ᠨᠠᠶᠢᠳᠠᠪᠤᠷᠢᠵᠢᠭᠤᠯᠤᠯᠲᠠ ᠶᠢᠨ ᠲᠤᠬᠠᠶ ⑤ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠶ ᠥᠭᠦᠯᠡᠬᠦ ᠨᠢ
ᠨᠡᠶᠢᠲᠡᠯᠡᠭᠰᠡᠨ ᠴᠠᠭ᠄
2022/11/9
     ᠦᠬᠠᠢ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠲᠤᠪᠴᠢᠶᠠᠨ ᠤ ᠬᠠᠶᠢᠷᠤᠪ ᠤᠨ ᠲᠤᠬᠤᠢ ᠶᠢᠨ ᠬᠤᠪᠢᠶᠠᠷᠢ ᠲᠤᠪᠴᠢᠶᠠᠨ ᠤ ᠸᠧᠢ ᠸᠧᠢ᠄ ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠡᠷᠬᠡᠪᠰᠢ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠤᠰᠤ ᠮᠥᠨ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠦᠨᠳᠦᠷᠴᠡ ᠠᠴᠠ ᠬᠥᠭᠵᠢᠯᠲᠡ ᠶᠢ ᠰᠦᠪᠡᠭᠴᠢᠯᠡᠬᠦ ᠬᠡᠷᠡᠭᠲᠡᠢ ᠭᠡᠵᠦ ᠳᠤᠷᠠᠳᠴᠠᠢ᠃ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠪᠣᠯ ᠬᠠᠮᠤᠭ ᠤᠨ ᠡᠷᠬᠡ ᠲᠡᠭᠰᠢ ᠤᠯᠠᠨ ᠨᠡᠶᠢᠲᠡ ᠶᠢᠨ ᠪᠦᠲᠦᠭᠡᠭᠳᠡᠬᠦᠨ᠂ ᠬᠠᠮᠤᠭ ᠤᠨ ᠲᠦᠭᠡᠮᠡᠯ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠪᠣᠯᠤᠨ᠎ᠠ᠂ ᠤᠢᠢᠷ᠎ᠠ ᠶᠢᠨ ᠵᠢᠯ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠭᠤᠶᠢᠪᠢᠰᠢ ᠦᠭᠡᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠭᠦᠨᠵᠡᠭᠡᠢ ᠬᠡᠷᠡᠭᠵᠢᠭᠦᠯᠵᠦ᠂ ︽ᠳᠤᠯᠤᠭ᠎ᠠ ᠶᠢ ᠵᠠᠰᠠᠬᠤ︾ ᠬᠠᠮ ᠠᠷᠭ᠎ᠠ ᠪᠤᠳᠤᠯᠭ᠎ᠠ ᠶᠢ ᠬᠡᠷᠡᠭᠯᠡᠵᠦ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠦᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠤᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃ ᠲᠠᠷᠠᠭᠠᠴᠢ ᠶᠢᠨ ᠠᠵᠢᠯ ᠤᠨ ᠳᠤᠮᠳᠠ ᠪᠠᠨ᠂ ᠪᠢᠳᠡ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠢᠯᠡᠳᠬᠡᠯ ᠳᠤ ᠳᠤᠷᠠᠳᠤᠭᠰᠠᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠳᠤᠷᠠᠳᠤᠭᠰᠠᠨ ᠰᠢᠨ᠎ᠡ ᠬᠠᠷᠠᠯᠲᠠ ᠰᠢᠨ᠎ᠡ ᠡᠭᠦᠷᠭᠡ ᠶᠢ ᠰᠠᠶᠢᠲᠤᠷ ᠲᠤᠤᠱᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠶ ᠡᠵᠡᠮᠰᠢᠵᠦ᠂ ᠣᠷᠴᠢᠨ ᠲᠣᠭᠤᠷᠢᠨ ᠤ ᠶᠠᠰᠤ ᠴᠢᠨᠠᠷ ᠤᠨ ︽ᠨᠡᠩ ᠰᠠᠶᠢᠨ ᠪᠣᠯᠬᠤ ᠠᠴᠠ ᠪᠢᠰᠢ᠂ ᠮᠠᠭᠤᠳᠠᠭᠤᠯᠵᠤ ᠪᠣᠯᠬᠤ ᠦᠭᠡᠶ︾ ᠭᠡᠬᠦ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠳᠣᠯᠣᠭᠠᠨ ᠵᠠᠰᠠᠯᠲᠠ ᠪᠠᠷ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠬᠠᠶᠢᠷᠤᠪ ᠤᠨ ᠲᠤᠬᠤᠢ ᠶᠢᠨ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠶ ᠠᠬᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠳᠤᠪᠤᠶᠢᠮ᠎ᠠ ︿ᠠᠰᠠᠭᠤᠳᠠᠯ ᠤᠨ ᠨᠠᠷᠢᠨ ᠳᠠᠩᠰᠠ﹀᠎ ᠶᠢ ᠠᠷᠠᠳ ᠤᠯᠠᠨ ᠤ ︿ᠵᠣᠯ ᠵᠢᠷᠭᠠᠯ ᠤᠨ ᠳᠠᠩᠰᠠ﹀ ᠪᠣᠯᠭᠠᠨ ᠬᠤᠪᠢᠷᠠᠭᠤᠯᠬᠤ ᠪᠠᠷ ᠬᠦᠴᠦᠯᠡᠵᠦ᠂ ᠥᠨᠳᠥᠷ ᠲᠦᠪᠰᠢᠨ ᠤ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠴᠢᠬᠤᠯᠠ ᠶᠡᠭᠡ  ᠰᠢᠢᠤᠡᠪᠤᠷᠢᠳᠤ ᠪᠤᠳᠤᠯᠭ᠎ᠠ ᠪᠠᠶᠢᠷᠢᠯᠠᠭᠤᠯᠤᠯᠲᠠ ᠶᠢ ᠠᠯᠬᠤᠮ ᠠᠯᠬᠤᠮ ᠢᠶᠠᠷ ᠪᠣᠳᠠᠲᠠᠢ ᠳᠤ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠪᠠᠷ ᠬᠠᠶᠢᠷᠤᠪ ᠤᠨ ᠲᠤᠬᠤᠢ ᠲᠤᠭᠤᠷᠢᠭ ᠤᠨ ᠬᠥᠭᠵᠢᠯᠲᠡ ᠶᠢᠨ ᠠᠷᠭ᠎ᠠ ᠬᠡᠯᠪᠡᠷᠢ ᠶᠢ ᠲᠦᠷᠭᠡᠳᠬᠡᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ︾ ᠭᠡᠵᠦ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号