡᠭᠡ ᠠᠰᠠᠷ ᠤᠨ ᠨᠡᠶᠢᠲᠡ ᠶᠢᠨ ᠪᠠᠶᠢᠷᠢ ᠶᠢᠨ ᠠᠰᠠᠷ᠂ ᠬᠤᠸᠠ ᠴᠠᠩ ᠰᠠᠭᠤᠭᠠᠯᠢ ᠲᠣᠭᠤᠷᠢᠭ᠂ ᠸᠧ ᠯᠦᠩ ᠵᠢᠤᠢ ᠰᠠᠭᠤᠭᠠᠯᠢ ᠲᠣᠭᠤᠷᠢᠭ᠂ ᠶᠢᠨ ᠰᠢᠨ ᠶᠤᠸᠠᠨ ᠰᠠᠭᠤᠭᠠᠯᠢ ᠲᠣᠭᠤᠷᠢᠭ︶ ᠪᠣᠶ᠃      ᠪᠥᠬᠦ ᠲᠤᠭᠤᠷᠢᠭ ᠤᠨ ᠳᠤᠮᠳᠠ ᠲᠦᠭᠰᠢᠭᠦᠷᠢ ᠪᠠ ᠲᠦᠭᠰᠢᠭᠦᠷᠢ ᠶᠡᠬᠡᠲᠡᠶ ᠣᠷᠣᠨ ᠠᠴᠠ ᠪᠤᠰᠤᠳ ᠭᠠᠵᠠᠷ ᠣᠷᠣᠨ ᠢ ᠲᠦᠭᠰᠢᠭᠦᠷᠢ ᠪᠠᠭᠠᠲᠠᠶ ᠣᠷᠣᠨ ᠭᠡᠨ᠎ᠡ᠃     ᠳᠤᠮᠳᠠ ᠲᠦᠭᠰᠢᠭᠦᠷᠢ ᠪᠠ ᠲᠦᠭᠰᠢᠭᠦᠷᠢ ᠶᠡᠬᠡᠲᠡᠶ ᠣᠷᠣᠨ ᠨᠢ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠨᠢᠭᠤᠷ︶︾᠎ ᠤᠨ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ᠂ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃         ᠲᠣᠰ ᠵᠠᠷᠯᠠᠯ ᠢ ᠨᠡᠶᠢᠲᠡᠯᠡᠭᠰᠡᠨ ᠴᠠᠭ ᠠᠴᠠ ᠡᠬᠢᠯᠡᠨ ᠬᠡᠷᠡᠭᠵᠢᠭᠦᠯᠵᠦ᠂ ᠵᠠᠯᠭᠠᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠴᠠᠭ ᠲᠤᠬᠠᠶ ᠳᠤᠨᠢ ᠲᠣᠬᠢᠷᠠᠭᠤᠯᠤᠯᠲᠠ ᠬᠢᠬᠦ ᠪᠣᠯᠤᠨ᠎ᠠ᠃       ᠡᠭᠦᠨ ᠤ ᠲᠤᠯᠠ ᠣᠨᠴᠠᠭᠠᠶᠢᠯᠠᠨ ᠵᠠᠷᠯᠠᠪᠠ᠃ᠬᠠᠶᠢᠷᠤᠪ ᠤᠨ ᠲᠤᠬᠤᠢ ᠲᠤᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                  2022 ᠣᠨ ᠤ 10 ᠰᠠᠷ᠎ᠠ ᠶᠢᠨ 26᠎ ᠤ ᠡᠳᠤᠷ 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号