ᠰᠤᠷᠭᠠᠨ ᠬᠥᠮᠦᠵᠢᠯ ᠤᠨ ᠠᠵᠢᠯᠲᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯᠪᠠᠰᠤᠷᠠᠯ ᠳᠤ ᠢᠳᠡᠪᠬᠢᠲᠡᠶ ᠣᠷᠣᠯᠴᠠᠪᠠ
ᠨᠡᠶᠢᠲᠡᠯᠡᠭᠰᠡᠨ ᠴᠠᠭ᠄
2022/11/2
     ᠬᠠᠶᠢᠷᠤᠪ ᠤᠨ ᠲᠤᠬᠤᠢ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠵᠢᠯ ᠤᠨ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠶ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠠᠵᠢᠯᠲᠠᠳ ᠤᠨ ᠰᠡᠷᠭᠡᠶᠢᠯᠡᠨ ᠬᠠᠮᠠᠭᠠᠯᠠᠬᠤ ᠤᠬᠠᠮᠰᠠᠷ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠ ᠠᠷᠢᠭᠤᠳᠬᠠᠨ ᠠᠷᠢᠯᠭᠠᠬᠤ ᠤᠷ᠎ᠠ ᠴᠢᠳᠠᠪᠤᠷᠢ ᠶᠢ ᠪᠦᠲᠦᠮᠵᠢᠲᠡᠶ  ᠳᠡᠭᠡᠭᠰᠢᠯᠡᠭᠦᠯᠬᠦ ᠶᠢᠨ ᠲᠦᠯᠤᠭᠡ᠂ 2022 ᠣᠨ ᠤ 11 ᠰᠠᠷ᠎ᠠ ᠶᠢᠨ 1᠎ ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠠᠴᠠ ᠦᠬᠠᠶ ᠬᠤᠲᠠ ᠶᠢᠨ ᠬᠠᠶᠢᠷᠤᠪ ᠤᠨ ᠲᠣᠬᠤᠶ  ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠶᠢ ᠵᠣᠬᠢᠶᠠᠨ ᠪᠠᠶᠢᠭᠤᠯᠵᠤ ᠲᠤᠰᠬᠠᠶ ᠡᠮᠨᠡᠯᠭᠡ ᠶᠢᠨ ᠠᠵᠢᠯᠲᠠᠨ ᠢ ᠵᠣᠬᠢᠶᠠᠨ ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠᠬᠢ ᠰᠡᠷᠭᠡᠶᠢᠯᠡᠨ ᠬᠠᠮᠠᠭᠠᠯᠠᠬᠤ ᠬᠤᠪᠴᠠᠰᠤ ᠠᠴᠠ ᠰᠠᠯᠬᠤ ᠠᠵᠢᠯᠯᠠᠭᠠᠨ ᠤ ᠪᠠᠷᠢᠮᠵᠢᠶ᠎ᠠ ᠵᠢᠴᠢ ᠡᠮᠴᠢᠯᠡᠭᠡᠨ ᠤ ᠬᠠᠶᠠᠭᠳᠠᠮᠠᠯ ᠡᠳ᠋ ᠢ ᠰᠢᠯᠵᠢᠭᠦᠯᠦᠨ ᠲᠡᠭᠡᠭᠡᠪᠦᠷᠢᠯᠡᠬᠦ ᠵᠢᠷᠤᠮᠵᠢᠯ ᠳᠤ ᠪᠣᠯᠪᠠᠰᠤᠷᠠᠭᠤᠯᠤᠯ ᠬᠢᠵᠦ᠂ ᠰᠤᠷᠭᠠᠨ ᠬᠥᠮᠦᠵᠢᠯ ᠤᠨ ᠰᠢᠰᠲ᠋ᠧᠮ ᠤᠨ ᠨᠡᠶᠢᠲᠡ 358 ᠬᠥᠮᠦᠨ ᠪᠣᠯᠪᠠᠰᠤᠷᠠᠭᠤᠯᠤᠯ ᠳᠤ ᠣᠷᠣᠯᠴᠠᠵᠠᠶ᠃     ᠲᠤᠰᠬᠠᠶ ᠮᠡᠷᠭᠡᠵᠢᠯ ᠤᠨ ᠡᠮᠨᠡᠯᠭᠡ ᠶᠢᠨ ᠠᠵᠢᠯᠲᠠᠨ ᠴᠥᠮ᠎ᠡ ᠶᠢᠨ ᠬᠦᠴᠢᠯ ᠢ ᠴᠤᠭᠯᠠᠭᠤᠯᠬᠤ ᠵᠠᠯᠭᠢᠭᠤᠷ ᠤᠨ ᠵᠦᠯᠭᠦᠭᠦᠷ᠂ ᠬᠠᠮᠠᠷ ᠤᠨ ᠵᠦᠯᠭᠦᠭᠦᠷ ᠤᠨ ᠦᠨᠳᠦᠰᠦᠨ ᠠᠵᠢᠯᠯᠠᠭ᠎ᠠ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ᠂ ᠬᠠᠮᠠᠭᠠᠯᠠᠯᠲᠠ ᠶᠢᠨ ᠬᠤᠪᠴᠠᠰᠤ ᠶᠢ ᠵᠥᠪ ᠣᠨᠣᠪᠴᠢᠲᠠᠶ ᠡᠮᠦᠰᠴᠦ ᠲᠠᠶᠢᠯᠬᠤ᠂ ᠠᠷᠢᠯᠭᠠᠬᠤ ᠶᠠᠪᠤᠴᠠ᠂ ᠴᠥᠮ᠎ᠡ ᠶᠢᠨ ᠬᠦᠴᠢᠯ ᠤᠨ ᠥᠯᠢᠭᠡᠷ ᠠᠪᠬᠤ ᠮᠡᠳᠡᠭᠡ ᠵᠠᠩᠭᠢ ᠶᠢ ᠴᠤᠭᠯᠠᠭᠤᠯᠬᠤ ᠰᠢᠰᠲ᠋ᠧᠮ ᠤᠨ ᠬᠡᠷᠡᠭᠯᠡᠯᠲᠡ ᠵᠡᠷᠭᠡ ᠠᠭᠤᠯᠭ᠎ᠠ ᠶᠢᠨ ᠲᠠᠯ᠎ᠠ ᠪᠠᠷ ᠨᠠᠷᠢᠨ ᠲᠠᠶᠢᠯᠪᠤᠷᠢᠯᠠᠯᠲᠠ ᠪᠠ ᠲᠤᠬᠠᠶ ᠶᠢᠨ ᠲᠠᠯᠠᠪᠤᠷ ᠤᠨ ᠦᠵᠡᠭᠦᠯᠦᠯᠭᠡ ᠬᠢᠭᠰᠡᠨ ᠪᠠᠶᠢᠨ᠎ᠠ᠃ ᠡᠭᠦᠨ ᠤ ᠬᠠᠮᠲᠤ ᠠᠷᠢᠭᠤᠳᠬᠠᠬᠤ ᠦᠨᠳᠦᠰᠦᠨ ᠮᠡᠳᠡᠯᠭᠡ᠂ ᠤᠰᠠᠳᠬᠠᠬᠤ ᠶᠠᠪᠤᠴᠠ ᠳᠠᠬᠢ ᠬᠤᠪᠢ ᠬᠥᠮᠦᠨ ᠤ ᠬᠠᠮᠠᠭᠠᠯᠠᠯᠲᠠ᠂ ᠠᠷᠢᠭᠤᠳᠬᠠᠬᠤ ᠡᠮ ᠤᠨ ᠪᠠᠭᠠᠵᠢ ᠬᠡᠷᠡᠭᠰᠡᠯ ᠤᠨ ᠬᠡᠷᠡᠭᠯᠡᠯᠲᠡ᠂ ᠠᠳᠠᠯᠢ ᠪᠤᠰᠤ ᠲᠠᠯᠠᠪᠤᠷ ᠤᠨ ᠤᠷᠢᠳᠴᠢᠯᠠᠨ ᠰᠡᠷᠭᠡᠶᠢᠯᠡᠬᠦ ᠴᠢᠨᠠᠷᠲᠠᠶ ᠠᠷᠢᠭᠤᠳᠬᠠᠬᠤ ᠮᠡᠷᠭᠡᠵᠢᠯ ᠤᠨ ᠳᠦᠷᠢᠮᠵᠢᠯ ᠵᠡᠷᠭᠡ ᠠᠭᠤᠯᠭ᠎ᠠ ᠶᠢᠨ ᠲᠤᠬᠠᠶ ᠨᠠᠷᠢᠨ ᠲᠣᠳᠣᠷᠬᠠᠶ ᠦᠵᠡᠭᠦᠯᠦᠯᠭᠡ ᠶᠢ ᠬᠢᠭᠰᠡᠨ ᠪᠠᠶᠢᠨ᠎ᠠ᠃ ᠡᠮᠨᠡᠯᠭᠡ ᠶᠢᠨ ᠠᠵᠢᠯᠲᠠᠳ ᠤᠨ ᠪᠥᠬᠦ ᠲᠠᠯ᠎ᠠ ᠶᠢᠨ ᠲᠠᠶᠢᠯᠤᠮᠵᠢ ᠨᠢ ᠪᠣᠯᠪᠠᠰᠤᠷᠠᠯ ᠳᠤ ᠣᠷᠣᠯᠴᠠᠭᠰᠠᠳ ᠲᠤ ᠬᠡᠷᠬᠢᠨ ᠪᠦᠲᠦᠮᠵᠢᠲᠡᠶ ᠰᠡᠷᠭᠡᠶᠢᠯᠡᠨ ᠬᠠᠮᠠᠭᠠᠯᠠᠬᠤ ᠲᠤᠬᠠᠶ ᠨᠠᠩ ᠭᠦᠨᠵᠡᠭᠡᠶ ᠣᠶᠢᠯᠠᠭᠠᠯᠲᠠ ᠣᠯᠭᠤᠵᠤ᠂ ᠰᠤᠷᠭᠠᠨ ᠬᠥᠮᠦᠵᠢᠯ ᠤᠨ ᠠᠵᠢᠯᠲᠠᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠬᠤᠯᠠᠴᠢᠯᠠᠬᠤ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠭᠰᠡᠨ ᠪᠠᠶᠢᠨ᠎ᠠ᠃    ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠰᠤᠷᠭᠠᠨ ᠬᠥᠮᠦᠵᠢᠯ ᠤᠨ ᠠᠵᠢᠯᠲᠠᠳ ᠤᠨ ᠰᠡᠷᠭᠡᠶᠢᠯᠡᠨ ᠬᠠᠮᠠᠭᠠᠯᠠᠬᠤ ᠤᠬᠠᠮᠰᠠᠷ ᠪᠠ ᠠᠵᠢᠯ ᠤᠨ ᠤᠷ᠎ᠠ ᠮᠡᠷᠭᠡᠵᠢᠯ ᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠠᠵᠢᠯᠲᠠᠳ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠨ ᠡᠵᠡᠮᠳᠡᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ ᠦᠨᠡᠨ ᠬᠦ ᠪᠦᠷᠢᠯᠳᠦᠭᠦᠯᠵᠦ᠂ ᠰᠤᠷᠤᠯᠭ᠎ᠠ ᠡᠬᠢᠯᠡᠬᠦ ᠬᠢᠴᠢᠶᠡᠯ ᠰᠡᠷᠭᠦᠭᠡᠬᠦ ᠳᠤ ᠰᠠᠶᠢᠲᠤᠷ ᠪᠡᠯᠡᠳᠬᠡᠯ ᠬᠢᠭᠰᠡᠨ ᠪᠠᠶᠢᠨ᠎ᠠ᠃                                            ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ                                             2022 ᠣᠨ ᠤ 11 ᠰᠠᠷ᠎ᠠ ᠶᠢᠨ 1᠎ ᠤ  ᠡᠳᠤᠷ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号