ᠯᠦᠸᠧ ᠶᠠᠨ᠄ ᠦᠢᠯᠡ ᠠᠵᠢᠯᠯᠠᠭ᠎ᠠ ᠨᠢ ᠤᠭ ᠰᠠᠨᠠᠭ᠎ᠠ ᠶᠢ ᠲᠠᠶᠢᠯᠪᠤᠷᠢᠯᠠᠵᠤ᠂ ᠦᠨᠡᠨ ᠰᠡᠳᠬᠢᠯᠭᠡ ᠪᠠᠷ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2022/12/13
       ᠬᠠᠶᠢᠷᠤᠪ ᠤᠨ ᠲᠤᠬᠤᠢ ᠲᠣᠭᠤᠷᠢᠭ ᠤᠨ ᠯᠢᠨ ᠶᠢᠨ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠶᠢᠨ ᠳᠡᠳ᠋ ᠱᠦᠵᠢ ᠯᠦᠸᠧ ᠶᠠᠨ ᠦᠨᠳᠦᠰᠦᠨ ᠱᠠᠲᠤᠨ ᠳᠤ ᠦᠨᠳᠦᠰᠦᠯᠡᠵᠦ᠂ ᠠᠷᠠᠳ ᠲᠦᠮᠡᠨ ᠳᠤ ᠦᠢᠯᠡᠴᠢᠯᠡᠬᠦ ᠤᠬ ᠰᠠᠨᠠᠭ᠎ᠠ ᠪᠠᠨ ᠢᠮᠠᠭᠲᠠ ᠪᠠᠷᠢᠮᠲᠠᠯᠠᠵᠤ᠂ ᠰᠠᠭᠤᠭᠠᠯᠢ ᠠᠷᠠᠳ ᠲᠤ ᠰᠠᠶᠢᠨ ᠶᠠᠪᠤᠳᠠᠯ᠂ ᠪᠣᠳᠠᠲᠠᠢ ᠶᠠᠪᠤᠳᠠᠯ ᠬᠢᠬᠦ ᠪᠠᠷ ᠴᠢᠷᠮᠠᠶᠢᠵᠤ᠂ ᠬᠠᠷᠢᠭᠤᠴᠠᠯᠭ᠎ᠠ ᠡᠭᠦᠷᠭᠡᠯᠡᠬᠦ ᠪᠠᠷ ᠡᠭᠦᠷᠭᠡ ᠬᠠᠷᠢᠭᠤᠴᠠᠯᠭ᠎ᠠ ᠪᠠᠨ ᠲᠠᠶᠢᠯᠪᠤᠷᠢᠯᠠᠵᠤ᠂ ᠬᠠᠷᠢᠭᠤᠴᠠᠯᠭ᠎ᠠ ᠪᠠᠷ ᠦᠨ᠎ᠡ ᠦᠷᠳᠡᠭ ᠢᠶᠠᠨ ᠪᠡᠶᠡᠯᠡᠭᠦᠯᠵᠡᠢ᠂ ᠡᠨᠡ ᠵᠢᠯ ᠲᠡᠷᠡ ᠦᠬᠠᠢ ᠬᠤᠳᠠ ᠶᠢᠨ ᠬᠠᠷᠢᠭᠤᠴᠠᠯᠭ᠎ᠠ ᠡᠭᠦᠷᠭᠡᠯᠡᠬᠦ ᠪᠠᠷ ᠰᠠᠶᠢᠨ ᠺᠠᠳ᠋ᠷ ᠢᠶᠠᠷ ᠦᠨᠡᠯᠡᠭᠳᠡᠪᠡ᠃       ᠡᠨᠡ ᠬᠤᠶᠠᠷ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠯᠢᠨ ᠶᠢᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ ᠯᠦᠸᠧ ᠶᠠᠨ ᠠᠵᠢᠯᠲᠠᠳ ᠢᠶᠠᠨ ᠳᠠᠭᠠᠭᠤᠯᠤᠨ ᠪᠠᠭ᠎ᠠ ᠲᠣᠭᠤᠷᠢᠭ᠂ ᠬᠥᠷᠰᠢ ᠵᠡᠷᠭᠡᠯᠡᠳᠡᠭᠡ ᠪᠠᠷ ᠨᠢᠭᠡᠴᠡ ᠪᠣᠯᠭᠠᠨ ᠣᠷᠣᠨ ᠲᠣᠭᠤᠷᠢᠭ ᠬᠤᠪᠢᠶᠠᠨ ᠰᠤᠷᠪᠤᠯᠵᠢᠯᠠᠵᠤ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠴᠤᠭᠯᠠᠭᠤᠯᠵᠤ᠂ 2023 ᠣᠨ ᠤ ᠠᠵᠢᠯ ᠳᠤ ᠰᠠᠶᠢᠨ ᠰᠠᠭᠤᠷᠢ ᠲᠠᠯᠪᠢᠵᠤ ᠥᠭᠴᠡᠢ᠃ ︽ᠨᠡᠶᠢᠭᠡᠮ ᠲᠣᠭᠤᠷᠢᠭ ᠤᠨ ᠶᠠᠪᠤᠳᠠᠯ ᠪᠣᠯ ᠳᠠᠷᠤᠶ ᠥᠪᠡᠷ ᠤᠨ ᠶᠠᠪᠤᠳᠠᠯ ᠮᠥᠨ︾ ᠭᠡᠳᠡᠭ ᠪᠣᠯ ᠯᠦᠸᠧ ᠶᠠᠨ ᠠᠵᠢᠯ ᠤᠨ ᠳᠤᠮᠳᠠ ᠪᠠᠨ ᠦᠷᠭᠦᠯᠵᠢ ᠬᠡᠯᠡᠳᠡᠭ ᠦᠭᠡ ᠪᠣᠯᠤᠨ᠎ᠠ᠃ ᠰᠠᠭᠤᠭᠠᠯᠢ ᠠᠷᠠᠳ ᠲᠡᠭᠦᠨ ᠢ ᠡᠷᠢᠳᠡᠭ ᠯᠡ ᠶᠤᠮ ᠪᠣᠯ ᠲᠡᠷᠡ ᠬᠡᠷᠡᠭ ᠤᠴᠢᠷ ᠤᠨ ᠰᠢᠯᠲᠠᠭᠠᠨ ᠢ ᠬᠦᠯᠢᠴᠡᠩᠭᠦᠶ ᠪᠠᠷ ᠰᠣᠨᠣᠰᠴᠤ᠂ ᠰᠠᠭᠤᠭᠠᠯᠢ ᠠᠷᠠᠳ ᠨᠢᠭᠡᠪᠦᠷᠢ ᠶᠢᠨ ︽ᠳᠠᠭᠠᠭᠠᠯᠭᠠᠬᠤ︾ ᠡᠭᠦᠷᠭᠡ ᠶᠢ ᠨᠠᠷᠢᠨ ᠬᠢᠨᠠᠮᠠᠭᠠᠶ ᠭᠦᠢᠴᠡᠳᠬᠡᠳᠡᠭ᠃ ᠠᠵᠢᠯ ᠤᠨ ᠳᠤᠮᠳᠠ ᠪᠠᠨ ᠲᠡᠷᠡ ᠬᠡᠵᠢᠶᠡᠳᠡ ︽ᠠᠷᠠᠳ ᠤᠨ ᠪᠠᠶᠢᠳᠠᠯ ᠤᠨ ᠡᠳᠦᠷ ᠤᠨ ᠲᠡᠮᠳᠡᠭᠯᠡᠯ︾᠎ ᠢ ᠪᠡᠶ᠎ᠡ ᠳᠡᠭᠡᠨ ᠠᠪᠴᠤ ᠶᠠᠪᠤᠳᠠᠭ ᠪᠥᠭᠡᠳ ᠰᠤᠷᠤᠯᠭ᠎ᠠ ᠶᠢᠨ ᠲᠡᠮᠳᠡᠭᠯᠡᠯ ᠢᠶᠠᠨ ᠨᠠᠷᠢᠨ ᠲᠡᠮᠳᠡᠭᠯᠡᠳᠡᠭ ᠪᠥᠭᠡᠳ ᠠᠵᠢᠯ ᠤᠨ ᠳᠤᠮᠳᠠ ᠪᠠᠨ ᠪᠡᠶᠡᠯᠡᠭᠦᠯᠬᠦ ᠴᠢᠬᠤᠯᠠᠲᠠᠶ ᠵᠦᠢᠯ ᠤᠳ ᠢ ᠴᠦ ᠨᠠᠷᠢᠨ ᠲᠡᠮᠳᠡᠭᠯᠡᠳᠡᠭ ᠪᠣᠯᠬᠤᠷ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠡᠶᠢᠲᠡᠯᠡᠬᠦ ᠪᠦᠷᠢ ᠲᠡᠷᠡ ᠴᠥᠮ ᠨᠠᠷᠢᠨ ᠨᠢᠮᠪᠠᠶ ᠰᠤᠳᠤᠯᠤᠨ ᠤᠩᠰᠢᠵᠤ᠂ ᠲᠡᠮᠳᠡᠭᠯᠡᠯ ᠢᠶᠠᠨ ᠰᠠᠶᠢᠲᠤᠷ ᠬᠢᠵᠦ᠂ ᠠᠯᠢ ᠨᠢᠭᠡ ᠶᠢ ᠨᠢ ᠭᠡᠭᠡᠪᠡᠯ ᠰᠠᠭᠤᠭᠠᠯᠢ ᠠᠷᠠᠳ ᠲᠤ ᠭᠦᠢᠴᠡᠳ ᠳᠠᠮᠵᠢᠭᠤᠯᠵᠤ ᠴᠢᠳᠠᠬᠤ ᠦᠭᠡᠢ ᠠᠴᠠ ᠪᠣᠯᠭᠤᠮᠵᠢᠯᠠᠳᠠᠭ᠃      ᠬᠠᠶᠢᠷᠤᠪ ᠤᠨ ᠲᠤᠬᠤᠢ ᠲᠣᠭᠤᠷᠢᠭ ᠤᠨ ᠯᠢᠨ ᠶᠢᠨ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠶᠢᠨ ᠳᠡᠳ᠋ ᠱᠦᠵᠢ ᠯᠦᠸᠧ ᠶᠠᠨ᠄ ︽ᠦᠨᠳᠦᠰᠦᠨ ᠱᠠᠲᠤᠨ ᠤ ᠠᠵᠢᠯ ᠢ ᠬᠢᠬᠦ ᠳᠤ ᠰᠡᠳᠬᠢᠯ ᠲᠠᠯᠪᠢᠵᠤ ᠶᠠᠪᠤᠬᠤ ᠬᠡᠷᠡᠭᠲᠡᠢ᠂ ᠨᠡᠩ ᠴᠤ ᠭᠦᠶᠦᠬᠦ ᠬᠡᠷᠡᠭᠲᠡᠢ᠂ ᠭᠠᠭᠴᠠ ᠬᠦ ᠦᠨᠳᠦᠰᠦᠨ ᠱᠠᠲᠤᠨ ᠳᠤ ᠦᠨᠳᠦᠰᠦᠯᠡᠵᠦ᠂ ᠥᠪᠡᠷ ᠢ ᠪᠠᠨ ᠤᠯᠠᠨ ᠲᠦᠮᠡᠨ ᠤ ᠲᠦᠷᠦᠯ ᠰᠠᠳᠤᠨ ᠢᠶᠠᠨ ᠪᠣᠯᠭᠠᠪᠠᠯ ᠰᠠᠢᠢ ᠲᠡᠳᠡᠨ ᠳᠤ ᠨᠡᠩ ᠰᠠᠶᠢᠨ ᠦᠢᠯᠡᠴᠢᠯᠡᠵᠦ ᠂ ᠦᠨᠳᠦᠰᠦᠨ ᠱᠠᠲᠤᠨ ᠤ ᠠᠵᠢᠯ ᠢ ᠰᠠᠶᠢᠲᠤᠷ ᠬᠢᠵᠦ ᠴᠢᠳᠠᠨ᠎ᠠ︾ ᠭᠡᠵᠦ ᠬᠡᠯᠡᠪᠡ᠃      ᠨᠠᠮ ᠤᠨ ᠪᠠᠶᠢᠭᠤᠯᠤᠯᠲᠠ᠂ ᠠᠷᠠᠳ ᠤᠨ ᠶᠠᠪᠤᠳᠠᠯ᠂ ᠨᠡᠶᠢᠭᠡᠮ ᠤᠨ ᠪᠠᠲᠤᠯᠠᠭ᠎ᠠ᠂ ᠲᠥᠯᠥᠪᠯᠡᠭᠡᠲᠦ ᠦᠷᠡᠵᠢᠯ᠂ ᠠᠳᠠᠯ ᠠᠬᠤᠶ᠂ ᠣᠷᠴᠢᠨ ᠠᠬᠤᠶ ᠶᠢᠨ ᠬᠠᠮᠠᠭᠠᠯᠠᠯᠲᠠ᠂ ᠭᠠᠯ ᠤᠨᠲᠠᠷᠠᠭᠠᠬᠤ ᠁ ᠡᠯ᠎ᠡ ᠵᠤᠶᠢᠯ ᠤᠨ ᠠᠵᠢᠯ ᠤᠨ ᠢᠬᠢᠷ ᠰᠢᠬᠢᠷ᠂ ᠲᠦᠪᠡᠭ ᠪᠤᠳᠤᠯᠢᠶᠠᠨᠲᠠᠶ᠂ ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠲᠦᠪᠰᠢᠨ ᠢ ᠬᠡᠷᠬᠢᠨ ᠳᠡᠭᠡᠭᠰᠢᠯᠡᠭᠦᠯᠬᠦ ᠪᠣᠶ ᠭᠡᠳᠡᠭ ᠪᠣᠯ ᠯᠦᠸᠧ ᠶᠠᠨ ᠦᠷᠭᠦᠯᠵᠢ ᠪᠣᠳᠣᠯᠬᠢᠯᠠᠳᠠᠭ ᠠᠰᠠᠭᠤᠳᠠᠯ ᠮᠥᠨ᠃ ᠯᠢᠨ ᠶᠢᠨ ᠵᠡᠭᠡᠯᠢ ᠭᠤᠳᠤᠮᠵᠢ ᠨᠢ ᠭᠤᠤᠯᠳᠠᠭᠤ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠨ ᠨᠡᠭᠦᠯᠭᠡᠭᠰᠡᠨ ᠰᠠᠭᠤᠭᠠᠯᠢ ᠠᠷᠠᠳ᠂ ᠨᠡᠭᠦᠳᠡᠯ ᠠᠷᠠᠳ ᠪᠠ ᠠᠭᠤᠷᠬᠠᠶ ᠶᠢᠨ ᠣᠷᠣᠨ ᠤ ᠨᠤᠷᠠᠭᠠᠵᠤ ᠨᠡᠭᠦᠯᠭᠡᠭᠰᠡᠨ ᠰᠠᠭᠤᠭᠠᠯᠢ ᠠᠷᠠᠳ ᠢᠶᠠᠷ ᠪᠦᠷᠢᠯᠳᠦᠵᠦ᠂ ᠬᠠᠷᠢᠶᠠᠲᠤ ᠣᠷᠣᠨ ᠤ ᠨᠠᠰᠤᠲᠠᠶᠢᠴᠤᠳ ᠤᠨ ᠬᠥᠮᠦᠨ ᠠᠮᠠ ᠣᠯᠠᠨ᠂ ᠶᠠᠳᠠᠭᠤ ᠬᠦᠴᠢᠷᠳᠡᠯᠲᠡᠶ ᠬᠥᠮᠦᠨ ᠠᠮᠠ ᠣᠯᠠᠨ᠂ ᠵᠡᠮᠳᠡᠭᠴᠦᠳ ᠣᠯᠠᠨ᠂ ᠵᠥᠷᠢᠴᠡᠯ ᠤᠨ ᠳᠠᠯᠳᠠ ᠬᠡᠮ ᠣᠯᠠᠨ ᠪᠠᠶᠢᠳᠠᠭ᠃ ᠰᠠᠭᠤᠭᠠᠯᠢ ᠠᠷᠠᠳ ᠢ ᠬᠠᠪᠰᠤᠷᠤᠨ ᠲᠥᠭᠡᠷᠢᠭᠳᠡᠯ ᠢ ᠨᠢ ᠵᠠᠯᠠᠷᠠᠭᠤᠯᠵᠤ᠂ ᠲᠤᠯᠭᠠᠷᠠᠭᠰᠠᠨ ᠠᠰᠠᠭᠤᠳᠠᠯ ᠢ ᠨᠢ ᠰᠢᠢᠤᠡᠪᠤᠷᠢᠯᠡᠬᠦ ᠶᠢᠨ ᠲᠥᠯᠥᠭᠡ᠂ ᠯᠦᠸᠧ ᠶᠠᠨ ᠲᠦᠷᠦᠭᠦᠯᠡᠨ ︽ᠰᠢᠶᠤᠤ ᠯᠢᠨ ᠤ ᠵᠣᠪᠠᠨᠢᠯ ᠢ ᠲᠠᠶᠢᠯᠬᠤ ᠠᠵᠢᠯ ᠤᠨ ᠲᠠᠰᠤᠭ︾᠎ ᠢ ᠪᠠᠶᠢᠭᠤᠯᠵᠤ᠂ ᠠᠷᠠᠳ ᠤᠨ ᠬᠦᠴᠢᠷᠳᠡᠯ ᠢ  ᠰᠢᠢᠤᠡᠪᠤᠷᠢᠯᠡᠵᠤ᠂ ᠵᠥᠷᠢᠴᠡᠯ ᠤᠨ ᠳᠠᠯᠳᠠ ᠬᠡᠮ ᠢ ᠠᠷᠢᠯᠭᠠᠪᠠ᠃ ᠲᠡᠷᠡ ᠪᠠᠰᠠ ︽ᠨᠠᠮ ᠤᠨ ᠪᠠᠶᠢᠭᠤᠯᠤᠯᠲᠠ + ᠠᠭᠤᠰᠤᠯᠴᠠᠭᠤᠯᠤᠨ ᠵᠠᠰᠠᠬᠤ︾᠎ ᠪᠠᠷ ᠳᠠᠮᠵᠢᠨ᠂ ᠰᠦᠯᠵᠢᠶᠡᠨ ᠤ ᠨᠠᠮ ᠤᠨ ᠡᠭᠦᠷ ᠨᠢᠭᠡᠪᠦᠷᠢ ᠶᠢᠨ ᠢᠳᠡᠪᠬᠢᠵᠢᠯ ᠢ ᠳᠠᠶᠢᠴᠢᠯᠠᠵᠤ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ︽ᠲᠠᠪᠤᠨ ᠬᠤᠷᠰᠢᠶ᠎ᠠ ᠬᠤᠯᠪᠣᠭᠠᠯᠠᠨ ᠬᠥᠳᠡᠯᠦᠯᠴᠡᠬᠦ︾᠂ ᠨᠡᠶᠢᠭᠡᠮ ᠤᠨ ᠠᠪᠤᠷᠠᠨ ᠲᠤᠰᠠᠯᠠᠯᠲᠠ᠂ ᠠᠵᠢᠯ ᠣᠯᠭᠤᠯᠲᠠ ᠶᠢᠨ ᠦᠢᠯᠡᠴᠢᠯᠡᠭᠡ᠂ ᠬᠤᠪᠢᠰᠬᠠᠯ ᠤᠨ ᠠᠳᠠᠯ ᠠᠬᠤᠢ ᠵᠡᠷᠭᠡ ᠠᠵᠢᠯ ᠢ ᠠᠭᠤᠰᠤᠯᠴᠠᠭᠤᠯᠬᠤ ᠪᠠᠷ ᠳᠠᠮᠵᠢᠭᠤᠯᠵᠤ᠂ ᠲᠦᠷᠦᠯ ᠬᠤᠪᠢᠶᠠᠨ ᠲᠦᠷᠦ ᠶᠢᠨ ᠪᠤᠳᠤᠯᠭ᠎ᠠ ᠬᠡᠷᠡᠭᠵᠢᠭᠦᠯᠵᠦ ᠰᠠᠭᠤᠭᠠᠯᠢ ᠠᠷᠠᠳ ᠲᠤ ᠨᠠᠷᠢᠯᠢᠬᠵᠢᠭᠤᠯᠤᠭᠰᠠᠨ ᠦᠢᠯᠡᠴᠢᠯᠡᠭᠡ ᠬᠠᠩᠭᠠᠪᠠ᠃       ᠤᠯᠠᠨ ᠵᠢᠯ ᠤᠨ ᠲᠤᠷᠰᠢ᠂ ᠯᠦᠸᠧ ᠶᠠᠨ ᠦᠨᠡᠨᠴᠢ ᠰᠢᠳᠤᠷᠭᠤ ᠪᠣᠯᠤᠨ ᠬᠠᠷᠢᠭᠤᠴᠠᠯᠭ᠎ᠠ ᠪᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠠᠯᠠᠭᠤ ᠨᠠᠰᠤᠨ ᠤ ᠬᠠᠭᠤᠳᠠᠰᠤ ᠶᠢ ᠪᠢᠴᠢᠭᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠨᠢᠭᠡᠨ ᠡᠪ ᠬᠠᠮᠲᠤ ᠨᠠᠮ ᠤᠨ ᠭᠡᠰᠢᠭᠦᠨ ᠤ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠦᠭᠰᠡᠭᠡᠷ ᠢᠷᠡᠵᠠᠢ᠃       ᠬᠠᠶᠢᠷᠤᠪ ᠤᠨ ᠲᠤᠬᠤᠢ ᠲᠣᠭᠤᠷᠢᠭ ᠤᠨ ᠯᠢᠨ ᠶᠢᠨ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠶᠢᠨ ᠳᠡᠳ᠋ ᠱᠦᠵᠢ ᠯᠦᠸᠧ ᠶᠠᠨ᠄ ︽ᠵᠠᠮ ᠨᠡᠪᠲᠡᠷᠡᠪᠡᠴᠦ ᠬᠦᠳᠡᠯᠡᠯᠴᠡᠬᠦ ᠦᠭᠡᠢ ᠪᠤᠯ ᠬᠦᠷᠬᠦ ᠦᠭᠡᠢ᠂ ᠤᠴᠢᠷ ᠶᠠᠪᠤᠳᠠᠯ ᠪᠠᠭ᠎ᠠ ᠪᠣᠯᠪᠠᠴᠤ ᠬᠢᠬᠦ ᠦᠭᠡᠢ ᠪᠤᠯ ᠪᠦᠲᠦᠬᠦ ᠦᠭᠡᠢ︾ ᠭᠡᠵᠦ ᠢᠯᠡᠳᠬᠡᠪᠡ᠃ ᠠᠷᠠᠳ ᠲᠦᠮᠡᠨ ᠳᠤ ᠦᠢᠯᠡᠴᠢᠯᠡᠬᠦ ᠳᠤ ᠡᠬᠢᠯᠡᠯᠲᠡ ᠵᠢᠨ‌‍ᠴᠡᠭ ᠪᠠᠶᠢᠬᠤ ᠠᠴᠠ ᠪᠢᠰᠢ ᠲᠡᠭᠦᠰᠬᠡᠯ ᠤᠨ ᠴᠡᠭ ᠭᠡᠵᠦ ᠪᠠᠶᠢᠬᠤ ᠦᠭᠡᠢ᠃ ᠬᠤᠶᠢᠰᠢᠳᠠ ᠪᠢ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠰᠠᠭᠤᠭᠠᠯᠢ ᠠᠷᠠᠳ ᠤᠨ ᠬᠠᠨᠤᠮᠵᠢᠲᠠᠢ ᠪᠠᠶᠢᠬᠤ ᠪᠠ ᠰᠠᠭᠤᠭᠠᠯᠢ ᠠᠷᠠᠳ ᠤᠨ ᠵᠣᠯ ᠵᠢᠷᠭᠠᠯ ᠢ ᠥᠪᠡᠷ ᠤᠨ ᠢᠶᠠᠨ ᠲᠡᠮᠡᠴᠡᠬᠦ ᠬᠠᠷᠠᠯᠲᠠ ᠪᠠᠨ ᠪᠣᠯᠭᠠᠵᠤ᠂ ᠤᠯᠠᠨ ᠲᠦᠮᠡᠨ ᠤ ︽ᠪᠠᠴᠢᠮᠳᠠᠬᠤ ᠬᠦᠴᠢᠷᠳᠡᠬᠦ ᠵᠣᠪᠠᠭ᠋ᠤ︾ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠤᠯᠠᠨ ᠲᠦᠮᠡᠨ ᠳᠤ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠦᠨ᠎ᠡ︾ ᠭᠡᠵᠦ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号