— ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠶᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2022/11/2
ᠲᠡᠮᠡᠴᠡᠯ ᠤᠨ ᠰᠢᠨ᠎ᠡ ᠳᠦᠷᠰᠦ ᠪᠠᠶᠢᠳᠠᠯ ᠢᠶᠠᠷ ᠨᠡᠩ ᠥᠨᠳᠥᠷ ᠰᠢᠨ᠎ᠡ ᠬᠠᠷᠠᠯᠲᠠ ᠵᠦᠭ ᠣᠷᠣᠭᠰᠢᠯᠠᠰᠣᠭᠠᠢ      — ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠶᠢ ᠰᠤᠷᠪᠤᠯᠵᠢᠯᠠᠭᠰᠠᠨ ᠨᠢ       ︽ᠨᠠᠮ ᠤᠨ ᠬᠤᠷᠢᠳᠤᠭᠠᠷ ᠶᠡᠭᠡ ᠬᠤᠷᠠᠯ ᠨᠢ ᠤᠯᠤᠰ ᠲᠦᠷᠦ᠂ ᠤᠨᠤᠯ᠂ ᠦᠢᠯᠡᠳᠦᠯᠭᠡ ᠶᠢᠨ ᠲᠠᠯ᠎ᠠ ᠪᠠᠷ ᠠᠯᠢ ᠤᠯᠠᠨ ᠴᠢᠬᠤᠯᠠ ᠶᠡᠭᠡ ᠦᠷ᠎ᠡ ᠪᠦᠲᠦᠭᠡᠯ ᠣᠯᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠢ ᠠᠮᠤᠷᠵᠢᠭᠤᠯᠵᠤ᠂ ᠮᠠᠨ ᠤ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ᠂ ᠪᠦᠬᠦ ᠤᠯᠠᠨ ᠲᠦᠮᠡᠨ ᠳᠤ ᠬᠤᠶᠢᠰᠢᠳᠠ ᠶᠢᠨ ᠲᠡᠮᠡᠴᠡᠯ ᠤᠨ ᠳᠤᠮᠳᠠ ᠬᠦᠴᠦᠷᠬᠡᠭ ᠶᠡᠭᠡ ᠬᠥᠳᠡᠯᠭᠡᠬᠦ ᠬᠦᠴᠦᠨ ᠣᠯᠭᠤᠵᠠᠶ᠃ ︾ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠤᠢᠢᠷ᠎ᠠ ᠶᠢᠨ ᠡᠳᠦᠷ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠦᠶ᠎ᠡ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠭᠰᠠᠨ ᠤ ᠲᠠᠷᠠᠭ᠎ᠠ᠂ ᠳᠣᠣᠷᠠᠬᠢ ᠮᠡᠲᠦ ᠮᠠᠰᠢ ᠭᠦᠨᠵᠡᠭᠡᠢ ᠣᠶᠢᠯᠠᠭᠠᠯᠲᠠ ᠲᠠᠢ ᠪᠣᠯᠵᠠᠢ ᠭᠡᠵᠦ ᠢᠯᠡᠳᠬᠡᠪᠡ᠃      ᠨᠢᠭᠡ ᠳᠤ᠂ ᠰᠢᠨ᠎ᠡ ᠠᠶᠠᠯᠠᠯ᠂ ᠰᠢᠨ᠎ᠡ ᠭᠠᠷᠤᠭ᠎ᠠ ᠳᠡᠭᠡᠷ᠎ᠡ᠂ ᠰᠢᠨ᠎ᠡ ᠲᠡᠮᠡᠴᠡᠯ ᠤᠨ ᠳᠦᠷᠰᠦ ᠪᠠᠶᠢᠳᠠᠯ ᠢᠶᠠᠷ ᠨᠡᠩ ᠥᠨᠳᠥᠷ ᠰᠢᠨ᠎ᠡ ᠬᠠᠷᠠᠯᠲᠠ ᠲᠡᠰᠢ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ᠃ ᠬᠤᠶᠠᠷ ᠲᠤ᠂ ᠲᠡᠦᠬᠡ ᠶᠢᠨ ᠢᠲᠡᠭᠡᠯ ᠢᠶᠠᠨ ᠪᠠᠲᠤᠳᠬᠠᠵᠤ᠂ ᠲᠡᠦᠬᠡ ᠶᠢᠨ ᠰᠠᠨᠠᠭᠠᠴᠢᠯᠠᠭᠠᠲᠤ ᠡᠷᠬᠡ ᠪᠠᠨ ᠴᠢᠩᠭᠠᠳᠬᠠᠬᠤ ᠳᠤ᠂ ︽ᠬᠤᠶᠠᠷ ᠢ ᠲᠣᠭᠲᠠᠭᠠᠬᠤ︾᠎ ᠶᠢ ᠡᠷᠡᠰ ᠬᠦᠷᠢᠶᠡᠯᠡᠬᠦ ᠳᠤ ᠰᠠᠭᠤᠷᠢᠯᠠᠵᠤ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠬᠡᠷᠡᠭᠲᠡᠢ᠃ ᠭᠤᠷᠪᠠ ᠳᠤ᠂ ᠵᠣᠷᠢᠭᠲᠠᠶ ᠪᠠᠷ ᠲᠡᠮᠡᠴᠡᠵᠦ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠳᠤ ᠬᠠᠲᠠᠭᠤ ᠰᠢᠷᠭᠠᠭᠤ ᠲᠡᠮᠡᠴᠡᠯ ᠳᠤ ᠲᠦᠰᠢᠭᠯᠡᠨ᠂ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠣᠷᠣᠨ ᠵᠠᠶ ᠶᠢ ᠨᠡᠭᠡᠭᠡᠬᠦ ᠬᠡᠷᠡᠭᠲᠡᠶ᠃      ᠤᠳᠤ ᠠᠴᠠ ᠡᠬᠢᠯᠡᠨ᠂ ᠬᠠᠶᠢᠷᠤᠪ ᠤᠨ ᠲᠤᠬᠤᠢ ᠲᠤᠭᠤᠷᠢᠭ ᠤᠨ ᠭᠤᠣᠯ ᠡᠭᠦᠷᠭᠡ ᠪᠣᠯ ᠳᠠᠷᠤᠢ ᠥᠪᠥᠷ ᠮᠣᠩᠭᠤᠯ ᠤᠨ 103 ᠬᠤᠰᠢᠭᠤ ᠰᠢᠶᠠᠨ ᠲᠣᠭᠤᠷᠢᠭ ᠤᠨ ᠳᠣᠲᠣᠷ᠎ᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠤᠷᠢᠳᠠᠪᠠᠷ ᠦᠨᠳᠦᠰᠦᠨ ᠳᠡᠭᠡᠨ ᠪᠡᠶᠡᠯᠡᠭᠦᠯᠬᠦ ᠪᠠᠷ ᠴᠢᠷᠮᠠᠶᠢᠬᠤ ᠶᠠᠪᠤᠳᠠᠯ ᠪᠣᠯᠤᠨ᠎ᠠ᠃      ᠨᠢᠭᠡ ᠳᠤ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠪᠠ ᠨᠠᠮ ᠤᠨ ᠲᠦᠷᠢᠮ ᠢ ᠲᠡᠷᠡ ᠬᠡᠪ ᠢᠶᠠᠷ ᠨᠢ ᠰᠤᠷᠤᠯᠴᠠᠨ ᠰᠤᠳᠤᠯᠤᠨ ᠤᠩᠰᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠨ ᠭᠠᠷᠭᠠᠭᠰᠠᠨ ᠰᠢᠨ᠎ᠡ ᠦᠵᠡᠯ ᠰᠠᠨᠠᠭ᠎ᠠ᠂ ᠰᠢᠨ᠎ᠡ ᠨᠤᠲᠠᠯᠠᠯᠲᠠ᠂ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠶᠢ ᠬᠢᠨᠠᠮᠠᠭᠠᠶ ᠣᠶᠢᠯᠠᠭᠠᠭᠤᠯᠵᠤ᠂ ᠤᠨᠤᠯ ᠢ ᠰᠤᠷᠤᠯᠴᠠᠬᠤ ᠮᠥᠷᠲᠡᠭᠡᠨ ᠪᠠᠰᠠ ᠣᠶᠢᠯᠠᠭᠠᠯᠲᠠ ᠶᠢ ᠨᠢ ᠶᠠᠷᠢᠭᠤᠯᠵᠤ᠂ ᠨᠡᠩ ᠴᠤ ᠦᠢᠯᠡ ᠠᠵᠢᠯᠯᠠᠭ᠎ᠠ ᠪᠠᠷ ᠢᠶᠠᠨ ᠦᠢᠯᠡᠳᠦᠯᠭᠡᠵᠢᠬᠦᠯᠬᠦ ᠬᠡᠷᠡᠭᠲᠡᠶ᠃ ᠬᠤᠶᠠᠷ ᠲᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠬᠤ ᠲᠤᠬᠠᠢ ᠬᠠᠶᠢᠷᠤᠪ ᠤᠨ ᠲᠤᠬᠤᠢ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠲᠥᠰᠦᠪᠯᠡᠯ ᠢ ᠲᠤᠭᠤᠷᠪᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠬᠤᠶᠢᠰᠢᠳᠠ ᠶᠢᠨ ᠵᠠᠮ ᠳᠤ ᠵᠢᠭᠠᠵᠤ ᠭᠠᠷᠭᠠᠭᠰᠠᠨ ᠰᠢᠨ᠎ᠡ ᠦᠵᠡᠯ ᠰᠠᠨᠠᠭ᠎ᠠ᠂ ᠰᠢᠨ᠎ᠡ ᠨᠤᠲᠠᠯᠠᠯᠲᠠ᠂ ᠰᠢᠨ᠎ᠡ ᠰᠢᠢᠳᠪᠦᠷᠢᠲᠦ ᠪᠤᠳᠤᠯᠭ᠎ᠠ᠂ ᠰᠢᠨ᠎ᠡ ᠱᠠᠭᠠᠷᠳᠠᠯᠭ᠎ᠠ ᠶᠢ ᠬᠤᠶᠢᠰᠢᠳᠠ ᠶᠢᠨ ᠠᠵᠢᠯᠯᠠᠭ᠎ᠠ ᠶᠢᠨ ᠪᠠᠶᠢᠯᠳᠤᠬᠤ ᠪᠤᠳᠤᠯᠭ᠎ᠠ ᠶᠢᠨ ᠲᠥᠰᠦᠪᠯᠡᠯ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠪᠣᠯᠭᠠᠨ ᠬᠤᠪᠢᠷᠠᠭᠤᠯᠬᠤ ᠬᠡᠷᠡᠭᠲᠡᠢ᠃ ᠭᠤᠷᠪᠠ ᠳᠤ᠂ ᠪᠠᠶᠢᠭᠤᠯᠭ᠎ᠠ ᠶᠢᠨ ᠦᠢᠯᠡᠳᠦᠯ ᠴᠢᠳᠠᠪᠤᠷᠢ ᠶᠢᠨ ᠪᠠᠶᠢᠭᠤᠯᠤᠯᠲᠠ ᠶᠢ ᠥᠷᠨᠢᠭᠦᠯᠵᠦ᠂ ᠳᠠᠷᠦ᠋ᠢᠬᠠᠨ ᠭᠦᠢᠴᠡᠳᠬᠡᠬᠦ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠠᠵᠢᠯ ᠤᠨ ᠰᠤᠷᠲᠠᠯ ᠢ ᠰᠠᠨᠠᠭᠠᠴᠢᠯᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ᠂ ᠠᠷᠠᠳ ᠲᠦᠮᠡᠨ ᠳᠤ ᠪᠤᠶᠠᠨ ᠦᠢᠯᠡᠳᠬᠦ ᠪᠣᠳᠠᠲᠤ ᠠᠵᠢᠯᠯᠠᠭ᠎ᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠠᠶᠢᠷᠤᠪ ᠤᠨ ᠲᠤᠬᠤᠢ ᠲᠤᠭᠤᠷᠢᠭ ᠲᠤ ᠦᠨᠳᠦᠰᠦᠯᠡᠬᠦᠯᠵᠦ᠂ ᠴᠡᠴᠡᠭᠯᠡᠨ ᠵᠢᠮᠢᠰᠯᠡᠭᠦᠯᠬᠦ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号