ᠨᠠᠶᠢᠳᠠᠪᠤᠷᠢᠵᠢᠭᠤᠯᠤᠯᠲᠠ ᠶᠢᠨ ᠲᠤᠬᠠᠶ ᠥᠭᠦᠯᠡᠬᠦ ᠨᠢ ④ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠶ ᠥᠭᠦᠯᠡᠬᠦ ᠨᠢ
ᠨᠡᠶᠢᠲᠡᠯᠡᠭᠰᠡᠨ ᠴᠠᠭ᠄
2022/11/1
       ᠬᠠᠶᠢᠷᠤᠪ ᠤᠨ ᠲᠤᠬᠤᠢ ᠲᠣᠭᠤᠷᠢᠭ ᠤᠨ ᠪᠢᠨ ᠾᠧ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ  ᠬᠤᠷᠢᠶᠠᠨ ᠤ ᠱᠦᠵᠢ ᠪᠢᠶᠠᠨ ᠢᠦᠢ᠄ ︽ᠨᠠᠮ ᠤᠨ ᠬᠤᠷᠢᠳᠤᠭᠠᠷ ᠶᠡᠭᠡ ᠬᠤᠷᠠᠯ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠮᠥᠴᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠶᠡᠭᠡ ᠬᠤᠷᠠᠯ ᠪᠣᠯᠤᠨ᠎ᠠ᠃ ᠠᠷᠪᠠᠨ ᠵᠢᠯ ᠤᠨ ᠲᠤᠷᠰᠢ᠂ ᠪᠢᠨ ᠡᡁᠧ ᠵᠡᠭᠡᠯᠢ ᠭᠤᠳᠤᠮᠵᠢ ᠶᠢᠨ ᠬᠢᠨ ᠬᠡᠢ ᠬᠤᠭᠤᠰᠣᠨ ᠪᠤᠳᠤᠯ ᠢ ᠦᠯᠦ ᠬᠥᠭᠡᠭᠡᠴᠡᠯᠳᠦᠵᠦ᠂ ᠬᠡᠶᠢᠰᠪᠦᠷᠢ ᠶᠠᠭᠤᠮ᠎ᠠ ᠶᠢ ᠦᠯᠦ ᠬᠥᠭᠡᠭᠡᠴᠡᠯᠳᠦᠵᠦ᠂ ᠨᠢᠭᠡ ᠨᠢᠭᠡ ᠠᠯᠬᠤᠮ ᠢᠶᠠᠷ ᠯᠠᠪᠳᠠᠭᠤᠨ ᠪᠠᠲᠤᠲᠠᠢ ᠠᠵᠢᠯᠯᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠵᠣᠷᠢᠭ ᠰᠠᠨᠠᠭ᠎ᠠ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠣᠪᠣᠷ ᠪᠠᠶᠢᠳᠠᠯ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠬᠤ ᠭᠤᠣᠯ ᠬᠦᠭ ᠠᠶᠠᠰ ᠢᠶᠠᠷ ᠪᠢᠨ ᠡᡁᠧ ᠶᠢᠨ ᠪᠦᠳᠦᠭᠡᠨ ᠪᠠᠶᠢᠭᠤᠯᠤᠯᠲᠠ ᠳᠤ ᠬᠦᠴᠦ ᠪᠠᠨ ᠡᠷᠭᠦᠵᠦ᠂ ᠰᠢᠨ᠎ᠡ ᠶᠢ ᠡᠭᠦᠳᠬᠦ ᠴᠢᠳᠠᠪᠤᠷᠢ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠪᠣᠬᠢᠷᠲᠤᠯ ᠦᠭᠡᠢ ᠬᠥᠭᠵᠢᠯᠲᠡ᠂ ᠦᠨᠳᠦᠰᠦᠨ ᠱᠠᠲᠤᠨ ᠤ ᠵᠠᠰᠠᠯᠲᠠ ᠪᠣᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠲᠠᠯ᠎ᠠ ᠪᠠᠷ ᠴᠥᠮ ᠨᠡᠯᠢᠶᠡᠳ ᠶᠡᠭᠡ ᠰᠢᠪᠲᠤᠯᠤᠯᠲᠠ ᠶᠢ ᠪᠡᠶᠡᠯᠡᠭᠦᠯᠵᠦ᠂ ᠬᠥᠭᠵᠢᠯᠲᠡ ᠶᠢᠨ ᠳᠦᠷᠰᠦ ᠪᠠᠶᠢᠳᠠᠯ ᠴᠤ᠋ ᠰᠢᠨ᠎ᠡ ᠪᠣᠯᠤᠭᠰᠠᠨ ᠪᠠᠶᠢᠨ᠎ᠠ᠃ ᠤᠷᠲᠦ ᠰᠠᠯᠬᠢ ᠬᠠᠪᠴᠢᠯ ᠤᠨ ᠠᠮᠠ ᠪᠠᠷ ᠥᠩᠭᠡᠷᠡᠵᠦ᠂ ᠲᠡᠮᠡᠴᠡᠯ ᠤᠨ ᠴᠠᠭ ᠶᠠᠭ ᠲᠠᠭᠠᠷᠠᠵᠠᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠪᠣᠯᠤᠭᠰᠠᠨ ᠪᠢ ᠠᠷᠠᠳ ᠤᠯᠠᠨ ᠢᠶᠠᠷ ᠭᠤᠣᠯ ᠪᠣᠯᠭᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠪᠢᠨ ᠡᡁᠧ ᠵᠡᠭᠡᠯᠢ ᠭᠤᠳᠤᠮᠵᠢ ᠶᠢᠨ ᠪᠦᠬᠦ ᠺᠠᠳ᠋ᠷᠴᠤᠤᠡ ᠠᠵᠢᠯᠳᠠᠨ ᠢ ᠪᠦᠯᠬᠦᠮᠳᠡᠭᠦᠯᠦᠨ ᠳᠠᠭᠠᠭᠤᠯᠵᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠤᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠬᠦ᠂ ᠬᠤᠳᠠ ᠶᠢᠨ ᠴᠢᠳᠠᠪᠬᠢ ᠵᠢ‌‍ᠲ᠋ᠡᠭᠦᠯᠳᠡᠷᠵᠢᠭᠦᠯᠬᠦ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠯᠲᠠ᠂ ᠠᠷᠠᠳ ᠤᠨ ᠠᠮᠢᠳᠤᠷᠠᠯ ‍ᠤᠨ‌ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠳᠤ ᠬᠦᠴᠦ ᠪᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠵᠦ᠂ ᠵᠣᠯ ᠵᠢᠷᠭᠠᠯᠲᠤ ᠪᠢᠨ ᠡᡁᠧ ᠎ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠵᠢᠷᠤᠭᠯᠠᠨ᠎ᠠ︾ ᠭᠡᠵᠦ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号