ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠡᠰᠡᠭ ᠭᠠᠵᠠᠷ ᠤᠷᠤᠨ ᠤ ᠲᠦᠭᠰᠢᠭᠦᠷᠢ ᠶᠢᠨ ᠳᠡᠰ ᠲᠤ ᠲᠣᠬᠢᠷᠠᠭᠤᠯᠤᠯᠲᠠ ᠬᠢᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2022/11/21
ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠡᠰᠡᠭ ᠭᠠᠵᠠᠷ ᠤᠷᠤᠨ ᠤ ᠲᠦᠭᠰᠢᠭᠦᠷᠢ ᠶᠢᠨ ᠳᠡᠰ ᠲᠤ ᠲᠣᠬᠢᠷᠠᠭᠤᠯᠤᠯᠲᠠ ᠬᠢᠬᠦ ᠲᠤᠬᠠᠶ ᠵᠠᠷᠯᠠᠯ      2022 ᠣᠨ ᠤ 11 ᠰᠠᠷ᠎ᠠ ᠶᠢᠨ 20 ᠤ ᠡᠳᠦᠷ᠂ ᠮᠠᠨ ᠤ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠨᠢᠭᠤᠷ︶︾ ᠪᠠ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠪᠠᠷ ᠰᠠᠶᠢᠲᠤᠷ ᠬᠢᠬᠦ ᠲᠤᠬᠠᠶ ᠮᠡᠳᠡᠭᠳᠡᠯ︾ ᠤᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠶᠡᠷᠦᠩᠬᠡᠶᠢᠯᠡᠨ ᠦᠨᠡᠯᠡᠨ ᠵᠢᠱᠢᠵᠦ ᠰᠤᠳᠤᠯᠤᠨ ᠮᠠᠭᠠᠳᠯᠠᠬᠤ ᠪᠠᠷ ᠳᠡᠮᠵᠢᠨ᠂ 2022 ᠣᠨ ᠤ 11 ᠳ᠋ᠦᠭᠡᠷ ᠰᠠᠷ᠎ᠠ ᠶᠢᠨ 20 ᠤ ᠡᠳᠦᠷ ᠠᠴᠠ ᠡᠬᠢᠯᠡᠨ᠂ ᠬᠠᠷᠢᠶᠠᠲᠤ ᠣᠷᠣᠨ ᠤ ᠳᠣᠲᠣᠷᠠᠬᠢ ᠲᠦᠭᠰᠢᠭᠦᠷᠢ ᠶᠢᠨ ᠳᠡᠰ ᠲᠤ ᠳᠣᠤᠷᠠᠬᠢ ᠮᠡᠲᠦ ᠲᠣᠬᠢᠷᠠᠭᠤᠯᠤᠯᠲᠠ ᠬᠢᠬᠦ ᠪᠠᠷ ᠲᠣᠭᠲᠠᠪᠠ᠄       ᠲᠦᠭᠰᠢᠭᠦᠷᠢ ᠶᠡᠬᠡᠲᠡᠶ ᠣᠷᠣᠨ ᠢ  ᠲᠦᠭᠰᠢᠭᠦᠷᠢ ᠪᠠᠭᠠᠲᠠᠶ ᠣᠷᠣᠨ ︵1︶ ᠪᠣᠯᠭᠠᠨ ᠳᠣᠭᠢᠷᠠᠭᠤᠯᠪᠠ᠄ ᠵᠥᠩ ᠹᠦ᠋ ᠵᠠᠰᠠᠯ ᠴᠢᠮᠡᠭᠯᠡᠯ ᠤᠨ ᠬᠤᠲᠠ ᠶᠢᠨ ᠨᠡᠶᠢᠲᠡ ᠶᠢᠨ ᠪᠠᠶᠢᠷᠢ ᠶᠢᠨ ᠠᠰᠠᠷ᠃       ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠬᠠᠶᠢᠷᠤᠪ ᠤᠨ ᠲᠤᠬᠤᠢ ᠲᠣᠭᠤᠷᠢᠭ ᠲᠤ ᠣᠳᠣᠬᠠᠨ ᠳᠤ᠄       ᠲᠦᠭᠰᠢᠭᠦᠷᠢ ᠶᠡᠬᠡᠲᠡᠶ ᠣᠷᠣᠨ 1 ︵ᠰᠢᠨᠬᠤᠸᠠ ᠵᠡᠭᠡᠯᠢ ᠭᠤᠳᠤᠮᠵᠢ ᠶᠢᠨ ᠾᠧ ᠰᠢᠶᠧ ᠨᠡᠶᠢᠭᠡᠮ ᠲᠣᠭᠤᠷᠢᠭ ᠤᠨ ᠰᠢᠨ ᠴᠢᠶᠣᠤ ᠶᠡᠭᠡ ᠵᠡᠭᠡᠯᠢ ᠶᠢᠨ ᠬᠤᠶᠠᠳᠤᠭᠠᠷ ᠵᠡᠭᠡᠯᠢ ᠭᠤᠳᠤᠮᠵᠢ︶ ᠪᠠᠶᠢᠨ᠎ᠠ᠃       ᠪᠥᠬᠦ ᠲᠤᠭᠤᠷᠢᠭ ᠤᠨ ᠲᠦᠭᠰᠢᠭᠦᠷᠢ ᠶᠡᠬᠡᠲᠡᠶ ᠣᠷᠣᠨ ᠠᠴᠠ ᠪᠤᠰᠤᠳ ᠭᠠᠵᠠᠷ ᠣᠷᠣᠨ ᠢ ᠲᠦᠭᠰᠢᠭᠦᠷᠢ ᠪᠠᠭᠠᠲᠠᠶ ᠣᠷᠣᠨ ᠭᠡᠨ᠎ᠡ᠃       ᠲᠦᠭᠰᠢᠭᠦᠷᠢ ᠶᠡᠬᠡᠲᠡᠶ ᠣᠷᠣᠨ ᠨᠢ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠨᠢᠭᠤᠷ︶︾ ᠤᠨ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ᠂ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃      ᠣᠳᠣᠬᠠᠨ ᠳᠤ ᠮᠠᠨ ᠤ ᠬᠤᠲᠠ ᠶᠢᠨ ᠬᠢᠵᠢᠭ ᠤᠨ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠵᠤ᠂ ᠨᠡᠶᠢᠭᠡᠮ ᠤᠨ ᠲᠠᠯ᠎ᠠ ᠠᠴᠠ ᠨᠢᠭᠤᠭᠳᠠᠮᠠᠯ ᠲᠠᠷᠬᠠᠭᠠᠬᠤ ᠠᠶᠤᠯ ᠲᠦᠭᠰᠢᠭᠦᠷᠢ ᠮᠥᠨ ᠣᠷᠣᠰᠢᠭᠰᠠᠭᠠᠷ ᠪᠠᠶᠢᠨ᠎ᠠ᠃ ᠤᠯᠠᠨ ᠢᠶᠠᠷ ᠢᠶᠠᠨ ᠦᠷᠭᠦᠯᠵᠢᠯᠡᠨ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠠᠮᠠᠪᠴᠢ ᠵᠡᠭᠦᠵᠦ᠂ ᠭᠠᠷ ᠢᠶᠠᠨ ᠰᠠᠶᠢᠲᠤᠷ ᠤᠬᠢᠶᠠᠵᠤ᠂ ᠰᠠᠯᠬᠢ ᠵᠢᠪᠠᠷ ᠨᠡᠪᠲᠡᠷᠡᠭᠦᠯᠵᠦ᠂ ᠴᠤᠭᠯᠠᠷᠠᠬᠤ ᠦᠭᠡᠢ ᠪᠠᠶᠢᠬᠤ ᠶᠢ ᠪᠠᠷᠢᠮᠲᠠᠯᠠᠬᠤ ᠶᠢ ᠬᠦᠰᠡᠶ᠎ᠡ︔ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠲᠠᠢ ᠢᠳᠡᠪᠬᠢᠲᠡᠶ ᠬᠠᠮᠵᠢᠯᠴᠠᠵᠤ᠂ 2 ᠮᠧᠲᠷ ᠤᠨ ᠵᠠᠶ ᠶᠢ ᠪᠠᠲᠤᠯᠠᠨ᠎ᠠ᠃ ᠣᠯᠠᠨ ᠨᠡᠶᠢᠲᠡ ᠶᠢᠨ ᠲᠠᠯᠠᠪᠤᠷ ᠲᠤ ᠣᠷᠣᠵᠤ ᠬᠡᠷᠡᠯ ᠰᠢᠷᠪᠢᠯᠲᠡ ᠶᠢᠨ ᠺᠣᠳ᠋᠂ ᠳᠤᠯᠠᠭᠠᠨ ᠢ ᠬᠡᠮᠵᠢᠬᠦ᠂ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ᠶᠢ ᠪᠠᠶᠢᠴᠠᠭᠠᠨ ᠰᠢᠯᠭᠠᠬᠤ ᠵᠡᠷᠭᠡ ᠠᠷᠭ᠎ᠠ ᠬᠡᠮᠵᠢᠶ᠎ᠡ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠨ᠎ᠠ︔ ᠬᠡᠷᠪᠡ ᠬᠤᠭᠤᠯᠠᠶ ᠬᠠᠲᠠᠬᠤ᠂ ᠬᠠᠯᠠᠭᠤᠷᠠᠬᠤ᠂ ᠬᠠᠮᠠᠷ ᠪᠥᠭᠯᠡᠷᠡᠬᠦ᠂ ᠨᠢᠰᠤ ᠭᠤᠭᠤᠵᠢᠬᠤ ᠵᠡᠷᠭᠡ ᠬᠡᠪ ᠤᠨ ᠪᠤᠰᠤ ᠢᠯᠡᠷᠡᠯ ᠲᠠᠢ ᠪᠠᠶᠢᠪᠠᠯ᠂ ᠲᠡᠷᠡ ᠳᠠᠷᠤᠶ ᠳᠤᠨᠢ ᠨᠡᠶᠢᠭᠡᠮ ᠲᠣᠭᠤᠷᠢᠭ ︵ᠲᠣᠰᠬᠤᠨ︶ ᠳᠤ ᠮᠡᠳᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠢᠭᠠᠨ ᠲᠣᠭᠲᠠᠭᠠᠭᠰᠠᠨ ᠡᠮᠨᠡᠯᠭᠡ ᠶᠢᠨ ᠬᠤᠷᠢᠶᠠᠨ ᠤ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠬᠦ ᠬᠡᠷᠡᠭᠲᠡᠶ᠃      ᠲᠣᠰ ᠵᠠᠷᠯᠠᠯ ᠢ ᠨᠡᠶᠢᠲᠡᠯᠡᠭᠰᠡᠨ ᠴᠠᠭ ᠠᠴᠠ ᠡᠬᠢᠯᠡᠨ ᠬᠡᠷᠡᠭᠵᠢᠭᠦᠯᠵᠦ᠂ ᠵᠠᠯᠭᠠᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠴᠠᠭ ᠲᠤᠬᠠᠶ ᠳᠤᠨᠢ ᠲᠣᠬᠢᠷᠠᠭᠤᠯᠤᠯᠲᠠ ᠬᠢᠬᠦ ᠪᠣᠯᠤᠨ᠎ᠠ᠃   ᠬᠠᠶᠢᠷᠤᠪ ᠤᠨ ᠲᠤᠬᠤᠢ ᠲᠤᠭᠤᠷᠢᠭ ᠤᠨ ᠰᠢᠨ᠎ᠡ ᠲᠢᠲᠢᠮᠯᠢᠭ  ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                 2022 ᠣᠨ ᠤ 11 ᠰᠠᠷ᠎ᠠ ᠶᠢᠨ 20 ᠤ ᠡᠳᠤᠷ 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号