ᠨᠠᠶᠢᠳᠠᠪᠤᠷᠢᠵᠢᠭᠤᠯᠤᠯᠲᠠ ᠶᠢᠨ ᠲᠤᠬᠠᠶ ③ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠶ ᠥᠭᠦᠯᠡᠬᠦ ᠨᠢ
ᠨᠡᠶᠢᠲᠡᠯᠡᠭᠰᠡᠨ ᠴᠠᠭ᠄
2022/10/31
      ᠬᠠᠶᠢᠷᠤᠪ ᠤᠨ ᠲᠤᠬᠤᠢ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠤᠪᠴᠢᠶᠠᠨ ᠳᠠᠷᠤᠭ᠎ᠠ ᠵᠠᠩ ᠵᠢᠢ ᠰᠢᠶᠦ᠋ᠩ᠄ ︽ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠡᠭᠡᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠵᠦ ᠭᠦᠨᠵᠡᠭᠡᠢ ᠵᠢᠭᠠᠵᠤ ᠭᠠᠷᠭᠠᠪᠠ᠃ ᠡᠨᠡ ᠨᠢ ᠪᠦᠬᠦ ᠴᠡᠷᠢᠭ ᠠᠴᠠ ᠬᠠᠯᠠᠭᠳᠠᠭᠰᠠᠳ ᠢ ᠬᠢᠵᠠᠭᠠᠯᠠᠰᠢ ᠦᠭᠡᠶ ᠬᠠᠯᠠᠮᠵᠢᠯᠠᠵᠤ ᠪᠠᠶᠢᠭ᠎ᠠ ᠶᠠᠪᠤᠳᠠᠯ ᠮᠥᠨ᠂ ᠮᠥᠨᠴᠦ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠲᠠᠬᠢᠨ ᠲᠠᠶᠢᠴᠢᠯᠠᠯᠳᠠ᠂ ᠲᠠᠬᠢᠨ ᠪᠠᠶᠢᠷᠢᠯᠠᠭᠤᠯᠤᠯᠲᠠ ᠪᠣᠯᠤᠨ᠎ᠠ᠂ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠵᠤ᠂ ᠬᠠᠶᠢᠷᠤᠪ ᠤᠨ ᠳᠤᠬᠤᠢ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠰᠢᠰᠲ᠋ᠧᠮ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠤᠱᠯᠠᠭᠤᠯᠵᠤ ᠂ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠪᠦᠬᠦ ᠲᠠᠯ᠎ᠠ ᠪᠠᠷ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ︽ᠬᠦᠳᠦᠯᠦᠨ ᠳᠠᠭᠠᠭᠤᠯᠬᠤ︾᠎ ᠪᠠᠷ ᠭᠤᠣᠯᠳᠠᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠢ ᠴᠢᠩᠭᠠᠳᠬᠠᠨ᠎ᠠ᠃ ︽ᠨᠠᠶᠢᠳᠠᠪᠤᠷᠢᠵᠢᠭᠤᠯᠬᠤ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ ︽ᠶᠠᠰᠤ ᠴᠢᠨᠠᠷ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠣᠯᠭᠤᠵᠤ ᠲᠥᠪᠬᠢᠨᠡᠭᠦᠯᠬᠦ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ︽ᠨᠠᠷᠢᠯᠢᠭ ᠣᠨᠣᠴᠠᠲᠠᠶ︾ ᠪᠠᠶᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠭᠤᠮᠵᠢ ᠶᠢᠨ ᠪᠠᠲᠤᠯᠠᠭ᠎ᠠ ᠶᠢ ᠨᠠᠷᠢᠨ ᠨᠢᠮᠪᠠᠶ ᠨᠠᠶᠢᠳᠠᠪᠤᠷᠢᠵᠢᠭᠤᠯᠬᠤ ᠬᠡᠷᠡᠭᠲᠡᠶ︔ ︽ᠲᠠᠶᠢᠨ ᠳᠤ ᠪᠡᠯᠡᠳᠬᠡᠬᠦ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠠᠵᠢᠯ ᠢ ᠭᠦᠨᠵᠡᠭᠡᠶ ᠬᠢᠨ᠎ᠠ᠃ ᠮᠠᠨ ᠤ ᠲᠣᠪᠴᠢᠶ᠎ᠠ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠬᠦᠷᠢᠶ᠎ᠡ ᠶᠢ ᠦᠷᠭᠦᠯᠵᠢᠯᠡᠨ ᠥᠷᠭᠡᠳᠬᠡᠵᠦ᠂ ᠴᠡᠷᠢᠭ ᠢᠶᠠᠨ ᠬᠦᠷᠢᠶᠡᠯᠡᠬᠦ ᠠᠭᠤᠷ ᠠᠮᠢᠰᠬᠤᠯ ᠢ ᠪᠤᠢ ᠪᠣᠯᠭᠠᠵᠤ᠂ ᠴᠡᠷᠢᠭ ᠠᠴᠠ ᠬᠠᠯᠠᠭᠳᠠᠭᠰᠠᠳ ᠪᠠ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ ᠨᠡᠩ ᠪᠦᠬᠦ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠴᠡᠷᠢᠭ ᠠᠴᠠ ᠬᠠᠯᠠᠭᠳᠠᠭᠰᠠᠳ ᠤᠨ ᠬᠠᠮᠲᠤᠯᠢᠭ ᠤᠨ ᠬᠦᠨᠳᠦᠳᠬᠡᠬᠦ ᠰᠡᠳᠬᠢᠯᠭᠡ᠂ ᠢᠷᠠᠭᠤ ᠠᠯᠳᠠᠷ ᠤᠨ ᠰᠡᠳᠬᠢᠯᠭᠡ᠂ ᠵᠣᠯ ᠵᠢᠷᠭᠠᠯᠲᠤ ᠰᠡᠳᠬᠢᠯᠭᠡ ᠶᠢ ᠲᠠᠰᠤᠷᠠᠯᠳᠠ ᠦᠭᠡᠢ ᠨᠡᠮᠡᠭᠳᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ  ᠨᠠᠶᠢᠳᠠᠪᠤᠷᠢᠵᠢᠭᠤᠯᠬᠤ ᠶᠢ ᠦᠨᠡᠨ ᠬᠦ ᠲᠦᠯᠬᠢᠨ ᠠᠬᠢᠭᠤᠯᠤᠨ᠎ᠠ︾ ᠭᠡᠵᠦ ᠵᠢᠭᠠᠵᠤ ᠭᠠᠷᠭᠠᠪᠠ᠃       ᠬᠠᠶᠢᠷᠤᠪ ᠤᠨ ᠲᠤᠬᠤᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠶᠢᠨ ᠳᠠᠷᠤᠭ᠎ᠠ ᠰᠢᠩ ᠶᠤᠸᠠᠢ ᠶᠢᠩ᠄ ︽ᠪᠢ ᠴᠢᠩᠭ᠎ᠠ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡ ᠶᠢᠨ ᠡᠭᠦᠷᠭᠡᠲᠦ ᠰᠡᠳᠬᠢᠯᠭᠡ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠠᠵᠢᠯ ᠢ ᠰᠠᠶᠢᠲᠤᠷ ᠠᠳᠬᠤᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠦᠨᠡᠨᠬᠦ ᠨᠢᠭᠡᠳᠬᠡᠵᠦ᠂ ᠤᠯᠤᠰ ᠲᠦᠷᠦ ᠶᠢᠨ ᠦᠨᠡᠨᠴᠢ ᠰᠢᠳᠤᠷᠭᠤ ᠶᠢ ᠪᠠᠲᠤᠳᠬᠠᠵᠤ᠂ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶᠡᠨ ᠤ ᠠᠵᠢᠯ ᠲᠠᠢ ᠤᠶᠠᠯᠳᠤᠭᠤᠯᠤᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠬᠡᠷᠡᠭᠯᠡᠭᠡᠨ ᠤ ᠪᠠᠶᠢᠳᠠᠯ ᠢ ᠪᠠᠶᠠᠯᠢᠭᠵᠢᠭᠤᠯᠤᠨ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠢ ᠥᠷᠭᠡᠳᠬᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠣᠷᠣᠨ ᠪᠦᠰᠡ ᠶᠢᠨ ᠬᠡᠷᠡᠭᠯᠡᠭᠡᠨ ᠤ ᠲᠡᠰ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ︔ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠤᠶᠢᠯ ᠢᠶᠠᠷ ᠭᠠᠷᠳᠠᠴᠠ ᠪᠣᠯᠭᠠᠵᠤ᠂ ᠬᠤᠲᠠ ᠬᠥᠳᠡᠭᠡ ᠶᠢᠨ ᠬᠦᠴᠦᠨ ᠵᠤᠶᠢᠯ ᠤᠨ ᠭᠦᠢᠯᠭᠡᠭᠡ ᠶᠢ ᠰᠠᠭᠠᠳ ᠥᠬᠡᠶ ᠨᠡᠪᠲᠡᠷᠡᠭᠦᠯᠦᠨ᠎ᠡ ᠃ ᠬᠡᠷᠡᠭᠯᠡᠭᠡ ᠶᠢ ᠠᠬᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠵᠤ᠂ ᠬᠤᠳᠠᠯᠳᠤᠭᠠᠨ ᠤ ᠶᠠᠪᠤᠳᠠᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ︾ ᠭᠡᠵᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号