ᠨᠠᠶᠢᠳᠠᠪᠤᠷᠢᠵᠢᠭᠤᠯᠤᠯᠲᠠ ᠶᠢᠨ ᠲᠤᠬᠠᠶ ② ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠶ ᠥᠭᠦᠯᠡᠬᠦ ᠨᠢ
ᠨᠡᠶᠢᠲᠡᠯᠡᠭᠰᠡᠨ ᠴᠠᠭ᠄
2022/10/29
      ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠭᠦᠸᠧ ᠵᠧᠨ ᠠᠢ ᠄ ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠨᠠᠮ ᠪᠣᠯᠤᠨ ᠤᠯᠤᠰ ᠤᠨ ᠦᠢᠯᠡᠰ ᠤᠨ ᠤᠷᠤᠭᠰᠢᠯᠠᠯᠲᠠ ᠶᠢᠨ ᠴᠢᠭᠯᠡᠯ ᠢ ᠤᠯᠠᠮ ᠴᠢᠨᠠᠭᠰᠢᠳᠠ ᠲᠣᠳᠣᠷᠬᠠᠢ ᠵᠢᠭᠠᠪᠠ᠂ ᠡᠨᠡ ᠪᠣᠯ ᠮᠠᠨ ᠤ ᠨᠠᠮ ᠤᠨ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠲᠠᠶᠢᠴᠢᠯᠠᠵᠤ ᠰᠢᠨ᠎ᠡ ᠴᠠᠭ ᠦᠶ᠎ᠡ ᠰᠢᠨ᠎ᠡ ᠠᠶᠠᠨ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠤᠯᠤᠰ ᠲᠦᠷᠦ ᠶᠢᠨ ᠲᠤᠩᠬᠠᠭ ᠪᠣᠯᠤᠨ ᠠᠵᠢᠯᠯᠠᠭᠠᠨ ᠤ ᠬᠥᠲᠥᠯᠪᠦᠷᠢ ᠪᠣᠯᠤᠨ᠎ᠠ᠃ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠪᠣᠯᠤᠭᠰᠠᠨ ᠤ ᠬᠤᠪᠢ ᠳᠤ᠂ ᠪᠢ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠱᠠᠭᠠᠷᠳᠠᠯᠭ᠎ᠠ ᠪᠣᠯᠤᠨ ᠪᠠᠶᠢᠷᠢᠯᠠᠭᠤᠯᠤᠯᠲᠠ ᠲᠠᠢ ᠦᠨᠡᠨᠬᠦ ᠨᠢᠭᠡᠳᠬᠡᠵᠦ᠂ ᠬᠦᠴᠦᠨ ᠴᠢᠳᠠᠯ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠬᠤ ᠳᠡᠭᠡᠷ᠎ᠡ ᠨᠢᠭᠲᠠᠷᠠᠭᠤᠯᠵᠤ᠂ ᠨᠠᠮ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠦᠨᠳᠦᠰᠦᠨ ᠱᠠᠲᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠳᠡᠭᠡᠭᠰᠢᠯᠡᠭᠦᠯᠬᠦ᠂ ︿ᠨᠢᠭᠡ ᠬᠤᠷᠰᠢᠶ᠎ᠠ ᠳᠤ ᠨᠢᠭᠡ ᠵᠢᠯ ᠳᠤ ᠨᠢᠭᠡ ᠶᠠᠪᠤᠳᠠᠯ ᠬᠢᠬᠦ﹀᠂ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ  ᠤᠶᠢᠯᠡᠴᠢᠯᠡᠭᠡ᠂ ︿ᠨᠢᠭᠡ ᠮᠦᠴᠡᠳᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ﹀ ᠵᠡᠷᠭᠡ ᠲᠠᠯ᠎ᠠ ᠪᠠᠷ ᠦᠷᠭᠦᠯᠵᠢᠯᠡᠨ ᠴᠢᠷᠮᠠᠶᠢᠵᠤ᠂ ᠳᠠᠬᠢᠨᠲᠠ ᠬᠦᠴᠦᠯᠡᠨ ᠴᠢᠷᠮᠠᠶᠢᠵᠤ᠂ ︿ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ﹀ ᠳᠤᠮᠳᠠ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠲᠦᠮᠡᠨ ᠤ ᠠᠮᠢᠳᠤᠷᠠᠯ ᠳᠤ ᠲᠠᠯᠪᠢᠵᠤ ᠪᠠᠶᠢᠭ᠎ᠠ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠰᠢᠨ᠎ᠡ ︿ᠰᠢᠯᠭᠠᠯᠲᠠ ᠳᠤ ᠣᠷᠣᠯᠴᠠᠬᠤ﹀ ᠵᠠᠮ ᠳᠡᠭᠡᠷ᠎ᠡ ᠲᠠᠰᠢᠭᠤᠷ ᠡᠷᠭᠦᠨ ᠡᠷᠡᠯᠬᠡᠭᠯᠡᠨ ᠤᠷᠤᠭᠰᠢᠯᠠᠵᠤ᠂ ᠪᠣᠳᠠᠲᠠᠢ ᠠᠵᠢᠯᠯᠠᠪᠠᠯ ᠤᠯᠤᠰ ᠣᠷᠣᠨ ᠮᠠᠨᠳᠤᠵᠤ᠂ ᠨᠠᠮ ᠪᠣᠯᠤᠨ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ︾ ᠭᠡᠵᠦ ᠬᠡᠯᠡᠪᠡ᠃       ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ  ᠲᠤᠪᠴᠢᠶ᠎ᠠ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠶᠢᠨ ᠳᠠᠷᠤᠭ᠎ᠠ ᠰᠦᠩ ᠬᠠᠢ ᠮᠢᠩ᠄ ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠬᠥᠮᠦᠰ ᠤᠨ ᠰᠡᠳᠬᠢᠯ ᠢ ᠵᠣᠷᠢᠭᠵᠢᠭᠤᠯᠵᠤ᠂ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠤᠨ᠎ᠠ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠤᠪᠴᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ᠎ᠠ ᠮᠡᠳᠡᠭᠦᠯᠦᠯᠲᠡ ᠳᠤ ᠳᠤᠷᠠᠳᠤᠭᠰᠠᠨ ᠨᠢ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠬᠤ ᠪᠣᠯ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠬᠥᠭᠵᠢᠨ ᠪᠤᠵᠠᠭᠠᠢᠢᠷᠠᠬᠤ ᠶᠢᠨ ᠵᠠᠶᠢᠯᠠᠰᠢ ᠦᠭᠡᠶ ᠶᠠᠪᠤᠬᠤ ᠵᠠᠮ ᠮᠥᠨ᠂ ᠳᠠᠷᠠᠭᠠᠴᠢ ᠶᠢᠨ ᠠᠯᠬᠤᠮ ᠳᠤ᠂ ᠪᠢᠳᠡ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠳᠤᠷᠠᠳᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠵᠠᠮᠨᠠᠵᠤ᠂ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠰᠠᠭᠤᠷᠢᠨ ᠢ ᠲᠦᠷᠭᠡᠨ ᠪᠠᠶᠢᠭᠤᠯᠵᠤ᠂ ᠰᠢᠨ᠎ᠡ ᠡᠨᠧᠷᠭᠢ ᠶᠢᠨ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠢᠯᠠᠩᠭᠤᠶ᠎ᠠ ᠭᠡᠷᠡᠯ ᠴᠡᠨᠡᠭ ᠤᠨ ᠲᠤᠨᠤᠭ ᠲᠥᠬᠦᠭᠡᠷᠦᠮᠵᠢ ᠦᠢᠯᠡᠳᠬᠦ ᠲᠠᠯ᠎ᠠ ᠪᠠᠷ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠡᠭᠦᠨ ᠤ ᠤᠯᠠᠮ ᠠᠴᠠ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠬᠤ ᠠᠯᠬᠤᠴᠠ ᠶᠢ ᠲᠦᠷᠭᠡᠳᠬᠡᠨ ᠠᠬᠢᠭᠤᠯᠵᠤ᠂ ᠰᠢᠨ᠎ᠡ ᠠᠶᠠᠨ ᠵᠠᠮ ᠳᠠᠭᠠᠨ ᠬᠠᠶᠢᠷᠤᠪ ᠤᠨ ᠲᠤᠬᠤᠢ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ︾ ᠭᠡᠵᠦ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号