ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠡᠰᠡᠭ ᠣᠷᠣᠨ ᠪᠦᠰᠡ ᠶᠢᠨ ᠠᠶᠤᠯ ᠲᠦᠭᠰᠢᠭᠦᠷᠢ ᠶᠢᠨ ᠳᠡᠰ ᠲᠤ ᠲᠣᠬᠢᠷᠠᠭᠤᠯᠤᠯᠲᠠ ᠬᠢᠬᠦ ᠲᠤᠬᠠᠶ  ᠵᠠᠷᠯᠠᠯ
ᠨᠡᠶᠢᠲᠡᠯᠡᠭᠰᠡᠨ ᠴᠠᠭ᠄
2022/10/31
      2022 ᠣᠨ ᠤ 10 ᠳ᠋ᠤᠭᠠᠷ ᠰᠠᠷ᠎ᠠ ᠶᠢᠨ 30᠎ ᠤ ᠡᠳᠦᠷ᠂ ᠮᠠᠨ ᠤ ᠲᠤᠭᠤᠷᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠨᠢᠭᠤᠷ︶︾᠎ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠶᠡᠷᠦᠩᠬᠡᠶᠢᠯᠡᠨ ᠦᠨᠡᠯᠡᠨ ᠵᠢᠱᠢᠵᠦ ᠰᠤᠳᠤᠯᠤᠨ ᠮᠠᠭᠠᠳᠯᠠᠬᠤ ᠪᠠᠷ ᠳᠡᠮᠵᠢᠨ᠂ 2022 ᠣᠨ ᠤ 10 ᠳ᠋ᠤᠭᠠᠷ ᠰᠠᠷ᠎ᠠ ᠶᠢᠨ 30᠎ ᠤ ᠡᠳᠦᠷ ᠠᠴᠠ ᠡᠬᠢᠯᠡᠨ᠂ ᠬᠠᠷᠢᠶᠠᠲᠤ ᠣᠷᠣᠨ ᠤ ᠳᠣᠲᠣᠷᠠᠬᠢ ᠲᠦᠭᠰᠢᠭᠦᠷᠢ ᠶᠢᠨ ᠣᠷᠣᠨ ᠪᠦᠰᠡ ᠳᠤ ᠳᠣᠤᠷᠠᠬᠢ ᠮᠡᠲᠦ ᠲᠣᠬᠢᠷᠠᠭᠤᠯᠤᠯᠲᠠ ᠬᠢᠬᠦ ᠪᠠᠷ ᠲᠣᠭᠲᠠᠪᠠ᠄       ᠨᠢᠭᠡ᠂ ᠲᠦᠭᠰᠢᠭᠦᠷᠢ ᠶᠡᠬᠡᠲᠡᠶ ᠣᠷᠣᠨ ᠢ ᠳᠤᠮᠳᠠ ᠲᠦᠭᠰᠢᠭᠦᠷᠢ ᠲᠠᠢ ᠣᠷᠣᠨ ︵1︶ ᠪᠣᠯᠭᠠᠨ ᠳᠣᠭᠢᠷᠠᠭᠤᠯᠪᠠ᠄ ᠶᠢᠨ ᠰᠢᠨ ᠶᠤᠸᠠᠨ ᠨᠡᠶᠢᠲᠡ ᠶᠢᠨ ᠪᠠᠶᠢᠷᠢ᠃       ᠬᠤᠶᠠᠷ᠂ ᠳᠤᠮᠳᠠ ᠠᠶᠤᠯ ᠲᠦᠭᠰᠢᠭᠦᠷᠢᠲᠦ ᠣᠷᠣᠨ ᠢ ᠳᠣᠤᠷ᠎ᠠ ᠠᠶᠤᠯ ᠲᠦᠭᠰᠢᠭᠦᠷᠢᠲᠦ ᠣᠷᠣᠨ ︵2︶ ᠪᠣᠯᠭᠠᠨ ᠳᠣᠭᠢᠷᠠᠭᠤᠯᠪᠠ᠄ ᠬᠤᠸᠠ ᠴᠠᠩ ᠪᠠᠭ᠎ᠠ ᠲᠣᠭᠤᠷᠢᠭ᠂  ᠸᠧ ᠯᠦᠩ ᠵᠢᠤᠢ ᠪᠠᠭ᠎ᠠ ᠲᠣᠭᠤᠷᠢᠭ᠃       ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠬᠠᠶᠢᠷᠤᠪ ᠤᠨ ᠲᠤᠬᠤᠢ ᠲᠣᠭᠤᠷᠢᠭ ᠲᠤ ᠣᠳᠣᠬᠠᠨ ᠳᠤ᠄       ᠳᠤᠮᠳᠠ ᠲᠦᠭᠰᠢᠭᠦᠷᠢ ᠶᠢᠨ ᠤᠷᠤᠨ 2 ︵᠎ ᠶᠢᠨ ᠰᠢᠨ ᠶᠤᠸᠠᠨ ᠨᠡᠶᠢᠲᠡ ᠶᠢᠨ ᠰᠠᠭᠤᠴᠠ᠂  ᠰᠢ ᠶᠤᠸᠠᠨ ᠵᠢᠵᠢᠭ ᠲᠣᠭᠤᠷᠢᠭ︶ ᠪᠣᠶ᠃       ᠪᠥᠬᠦ ᠲᠤᠭᠤᠷᠢᠭ ᠳᠤᠮᠳᠠ ᠲᠦᠭᠰᠢᠭᠦᠷᠢ ᠲᠠᠢ ᠣᠷᠣᠨ ᠠᠴᠠ ᠪᠤᠰᠤᠳ ᠭᠠᠵᠠᠷ ᠣᠷᠣᠨ ᠢ ᠲᠦᠭᠰᠢᠭᠦᠷᠢ ᠪᠠᠭᠠᠲᠠᠶ ᠣᠷᠣᠨ ᠭᠡᠨ᠎ᠡ᠃       ᠳᠤᠮᠳᠠ ᠲᠦᠭᠰᠢᠭᠦᠷᠢᠲᠦ ᠣᠷᠣᠨ ᠳᠤ ︽ᠰᠢᠨ᠎ᠡ  ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠨᠢᠭᠤᠷ︶︾᠎ ᠤᠨ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ᠂ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃      ᠲᠣᠰ ᠵᠠᠷᠯᠠᠯ ᠢ ᠨᠡᠶᠢᠲᠡᠯᠡᠭᠰᠡᠨ ᠴᠠᠭ ᠠᠴᠠ ᠡᠬᠢᠯᠡᠨ ᠬᠡᠷᠡᠭᠵᠢᠭᠦᠯᠵᠦ᠂ ᠵᠠᠯᠭᠠᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠴᠠᠭ ᠲᠤᠬᠠᠶ ᠳᠤᠨᠢ ᠲᠣᠬᠢᠷᠠᠭᠤᠯᠤᠯᠲᠠ ᠬᠢᠬᠦ ᠪᠣᠯᠤᠨ᠎ᠠ᠃       ᠡᠭᠦᠨ ᠤ ᠲᠤᠯᠠ ᠣᠨᠴᠠᠭᠠᠶᠢᠯᠠᠨ ᠵᠠᠷᠯᠠᠪᠠ᠃ ᠬᠠᠶᠢᠷᠤᠪ ᠤᠨ ᠲᠤᠬᠤᠢ ᠲᠤᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ            2022 ᠣᠨ ᠤ 10 ᠰᠠᠷ᠎ᠠ ᠶᠢᠨ 30᠎ ᠤ ᠡᠳᠤᠷ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号