ᠴᠢᠬᠤᠯᠠ ᠮᠡᠳᠡᠭᠳᠡᠯ︕ ᠮᠤᠵᠢ ᠠᠯᠤᠰᠯᠠᠭᠰᠠᠨ ᠵᠢᠭᠤᠯᠴᠢᠯᠠᠯ ᠲᠠᠢ ᠬᠤᠯᠪᠣᠭᠳᠠᠨ᠎ᠠ
ᠨᠡᠶᠢᠲᠡᠯᠡᠭᠰᠡᠨ ᠴᠠᠭ᠄
2022/11/17
     ᠮᠤᠵᠢ ᠠᠯᠤᠰᠯᠠᠭᠰᠠᠨ ᠵᠢᠭᠤᠯᠴᠢᠯᠠᠯ ᠤᠨ ᠡᠵᠡᠩᠨᠡᠯᠲᠡ ᠶᠢᠨ ᠠᠵᠢᠯᠯᠠᠭ᠎ᠠ ᠳᠤ ᠲᠦᠭᠰᠢᠭᠦᠷᠢ ᠲᠠᠢ ᠣᠷᠣᠨ ᠲᠠᠢ ᠬᠤᠯᠪᠣᠯᠳᠤᠭᠰᠠᠨ ᠬᠠᠮᠢᠶᠠᠷᠤᠯᠲᠠ ᠶᠢ ᠳᠠᠭᠢᠵᠤ ᠬᠡᠷᠡᠭᠵᠢᠭᠦᠯᠬᠦ ᠥᠬᠡᠶ     ᠰᠣᠶᠣᠯ ᠪᠠ ᠵᠢᠭᠤᠯᠴᠢᠯᠠᠯ ᠤᠨ ᠶᠠᠮᠤᠨ 15᠎ ᠤ ᠡᠳᠦᠷ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠪᠠᠷ ᠰᠠᠶᠢᠲᠤᠷ ᠬᠢᠬᠦ ᠲᠤᠬᠠᠶ ᠮᠡᠳᠡᠭᠳᠡᠯ ᠢ ᠳᠠᠷᠤᠮᠠᠯᠯᠠᠨ ᠲᠠᠷᠬᠠᠭᠠᠵᠤ᠂ ᠮᠤᠵᠢ ᠠᠯᠤᠰᠯᠠᠭᠰᠠᠨ ᠵᠢᠭᠤᠯᠴᠢᠯᠠᠯ ᠤᠨ ᠡᠵᠡᠩᠨᠡᠯᠲᠡ ᠶᠢᠨ ᠠᠵᠢᠯᠯᠠᠭ᠎ᠠ ᠶᠢ ᠳᠠᠭᠢᠵᠤ ᠲᠦᠭᠰᠢᠭᠦᠷᠢ ᠲᠠᠢ ᠣᠷᠣᠨ ᠲᠠᠢ ᠬᠤᠯᠪᠣᠯᠳᠤᠭᠤᠯᠤᠨ ᠬᠠᠮᠢᠶᠠᠷᠬᠤ᠂ ︽ᠨᠢᠭᠡ ᠯᠡ ᠠᠳᠠᠯᠢ ᠪᠠᠷ ᠱᠠᠭᠠᠷᠳᠠᠬᠤ︾᠂ ᠱᠠᠲᠤ ᠱᠠᠲᠤ ᠪᠠᠷ ᠲᠤᠭ᠎ᠠ ᠨᠡᠮᠡᠬᠦ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠬᠤ ᠵᠡᠷᠭᠡ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃     ᠮᠡᠳᠡᠭᠳᠡᠯ ᠳᠤ ᠮᠤᠵᠢ ᠠᠯᠤᠰᠯᠠᠭᠰᠠᠨ ᠵᠢᠭᠤᠯᠴᠢᠯᠠᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠬᠠᠮᠤᠭ ᠤᠨ ᠰᠢᠨ᠎ᠡ ᠲᠦᠭᠰᠢᠭᠦᠷᠢ ᠲᠠᠢ ᠣᠷᠣᠨ ᠢ ᠵᠠᠭᠠᠭᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ ᠶᠢ ᠦᠨᠳᠦᠰᠦᠯᠡᠨ᠂ ᠮᠤᠵᠢ ᠠᠯᠤᠰᠯᠠᠭᠰᠠᠨ ᠵᠢᠭᠤᠯᠴᠢᠯᠠᠯ ᠤᠨ ᠡᠵᠡᠩᠨᠡᠯᠲᠡ ᠶᠢᠨ ᠠᠵᠢᠯᠯᠠᠭ᠎ᠠ ᠳᠤ ᠳᠠᠭᠢᠵᠤ ᠲᠦᠭᠰᠢᠭᠦᠷᠢ ᠲᠠᠢ ᠣᠷᠣᠨ ᠲᠠᠢ ᠬᠤᠯᠪᠣᠭᠠᠯᠠᠨ ᠬᠥᠳᠡᠯᠦᠯᠴᠡᠬᠦ ᠬᠠᠮᠢᠶᠠᠷᠤᠯᠲᠠ ᠶᠢ ᠬᠡᠷᠡᠭᠵᠢᠭᠦᠯᠬᠦ ᠥᠬᠡᠶ ᠭᠡᠵᠦ ᠲᠣᠳᠣᠷᠬᠠᠶ ᠲᠣᠭᠲᠠᠭᠠᠵᠠᠶ᠃ ᠮᠤᠵᠢ ᠠᠯᠤᠰᠯᠠᠭᠰᠠᠨ ᠵᠤᠭᠠᠴᠠᠭᠰᠠᠳ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠷ ᠢᠶᠠᠨ ᠮᠤᠵᠢ ᠠᠯᠤᠰᠯᠠᠭᠰᠠᠨ ᠵᠠᠮ ᠬᠠᠷᠢᠯᠴᠠᠭᠠᠨ ᠤ ᠪᠠᠭᠠᠵᠢ ᠳᠤ ᠰᠠᠭᠤᠨ᠎ᠠ᠃     ᠮᠡᠳᠡᠭᠳᠡᠯ ᠢ ᠦᠨᠳᠦᠰᠦᠯᠡᠪᠡᠯ᠂ ᠵᠢᠭᠤᠯᠴᠢᠯᠠᠯ ᠤᠨ ᠭᠠᠵᠠᠷ ᠪᠠ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠠᠵᠤ ᠠᠬᠤᠶᠢᠯᠠᠯ ᠤᠨ ᠬᠢᠯᠢ ᠪᠠᠷ ᠣᠷᠣᠵᠤ ᠭᠠᠷᠬᠤ ᠪᠦᠯᠬᠦᠮ ᠤᠨ ᠵᠢᠭᠤᠯᠴᠢᠯᠠᠯ ᠵᠢᠴᠢ ︽ᠨᠢᠰᠬᠡᠯ ᠤᠨ ᠪᠢᠯᠧᠲ + ᠪᠠᠭᠤᠳᠠᠯ︾᠎ ᠤᠨ ᠲᠤᠬᠠᠶᠢᠯᠠᠭᠰᠠᠨ ᠠᠵᠢᠯ ᠡᠵᠡᠩᠨᠡᠬᠦ ᠶᠢ ᠦᠷᠭᠦᠯᠵᠢᠯᠡᠨ ᠲᠦᠷ ᠵᠣᠭᠰᠣᠭᠠᠨ᠎ᠠ᠃ ᠡᠬᠡ ᠬᠠᠭᠤᠷᠠᠶ ᠶᠢᠨ ᠬᠢᠯᠢ ᠶᠢᠨ ᠪᠣᠭᠤᠮᠲᠠ ᠶᠢᠨ ᠬᠤᠲᠠ ᠶᠢᠨ ᠪᠦᠯᠬᠦᠮ ᠨᠡᠶᠢᠲᠡ ᠶᠢᠨ ᠵᠢᠭᠤᠯᠴᠢᠯᠠᠯ ᠤᠨ ᠲᠤᠬᠠᠶᠢᠯᠠᠭᠰᠠᠨ ᠠᠵᠢᠯ ᠢ ᠲᠦᠷ ᠰᠡᠷᠭᠦᠭᠡᠬᠦ ᠥᠬᠡᠶ᠃     ᠮᠡᠳᠡᠭᠳᠡᠯ ᠳᠤ ᠱᠠᠭᠠᠷᠳᠠᠭᠰᠠᠨ ᠨᠢ᠂ ︽ᠡᠭᠡᠭᠡ ᠠᠳᠠᠯᠢ ᠪᠠᠶᠢᠯᠭᠠᠬᠤ︾᠂ ᠱᠠᠲᠤ ᠱᠠᠲᠤ ᠪᠠᠷ ᠦᠨ᠎ᠡ ᠨᠡᠮᠡᠬᠦ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠬᠤ ᠬᠡᠷᠡᠭᠲᠡᠶ᠃ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠴᠤᠭᠯᠠᠭᠤᠯᠬᠤ᠂ ᠰᠢᠯᠵᠢᠭᠦᠯᠦᠨ  ᠰᠢᠢᠤᠡᠪᠤᠷᠢᠯᠡᠭᠦᠯᠬᠦ᠂ ᠬᠢᠨᠠᠨ ᠬᠠᠷᠭᠤᠭᠤᠯᠬᠤ ᠪᠠ ᠴᠡᠭᠴᠡᠯᠡᠨ ᠥᠭᠡᠷᠡᠴᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᡽ᠡᠯ᠎ᠡ ᠱᠠᠲᠤᠨ ᠤ ᠰᠣᠶᠣᠯ ᠪᠠ ᠵᠤᠭᠠᠴᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠡᠯ᠎ᠡ ᠲᠦᠷᠦᠯ ᠤᠨ ᠠᠵᠢᠯ ᠲᠦᠷᠦᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠯᠤᠰ ᠤᠨ ᠨᠢᠭᠡᠳᠦᠯᠲᠡᠢ ᠰᠡᠷᠭᠡᠶᠢᠯᠡᠨ ᠡᠵᠡᠮᠳᠡᠬᠦ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠲᠠᠢ ᠬᠠᠮᠵᠢᠯᠴᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠬᠦ᠂ ᠢᠯᠡ ᠪᠠᠷ ᠢᠯᠡᠴᠢᠯᠡᠬᠦ ᠡᠷᠴᠢᠮ ᠢ ᠴᠢᠩᠭᠠᠷᠠᠭᠤᠯᠵᠤ᠂ ᠰᠦᠷᠳᠡᠭᠦᠯᠬᠦ ᠦᠢᠯᠡᠳᠦᠯ ᠢ ᠦᠨᠡᠨ ᠬᠦ ᠪᠠᠳᠠᠷᠠᠭᠤᠯᠪᠠ᠃      ᠮᠡᠳᠡᠭᠳᠡᠯ ᠳᠤ ᠪᠠᠰᠠ ᠳᠤᠷᠠᠳᠤᠭᠰᠠᠨ ᠨᠢ᠂ ᠡᠯ᠎ᠡ ᠭᠠᠵᠠᠷ ᠤᠨ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠰᠠᠭᠠᠲᠠᠭᠰᠠᠨ ᠵᠤᠭᠠᠴᠠᠭᠰᠠᠳ ᠢ ᠲᠥᠪᠬᠢᠨᠡᠭᠦᠯᠦᠨ ᠲᠣᠬᠤᠨᠢᠭᠤᠯᠬᠤ ᠪᠠ ᠲᠠᠷᠬᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠰᠠᠭᠠᠲᠠᠭᠰᠠᠨ ᠵᠤᠭᠠᠴᠠᠭᠰᠠᠳ ᠢ ᠰᠢᠢᠤᠡᠪᠤᠷᠢᠯᠡᠬᠦ ᠠᠵᠢᠯ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠣᠭᠲᠠᠭᠠᠨ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠠᠴᠠ ᠪᠣᠯᠵᠣ ᠰᠠᠭᠠᠲᠠᠭᠰᠠᠨ ᠵᠤᠭᠠᠴᠠᠭᠰᠠᠳ ᠲᠤ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠪᠦᠯᠦᠭ ᠬᠤᠪᠢᠶᠠᠨ ᠰᠢᠯᠵᠢᠭᠦᠯᠦᠨ ᠲᠡᠭᠡᠭᠡᠪᠦᠷᠢᠯᠡᠬᠦ᠂ ᠠᠮᠤᠷ ᠲᠦᠪᠰᠢᠨ ᠡᠮᠬᠢ ᠵᠢᠷᠤᠮ ᠲᠠᠢ᠂ ᠭᠠᠳᠠᠭᠰᠢ ᠪᠢᠯᠬᠠᠬᠤ ᠶᠢ ᠴᠢᠩᠭ᠎ᠠ ᠰᠡᠷᠭᠡᠶᠢᠯᠡᠬᠦ ᠵᠠᠷᠴᠢᠮ ᠶᠣᠰᠣᠭᠠᠷ᠂ ᠰᠠᠭᠠᠲᠠᠭᠰᠠᠨ ᠵᠤᠭᠠᠴᠠᠭᠰᠠᠳ ᠤᠨ ᠪᠤᠴᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号