ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠳᠠᠬᠢᠨᠲᠠ ᠢᠷᠠᠭᠤ ᠠᠯᠳᠠᠷ ᠢ ᠬᠦᠷᠳᠡᠪᠡ
ᠨᠡᠶᠢᠲᠡᠯᠡᠭᠰᠡᠨ ᠴᠠᠭ᠄
2022/11/22
     ᠰᠠᠶ᠋ᠢᠬᠠᠨ ᠨᠡᠶᠢᠲᠡᠯᠡᠭᠳᠡᠭᠰᠡᠨ ᠵᠢᠷᠭᠤᠳᠤᠭᠠᠷ ᠪᠦᠯᠦᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠶᠢᠨ ᠨᠡᠷᠡᠰ ᠤᠨ ᠵᠢᠭᠰᠠᠭᠠᠯᠲᠠ ᠳᠤ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠨᠡᠷ᠎ᠡ ᠠᠯᠳᠠᠷᠰᠢᠵᠠᠢ᠃      ᠶᠡᠷᠦ ᠠᠴᠠ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ ᠡᠨᠡᠬᠦ ᠭᠤᠣᠯ ᠰᠢᠵᠢᠮ ᠢ ᠴᠢᠩᠭ᠎ᠠ ᠠᠳᠬᠤᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠪᠦᠬᠦ ᠲᠤᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢ ᠵᠠᠯᠠᠭᠤᠴᠤᠳ ᠪᠠᠭᠠᠴᠤᠳ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠠᠵᠢᠯ ᠢ ᠭᠦᠨᠵᠡᠭᠡᠶ ᠥᠷᠨᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠬᠡᠪᠡᠷ ᠪᠠᠳᠠᠷᠠᠭᠤᠯᠤᠨ ᠵᠠᠯᠭᠠᠮᠵᠢᠯᠠᠵᠤ᠂ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠲᠦ ᠳᠣᠲᠣᠨᠣ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ︾ ᠰᠦᠷ ᠳᠠᠯᠠᠶᠢᠴᠠᠲᠠᠶ ᠬᠦᠴᠦᠨ ᠢ ᠨᠢᠭᠲᠠᠷᠠᠭᠤᠯᠵᠤ᠂ ᠣᠯᠠᠨ  ᠵᠤᠶᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠶᠡᠬᠡᠪᠡᠷ ᠠᠬᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠦᠨᠳᠦᠰᠦᠲᠡᠨ ᠤ ᠴᠡᠴᠡᠭ ᠢ ᠰᠤᠷᠭᠠᠭᠤᠯᠢ ᠶᠢᠨ ᠬᠦᠷᠢᠶᠡᠨ ᠳᠤ ᠥᠨᠢᠳᠡ ᠴᠡᠴᠡᠭᠯᠡᠭᠦᠯᠦᠨ ᠳᠡᠯᠭᠡᠷᠡᠭᠦᠯᠦᠨ᠎ᠡ᠃     ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠬᠠᠭᠤᠯᠭ᠎ᠠ ᠶᠢᠨ ᠠᠭᠤᠷ ᠠᠮᠢᠰᠬᠤᠯ ᠢ ᠶᠡᠬᠡᠪᠡᠷ ᠪᠦᠬᠦ ᠣᠷᠣᠨ ᠤ 60 ᠭᠠᠷᠤᠢ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠳ ᠵᠢᠷᠬᠢᠶ᠎ᠡ  ᠶᠢᠨ ᠪᠦᠯᠦᠭᠯᠡᠯ᠂ ᠵᠢᠷᠬᠢᠶ᠎ᠡ  ᠶᠢᠨ ᠤᠯᠠᠨ ᠨᠡᠶᠢᠲᠡ ᠶᠢᠨ ᠲᠠᠪᠴᠠᠩ᠂ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ᠂ ᠬᠥᠨᠳᠡᠯᠡᠨ ᠪᠢᠴᠢᠭᠡᠰᠦ ᠤᠷᠢᠶ᠎ᠠ ᠯᠣᠽᠦ᠋ᠩ᠂ ᠤᠬᠠᠭᠤᠯᠭ᠎ᠠ ᠶᠢᠨ ᠰᠠᠮᠪᠠᠷ᠎ᠠ᠂ ᠰᠠᠮᠪᠠᠷ᠎ᠠ ᠶᠢᠨ ᠰᠣᠨᠢᠨ ᠡᠯᠭᠦᠬᠦ᠂ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠦᠨᠳᠦᠰᠦᠲᠡᠨ ᠤ ᠪᠦᠯᠬᠦᠮᠳᠡᠯ ᠤᠨ ᠮᠡᠳᠡᠯᠭᠡ ᠶᠢ ᠶᠡᠬᠡᠪᠡᠷ ᠤᠬᠠᠭᠤᠯᠪᠠ᠃ ᠡᠭᠦᠨ ᠤ ᠬᠠᠮᠲᠤ ᠡᠯᠧᠺᠲᠷᠣᠨ ᠳᠡᠯᠭᠡᠴᠡ ᠪᠠᠷ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠤᠨ ᠤᠬᠠᠭᠤᠯᠭ᠎ᠠ ᠶᠢᠨ ᠯᠣᠽᠦ᠋ᠩ ᠢ 500 ᠭᠠᠷᠤᠶ ᠨᠡᠪᠲᠡᠷᠡᠭᠦᠯᠵᠦ᠂ ᠦᠨᠳᠦᠰᠦᠲᠡᠨ ᠤ ᠰᠣᠶᠣᠯ ᠤᠨ ᠮᠡᠳᠡᠯᠭᠡ ᠵᠢᠴᠢ ᠦᠨᠳᠦᠰᠦᠲᠡᠨ ᠤ ᠠᠵᠢᠯᠯᠠᠭᠠᠨ ᠤ ᠦᠵᠡᠭᠦᠯᠦᠯᠭᠡ ᠶᠢᠨ ᠰᠠᠮᠪᠠᠷ᠎ᠠ ᠶᠢ 30 ᠭᠠᠷᠤᠶ ᠦᠢᠯᠡᠳᠴᠦ᠂ ᠦᠨᠳᠦᠰᠦᠲᠡᠨ ᠤ ᠪᠦᠯᠬᠦᠮᠳᠡᠯ ᠤᠨ ᠮᠡᠳᠡᠪᠡᠯ ᠵᠣᠬᠢᠬᠤ ᠭᠠᠷ ᠠᠪᠤᠯᠭ᠎ᠠ ᠶᠢ 100 ᠭᠠᠷᠤᠶ ᠳᠡᠪᠲᠡᠷ ᠲᠠᠷᠬᠠᠭᠠᠵᠤ᠂ ᠣᠶᠢᠯᠠᠭᠠᠬᠤ ᠨᠤᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠬᠠᠭᠤᠯᠭ᠎ᠠ ᠶᠢᠨ ᠠᠵᠢᠯ ᠤᠨ ᠲᠠᠲᠠᠬᠤ ᠬᠦᠴᠦᠨ᠂ ᠨᠥᠯᠥᠭᠡᠯᠡᠬᠦ ᠬᠦᠴᠦᠨ ᠪᠠ ᠨᠥᠯᠥᠭᠡᠯᠡᠬᠦ ᠬᠦᠴᠦᠨ ᠢ ᠴᠢᠷᠮᠠᠶᠢᠨ ᠨᠡᠮᠡᠭᠳᠡᠭᠦᠯᠵᠦ᠂ ᠭᠦᠨ ᠵᠤᠵᠠᠭᠠᠨ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠢ ᠪᠣᠯᠭᠠᠪᠠ᠃      ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠭᠤᠣᠯ ᠰᠡᠳᠦᠪᠲᠦ ᠠᠵᠢᠯᠯᠠᠭ᠎ᠠ ᠶᠢ ᠢᠳᠡᠪᠬᠢᠲᠡᠶ ᠠᠬᠢᠭᠤᠯᠤᠨ᠎ᠠ᠃ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠬᠢᠭᠡᠳ ᠬᠠᠤᠯᠢ ᠪᠠᠷ ᠵᠠᠰᠠᠬᠤ ᠬᠥᠮᠦᠵᠢᠯ ᠢ ᠣᠷᠭᠠᠨᠢᠭ ᠢᠶᠠᠷ ᠤᠶᠠᠯᠳᠤᠭᠤᠯᠤᠨ᠎ᠠ᠃ ᠪᠠᠭᠰᠢ ᠠᠵᠢᠯᠲᠠᠨ ᠤ ᠶᠡᠭᠡ ᠬᠤᠷᠠᠯ᠂ ᠠᠮᠠᠯᠠᠯᠲᠠ ᠶᠢᠨ ᠪᠢᠴᠢᠭ᠂ ᠤᠯᠤᠰ ᠤᠨ ᠲᠤᠭ ᠤᠨ ᠳᠣᠣᠷ᠎ᠠ ᠶᠠᠷᠢᠶ᠎ᠠ ᠲᠠᠯᠪᠢᠬᠤ᠂ ᠰᠤᠷᠭᠠᠭᠤᠯᠢ ᠡᠬᠢᠯᠡᠬᠦ ᠭᠡᠷ ᠤᠨ ᠠᠬᠠᠮᠠᠳ ᠤᠨ ᠠᠩᠬᠠᠨ ᠤ ᠬᠢᠴᠢᠶᠡᠯ᠂ ᠶᠣᠰᠣ ᠰᠤᠷᠲᠠᠬᠤᠨ ᠤ ᠬᠢᠴᠢᠶᠡᠯ ᠤᠨ ᠲᠠᠩᠬᠢᠮ ᠵᠡᠷᠭᠡ ᠬᠡᠯᠪᠡᠷᠢ ᠪᠠᠷ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠲᠦᠯᠬᠢᠨ ᠠᠬᠢᠭᠤᠯᠤᠨ᠎ᠠ᠃ ᠡᠪᠯᠡᠯ ᠤᠨ ︵ᠪᠠᠭᠠᠴᠤᠳ ᠤᠨ ᠬᠤᠰᠢᠭᠤᠴᠢ︶ ᠠᠩᠭᠢ ᠶᠢᠨ ᠵᠣᠬᠢᠶᠠᠨ ᠪᠠᠶᠢᠭᠤᠯᠤᠯᠲᠠ ᠶᠢᠨ ᠬᠥᠮᠦᠨ ᠬᠥᠮᠦᠵᠢᠭᠦᠯᠬᠦ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ᠂ ᠠᠩᠭᠢ ︵ᠪᠦᠯᠬᠦᠮ︶᠎ ᠶᠢᠨ ᠠᠩᠭᠢ ᠶᠢᠨ ᠬᠤᠷᠠᠯ᠂ ᠲᠤᠭ ᠮᠠᠨᠳᠤᠭᠤᠯᠬᠤ ᠶᠣᠰᠣᠯᠠᠯ᠂ ᠶᠠᠷᠢᠶ᠎ᠠ ᠢᠯᠡᠳᠬᠡᠯ ᠡᠬᠡ ᠪᠢᠴᠢᠭ ᠡᠯᠰᠡᠬᠦ ᠤᠷᠤᠯᠳᠤᠭᠠᠨ ᠵᠡᠷᠭᠡ ᠬᠡᠯᠪᠡᠷᠢ ᠪᠠᠷ  ︽ᠪᠢ ᠪᠣᠯ ᠵᠢᠵᠢᠭᠬᠡᠨ ᠠᠨᠠᠷ ᠤᠨ ᠦᠷ᠎ᠡ᠂ ᠳᠤᠮᠳᠠᠳᠤ ᠶᠢᠨ ᠦᠨᠳᠦᠰᠦᠲᠡᠨ ᠪᠣᠯ ᠨᠢᠭᠡ ᠭᠡᠷ ᠤᠨ ᠬᠦᠮᠤᠰ ᠮᠥᠨ︾᠂ ︽ᠡᠬᠡ ᠤᠯᠤᠰ ᠪᠣᠯ ᠶᠡᠭᠡ ᠭᠡᠷ ᠪᠦᠯᠢ ᠮᠥᠨ᠂ 56 ᠦᠨᠳᠦᠰᠦᠲᠡᠨ ᠪᠣᠯ ᠨᠢᠭᠡ ᠭᠡᠷ ᠤᠨ ᠬᠦᠮᠤᠰ ᠮᠥᠨ︾᠂  ︽ᠬᠡᠦᠬᠡᠳ ᠢᠶᠠᠷ ᠨᠠᠮ ᠳᠠᠭᠠᠨ ᠬᠠᠨᠳᠤᠬᠤ · ᠦᠨᠳᠦᠰᠦᠲᠡᠨ ᠤ ᠪᠦᠯᠬᠦᠮᠳᠡᠯ ᠤᠨ ᠠᠨᠠᠷ ᠤᠨ ᠦᠷ᠎ᠡ ᠪᠣᠯᠬᠤ ᠪᠠᠷ ᠲᠡᠮᠡᠴᠡᠬᠦ︾᠂ ︽ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾ ᠵᠡᠷᠭᠡ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ 200 ᠭᠠᠷᠤᠢ ᠲᠠᠯᠠᠪᠠᠢ ᠥᠷᠨᠢᠭᠦᠯᠵᠡᠢ᠃ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠢᠨ ᠤᠯᠠᠭᠠᠨ ᠪᠥᠴᠡᠲᠡᠨ ᠤ ᠱᠠᠩᠨᠠᠯ ᠤᠨ ᠲᠡᠮᠳᠡᠭ ᠤᠨ ᠤᠨᠴᠠᠯᠢᠬᠳᠤ ᠲᠡᠮᠳᠡᠭ — ︽ᠵᠢᠵᠢᠭ ᠠᠨᠠᠷ ᠤᠨ ᠦᠷ᠎ᠡ ᠶᠢᠨ ᠲᠡᠮᠳᠡᠭ︾᠎ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠰᠤᠷᠭᠠᠨ ᠬᠥᠮᠦᠵᠢᠯ ᠤᠨ ᠪᠥᠬᠦ ᠶᠠᠪᠤᠴᠠ ᠳᠤ ᠠᠭᠤᠰᠤᠯᠴᠠᠭᠤᠯᠪᠠ᠃     ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠨᠢ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠦᠷᠭᠦᠯᠵᠢᠯᠡᠨ ᠭᠦᠨᠵᠡᠭᠡᠶ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠤᠷᠭᠠᠭᠤᠯᠢ ︵ᠬᠦᠷᠢᠶᠡᠯᠡᠩ︶᠎ ᠶᠢ ᠡᠭᠦᠳᠦᠨ ᠪᠠᠶᠢᠭᠤᠯᠬᠤ ᠠᠵᠢᠯ ᠢ ᠴᠢᠩᠭᠠᠳᠬᠠᠨ᠂ ᠪᠥᠬᠦ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢ ᠴᠢᠷᠮᠠᠶᠢᠨ ᠡᠭᠦᠳᠴᠦ᠂  ᠬᠠᠶᠢᠷᠤᠪ ᠤᠨ ᠲᠤᠬᠤᠢ ᠲᠣᠭᠤᠷᠢᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号