ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠪᠠᠶᠠᠷ ᠤᠨ ᠳᠠᠷᠠᠭᠠᠬᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠱᠠᠯᠠᠪᠳᠠᠭᠤᠯᠤᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2022/10/9
     ᠰᠤᠷᠭᠠᠭᠤᠯᠢ ᠶᠢᠨ ᠬᠦᠷᠢᠶᠡᠨ ᠤ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠲᠥᠯᠥᠭᠡ᠂ 2022 ᠣᠨ ᠤ 10 ᠰᠠᠷ᠎ᠠ ᠶᠢᠨ 8᠎ ᠤ ᠡᠳᠦᠷ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭᠠᠬᠢ ᠠᠵᠢᠯ ᠳᠤ ᠭᠠᠷᠤᠭᠰᠠᠨ ᠠᠩᠬᠠᠨ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠭᠤᠤᠯ ᠤᠳᠤᠷᠢᠳᠤᠯᠭ᠎ᠠ ᠪᠦᠯᠬᠦᠮ ᠳᠠᠭᠠᠭᠤᠯᠤᠨ᠂ ᠲᠣᠭᠤᠷᠢᠭ ᠤᠨ ᠬᠠᠷᠢᠶ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠲᠤ ︽ᠲᠦᠷᠪᠡ ᠦᠭᠡᠢ ᠬᠤᠶᠠᠷ   ᠰᠢᠭᠤᠤᠡ︾ ᠬᠡᠯᠪᠡᠷᠢ ᠪᠠᠷ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠰᠢᠪᠠᠳᠠᠨ ᠪᠠᠶᠢᠴᠠᠭᠠᠪᠠ᠃     ᠪᠠᠶᠢᠴᠠᠭᠠᠬᠤ ᠶᠠᠪᠤᠴᠠ ᠳᠤ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠠᠷᠤᠭ᠎ᠠ ᠵᠠᠩ ᠴᠦᠨ ᠫᠢᠩ ᠪᠠᠶᠠᠷ ᠤᠨ ᠳᠠᠷᠠᠭᠠᠬᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠳᠤ ᠴᠢᠭᠯᠡᠭᠦᠯᠦᠨ ᠪᠣᠳᠠᠲᠠᠶ ᠱᠠᠭᠠᠷᠳᠠᠯᠭ᠎ᠠ ᠳᠤᠷᠠᠳᠪᠠ᠃ ᠨᠢᠭᠡ ᠳᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠤᠤᠷᠴᠢᠯᠠᠭᠰᠠᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ᠡᠭᠦᠳᠡᠨ ᠬᠠᠷᠠᠭᠤᠯ ᠤᠨ ᠬᠠᠮᠢᠶᠠᠷᠤᠯᠲᠠ ᠶᠢᠨ ᠲᠦᠷᠢᠮ ᠢ ᠴᠢᠩᠳᠠᠯᠠᠵᠤ ᠂ ᠬᠥᠮᠦᠨ ᠣᠷᠣᠵᠤ ᠭᠠᠷᠬᠤ ᠳᠤ ᠳᠡᠩᠰᠡᠯᠡᠯᠲᠡ ᠲᠠᠢ᠂ ᠬᠢᠴᠢᠶᠡᠯ ᠤᠨ ᠵᠠᠪᠰᠠᠷᠯᠠᠭ᠎ᠠ ᠶᠢᠨ ᠳᠠᠷᠠᠭ᠎ᠠ ᠲᠣᠭᠤᠷᠢᠨ ᠪᠠᠶᠢᠴᠠᠭᠠᠬᠤ ᠶᠢ ᠪᠡᠶᠡᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠢᠴᠢ ᠬᠠᠯᠳᠠᠪᠤᠷᠢᠲᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠲᠤᠷ ᠬᠢᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠬᠠᠮᠢᠶ᠎ᠠ ᠥᠬᠡᠶ ᠬᠥᠮᠦᠰ ᠴᠥᠮ ᠰᠤᠷᠭᠠᠭᠤᠯᠢ ᠶᠢᠨ ᠬᠦᠷᠢᠶᠡᠨ ᠳᠤ ᠣᠷᠣᠵᠤ ᠪᠣᠯᠬᠤ ᠥᠬᠡᠶ᠂ ᠰᠤᠷᠭᠠᠭᠤᠯᠢ ᠶᠢᠨ ᠬᠦᠷᠢᠶᠡᠨ ᠳᠤ ᠤᠷᠤᠭᠰᠠᠨ ᠬᠥᠮᠦᠰ ᠲᠤ ᠺᠣᠳ᠋ ᠰᠢᠷᠪᠢᠬᠦ᠂ ᠪᠡᠶ᠎ᠡ ᠶᠢᠨ ᠳᠤᠯᠠᠭᠠᠨ ᠤ ᠬᠡᠮᠵᠢᠯᠲᠡ ᠬᠢᠬᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠭᠡᠷᠡᠴᠢ ᠵᠡᠷᠭᠡ ᠶᠢ ᠪᠠᠶᠢᠴᠠᠭᠠᠨ ᠦᠵᠡᠵᠦ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠰᠤᠷᠤᠭᠴᠢᠳ ᠤᠨ ᠭᠠᠳᠠᠭᠰᠢ ᠭᠠᠷᠤᠭᠰᠠᠨ ᠪᠠᠶᠢᠳᠠᠯ ᠢ ᠬᠤᠷᠢᠶᠠᠩᠭᠤᠶᠢᠯᠠᠨ ᠳᠡᠭᠡᠭᠰᠢ ᠮᠡᠳᠡᠭᠦᠯᠬᠦ ᠬᠡᠷᠡᠭᠲᠡᠶ᠃ ᠭᠤᠷᠪᠠ ᠳᠤ ᠭᠠᠯ ᠤᠨᠲᠠᠷᠠᠭᠠᠬᠤ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠵᠡᠷᠭᠡ ᠤᠬᠠᠭᠤᠯᠭ᠎ᠠ ᠶᠢᠨ ᠠᠵᠢᠯ ᠢ ᠥᠷᠨᠢᠭᠦᠯᠵᠦ᠂ ᠡᠯ᠎ᠡ ᠲᠦᠷᠦᠯ ᠤᠨ ᠠᠮᠤᠷ ᠲᠦᠪᠰᠢᠨ ᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠳᠥᠷᠪᠡ ᠳᠤ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠪᠠᠶᠢᠳᠠᠯ ᠢ ᠵᠢᠭᠰᠠᠭᠠᠨ ᠪᠠᠶᠢᠴᠠᠭᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ︽ᠬᠠᠮᠠᠭᠠᠯᠠᠯᠲᠠ ᠶᠢᠨ ᠲᠣᠤᠷ︾᠎ ᠢ ᠢᠳᠡᠪᠬᠢᠲᠡᠶ ᠪᠠᠶᠢᠭᠤᠯᠤᠨ᠎ᠠ᠃ ᠡᠯ᠎ᠡ ᠰᠤᠷᠭᠠᠭᠤᠯᠢ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠵᠦ᠂ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠤᠷ ᠲᠦᠪᠰᠢᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠵᠢᠯ ᠢ ᠴᠠᠭ ᠢᠮᠠᠭᠲᠠ ᠪᠣᠳᠠᠲᠠᠢ ᠠᠳᠬᠤᠨ ᠴᠢᠩᠭ᠎ᠠ ᠠᠳᠬᠤᠪᠠ᠃ ᠪᠠᠭᠰᠢ ᠰᠤᠷᠤᠭᠴᠢᠳ ᠤᠨ ᠠᠮᠤᠷ ᠲᠦᠪᠰᠢᠨ᠂ ᠰᠤᠷᠭᠠᠭᠤᠯᠢ ᠶᠢᠨ ᠬᠦᠷᠢᠶᠡᠨ ᠤ ᠲᠣᠭᠲᠠᠭᠤᠨ᠂ ᠡᠮᠬᠢ ᠳᠢᠭᠯᠢᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠤᠷᠤᠭᠴᠢᠳ ᠢ ᠰᠠᠨᠠᠭ᠎ᠠ ᠠᠮᠤᠷ᠂ ᠬᠡᠷ ᠤᠨ ᠠᠬᠠᠮᠠᠳ ᠢ ᠰᠠᠨᠠᠭ᠎ᠠ ᠠᠮᠤᠷ ᠪᠠᠶᠢᠯᠭᠠᠬᠤ ᠠᠮᠤᠷ ᠲᠦᠪᠰᠢᠨ ᠰᠤᠷᠭᠠᠭᠤᠯᠢ ᠶᠢᠨ ᠬᠦᠷᠢᠶ᠎ᠡ ᠶᠢ ᠴᠢᠷᠮᠠᠶᠢᠨ ᠪᠠᠶᠢᠭᠤᠯᠬᠤ ᠬᠡᠷᠡᠭᠲᠡᠶ᠃    ᠲᠣᠰ ᠤᠳᠠᠭᠠᠨ ᠤ ᠠᠮᠤᠷ ᠲᠦᠪᠰᠢᠨ ᠤ ᠰᠢᠪᠠᠳᠠᠨ ᠪᠠᠶᠢᠴᠠᠭᠠᠯᠲᠠ ᠶᠢᠨ ᠠᠵᠢᠯ ᠨᠢ ᠰᠤᠷᠭᠠᠭᠤᠯᠢ ᠶᠢᠨ ᠬᠠᠮᠢᠶᠠᠷᠤᠯᠲᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠤᠷᠤᠭᠰᠢᠲᠠᠶ ᠬᠤᠷᠠᠯᠳᠤᠬᠤ ᠳᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠭᠰᠡᠨ ᠪᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号