ᠬᠠᠶᠢᠷᠤᠪ ᠤᠨ ᠲᠤᠬᠤᠢ ᠲᠤᠭᠤᠷᠢᠭ ᠤᠨ ᠪᠦᠬᠦ ᠣᠷᠣᠨ ᠪᠦᠰᠡ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠢᠳᠡᠪᠬᠢᠲᠡᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2022/12/14
       ᠪᠦᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠤᠭᠰᠠᠨ ᠠᠴᠠ ᠨᠠᠰᠢ ᠂ ᠬᠠᠶᠢᠷᠤᠪ ᠤᠨ  ᠲᠤᠬᠤᠢ ᠲᠤᠭᠤᠷᠢᠭ ᠨᠢ ︽ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ︾ ᠬᠥᠭᠵᠢᠯᠲᠡ ᠳᠤ ᠰᠠᠭᠤᠷᠢᠯᠠᠵᠤ᠂ ᠰᠣᠶᠣᠯ ᠵᠤᠭᠠᠴᠠᠯ ᠢᠶᠠᠷ ᠤᠳᠤᠷᠢᠳᠤᠮᠵᠢ ᠪᠣᠯᠭᠠᠭᠰᠠᠨ ᠣᠷᠣᠨ ᠪᠦᠰᠡ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠬᠠᠷᠠᠯᠲᠠ ᠶᠢ ᠲᠣᠭᠲᠠᠭᠠᠵᠤ᠂ ᠪᠡᠶ᠎ᠡ ᠶᠢᠨ ᠲᠠᠮᠢᠷ ᠤᠨ ᠵᠤᠭᠠᠴᠠᠯ ᠢᠶᠠᠷ ᠤᠳᠤᠷᠢᠳᠤᠮᠵᠢ ᠪᠣᠯᠭᠠᠭᠰᠠᠨ᠂ ᠦᠵᠦᠮ ᠤᠨ ᠠᠵᠤ ᠦᠢᠯᠡᠰ ᠪᠣᠯᠣᠨ ᠤᠷᠠᠨ ᠪᠢᠴᠢᠯᠭᠡ ᠶᠢᠨ ᠰᠣᠶᠣᠯ ᠢᠶᠠᠷ ᠣᠨᠴᠠᠯᠢᠭ ᠪᠣᠯᠭᠠᠭᠰᠠᠨ᠂ ᠰᠣᠶᠣᠯ ᠪᠣᠯᠣᠨ ᠬᠥᠳᠡᠭᠡ ᠲᠣᠰᠬᠤᠨ ᠤ ᠵᠤᠭᠠᠴᠠᠯ ᠢ ᠠᠭᠤᠰᠤᠯᠴᠠᠭᠤᠯᠤᠭᠰᠠᠨ ᠠᠵᠤ ᠦᠢᠯᠡᠰ ᠤᠨ ᠪᠦᠲᠦᠴᠡ ᠶᠢᠨ ᠬᠠᠮᠵᠢᠯᠴᠠᠨ ᠬᠥᠭᠵᠢᠬᠦ ᠰᠢᠰᠲ᠋ᠧᠮ ᠢ ᠪᠠᠶᠢᠭᠤᠯᠵᠤ᠂ ᠡᠭᠦᠨ ᠤ ᠬᠠᠮᠲᠤ᠂ ᠣᠷᠴᠢᠨ ᠲᠣᠭᠤᠷᠢᠨ ᠤ ᠵᠠᠰᠠᠯᠲᠠ᠂ ᠠᠮᠢ ᠠᠬᠤᠢ ᠶᠢᠨ ᠦᠵᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠵᠢᠯᠴᠠᠬᠤ ᠣᠨᠣᠯᠵᠢᠬᠤᠨ ᠢ ᠪᠠᠷᠢᠮᠲᠠᠯᠠᠵᠤ᠂ ᠪᠦᠬᠦᠯᠢ ᠴᠣᠭᠴᠠ ᠶᠢᠨ ᠣᠷᠴᠢᠨ ᠲᠣᠭᠤᠷᠢᠨ ᠤ ᠦᠵᠡᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠬᠤᠲᠠ ᠪᠠᠯᠭᠠᠰᠤ ᠶᠢ ᠠᠭᠤᠰᠤᠯᠴᠠᠭᠤᠯᠬᠤ︾᠂ ︽ᠦᠵᠡᠮᠵᠢ ᠶᠢᠨ ᠬᠤᠲᠠ ᠶᠢ ᠨᠢᠭᠡ ᠴᠣᠭᠴᠠᠵᠢᠭᠤᠯᠬᠤ︾᠂ ︽ᠡᠵᠡᠨ ᠵᠣᠴᠢᠨ ᠢ ᠬᠠᠮᠲᠤ ᠪᠠᠷ ᠡᠳ᠋ᠯᠡᠭᠦᠯᠬᠦ︾ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠦᠵᠡᠮᠵᠢ ᠶᠢᠨ ᠪᠠᠶᠢᠷᠢᠰᠢᠯ ᠢ ᠪᠣᠶ ᠪᠣᠯᠭᠠᠪᠠ      ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠤᠨ ᠎ ᠬᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠠᠶᠢᠷᠤᠪ ᠤᠨ ᠲᠣᠬᠤᠢ ᠲᠣᠭᠤᠷᠢᠭ ᠤᠨ ︽ᠬᠤᠳᠠ ᠶᠢᠨ ᠰᠡᠯᠡᠭᠦᠴᠡᠯ ᠤᠨ ᠨᠣᠮ ᠤᠨ ᠪᠠᠭᠠᠷ︾᠎ ᠢ ᠬᠦᠴᠦᠯᠡᠨ ᠪᠠᠶᠢᠭᠤᠯᠤᠭᠰᠠᠨ ᠪᠥᠭᠡᠳ ᠰᠦᠢᠳᠬᠡᠯ ᠬᠤᠷᠢᠶᠠᠬᠤ ᠦᠭᠡᠢ ᠪᠠᠷ ᠤᠯᠠᠨ ᠲᠦᠮᠡᠨ ᠳᠤ ᠨᠡᠭᠡᠭᠡᠨ ᠥᠭᠴᠡᠢ᠃ ︽ᠬᠤᠶᠠᠷ ᠢ ᠴᠣᠭᠴᠠᠯᠠᠬᠤ︾᠎ ᠶᠢᠨ ᠲᠣᠭᠤᠷᠢᠨ ᠳᠤ᠂ ᠰᠣᠶᠣᠯ ᠲᠠᠮᠢᠷ ᠤᠨ ᠲᠥᠪ ᠤᠨ ᠭᠠᠳᠠᠭᠤᠷᠬᠢ ᠬᠤᠳᠠᠯᠳᠤᠭᠠᠨ ᠤ ᠫᠦᠰᠡ ᠶᠢ ᠲᠡᠰ ᠳᠡᠪᠰᠢᠭᠦᠯᠵᠦ᠂ ᠬᠠᠶᠢᠷᠤᠪ ᠤᠨ ᠲᠣᠬᠤᠢ ᠲᠣᠭᠤᠷᠢᠭ ᠤᠨ ᠨᠢᠭᠡ ᠮᠦᠴᠡᠳᠤ ᠰᠣᠶᠣᠯ ᠤᠨ ᠠᠮᠢᠳᠤᠷᠠᠯ ᠤᠨ ᠬᠦᠷᠢᠶᠡᠨ ᠤ ︽ᠭᠠᠷᠠᠭ ᠤᠨ ᠰᠡᠭᠦᠯᠴᠢ ᠶᠢᠨ ᠪᠠᠶᠠᠷ ᠤᠨ ᠴᠤᠭᠯᠠᠭᠠᠨ︾᠎ ᠤ ᠲᠦᠷᠦᠯ ᠲᠡᠮᠳᠡᠭ ᠢ ᠡᠭᠦᠳᠴᠦ᠂ ᠤᠯᠠᠨ ᠲᠡᠰ ᠳᠠᠪᠬᠤᠷᠭ᠎ᠠ ᠶᠢᠨ᠂ ᠤᠯᠠᠨ ᠶᠠᠩᠵᠤ ᠶᠢᠨ᠂ ᠴᠢᠨᠠᠷ ᠰᠠᠶᠢᠲᠠᠢ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠠᠷᠠᠳ ᠤᠯᠠᠨ ᠳᠤ ᠦᠢᠯᠡᠴᠢᠯᠡᠭᠦᠯᠦᠨ᠎ᠡ᠃ ᠬᠠᠶᠢᠷᠤᠪ ᠤᠨ ᠲᠤᠬᠤᠢ ᠲᠣᠭᠤᠷᠢᠭ ᠤᠨ ᠦᠵᠦᠮ ᠤᠨ ᠠᠵᠤ ᠦᠢᠯᠡᠰ ᠤᠨ ᠲᠡᠦᠬᠡ ᠰᠣᠶᠣᠯ ᠤᠨ ᠦᠵᠡᠰᠬᠦᠯᠡᠩ ᠤᠨ ᠣᠷᠳᠣᠨ ᠢ ᠪᠠᠶᠢᠭᠤᠯᠵᠤ ᠂ ᠦᠵᠦᠮ ᠤᠨ ᠠᠵᠤ ᠦᠢᠯᠡᠰ ᠤᠨ ᠲᠡᠦᠬᠡ ᠰᠣᠶᠣᠯ ᠢ ᠳᠡᠯᠭᠡᠷᠡᠭᠦᠯᠬᠦ᠂ ᠦᠷ᠎ᠡ ᠡᠳ᠋ ᠤᠨ ᠡᠬᠢ ᠪᠠᠶᠠᠯᠢᠭ ᠢ ᠬᠠᠳᠠᠭᠠᠯᠠᠬᠤ ᠪᠠ ᠨᠡᠭᠡᠭᠡᠨ ᠬᠥᠭᠵᠢᠭᠦᠯᠬᠦ᠂ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠦᠷ᠎ᠡ ᠪᠦᠲᠦᠭᠡᠯ ᠢ ᠳᠡᠯᠭᠡᠨ ᠦᠵᠡᠭᠦᠯᠬᠦ ᠵᠢᠴᠢ ᠦᠵᠦᠮ ᠤᠨ ᠠᠷᠢᠬᠢ ᠶᠢᠨ ᠰᠣᠶᠣᠯ ᠢ ᠰᠣᠭᠲᠣᠭᠤᠷᠠᠭᠤᠯᠬᠤ ᠮᠠᠶ᠋ᠢᠭ ᠤᠨ ᠪᠡᠶᠡᠴᠢᠯᠡᠨ ᠣᠶᠢᠯᠠᠭᠠᠬᠤ ᠵᠡᠷᠭᠡ ᠴᠢᠳᠠᠮᠵᠢ ᠪᠠᠷ ᠳᠠᠮᠵᠢᠭᠤᠯᠤᠨ᠂ ᠵᠤᠭᠠᠴᠠᠨ ᠲᠣᠭᠤᠷᠢᠬᠤ᠂ ᠵᠤᠭ᠎ᠠ ᠴᠡᠩᠭᠡᠯ᠂ ᠦᠵᠦᠮ ᠤᠨ ᠰᠣᠶᠣᠯ᠂ ᠪᠦᠲᠦᠭᠡᠭᠳᠡᠬᠦᠨ ᠢ ᠰᠤᠳᠤᠯᠤᠨ ᠨᠡᠭᠡᠭᠡᠵᠦ ᠪᠡᠶᠡᠴᠢᠯᠡᠨ ᠣᠶᠢᠯᠠᠭᠠᠬᠤ ᠶᠢ ᠨᠢᠭᠡ ᠴᠣᠭᠴᠠᠵᠢᠭᠤᠯᠤᠭᠰᠠᠨ ᠨᠢᠭᠡ ᠥᠷᠲᠡᠭᠡᠨ ᠤ ᠮᠠᠶ᠋ᠢᠭ ᠤᠨ ᠭᠦᠨᠵᠡᠭᠡᠢ ᠪᠡᠶᠡᠴᠢᠯᠡᠨ ᠣᠶᠢᠯᠠᠭᠠᠬᠤ ᠲᠠᠯᠠᠪᠠᠶ ᠣᠷᠳᠣᠨ ᠢ ᠪᠣᠶ ᠪᠣᠯᠭᠠᠵᠤ᠂ ᠡᠭᠦᠨ ᠤ ᠤᠯᠠᠮ ᠢᠶᠠᠷ ᠦᠵᠦᠮ ᠤᠨ ᠠᠵᠤ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢ ᠦᠷᠭᠦᠯᠵᠢᠯᠡᠨ ᠥᠷᠭᠡᠳᠬᠡᠬᠦ ᠶᠢ ᠳᠠᠶᠢᠴᠢᠯᠠᠨ᠎ᠠ᠃ ᠡᠭᠦᠨ ᠤ ᠬᠠᠮᠲᠤ᠂ ᠣᠶᠤᠨᠲᠤ ᠵᠤᠭᠠᠴᠠᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠠᠬᠢᠭᠤᠯᠵᠤ᠂ ︽ᠣᠶᠤᠨᠲᠤ ᠦᠬᠠᠢ︾ ᠲᠦᠷᠦᠯ ᠵᠦᠢᠯ ᠢᠶᠠᠷ ᠲᠦᠰᠢᠭ ᠪᠣᠯᠭᠠᠵᠤ᠂ ᠬᠠᠶᠢᠷᠤᠪ ᠤᠨ ᠲᠤᠬᠤᠢ ᠶᠢᠨ ︽ᠨᠢᠭᠡ ᠨᠣᠮᠧᠷ ᠤᠨ ᠵᠤᠭᠠᠴᠠᠯ︾ ᠎ ᠢ ᠨᠡᠭᠡᠭᠡᠨ ᠬᠥᠭᠵᠢᠭᠦᠯᠬᠦ ᠶᠢᠨ ᠬᠠᠮᠲᠤ ᠬᠠᠶᠢᠷᠤᠪ ᠤᠨ ᠲᠤᠬᠤᠢ ᠶᠢᠨ ᠲᠣᠮᠣ ᠳ᠋ᠠᠶᠢᠲ᠋ᠠ ᠶᠢᠨ ᠲᠥᠪ ᠵᠡᠷᠭᠡ ᠣᠶᠤᠨᠴᠢᠯᠠᠭᠰᠠᠨ ᠲᠦᠷᠦᠯ ᠵᠦᠢᠯ ᠢ ᠪᠡᠶᠡᠯᠡᠭᠦᠯᠵᠦ᠂ ᠭᠤᠣᠯ ᠵᠤᠭᠠᠴᠠᠭᠰᠠᠳ ᠤᠨ ᠲᠥᠪᠯᠡᠷᠡᠭᠰᠡᠨ ᠲᠠᠯᠠᠪᠤᠷ ᠤᠨ ᠤᠲᠠᠰᠤ ᠦᠭᠡᠢ ᠰᠦᠯᠵᠢᠶ᠎ᠡ ᠪᠣᠯᠣᠨ ᠸᠢᠳᠢᠤ᠋ ᠪᠠᠷ ᠬᠢᠨᠠᠨ ᠡᠵᠡᠮᠳᠡᠬᠦ ᠶᠢ ᠪᠦᠬᠦᠨ ᠢ ᠪᠦᠷᠬᠦᠬᠦᠯᠬᠦ ᠶᠢ ᠪᠡᠶᠡᠯᠡᠭᠦᠯᠵᠦ᠂ ᠣᠶᠤᠨᠴᠢᠯᠠᠭᠰᠠᠨ ᠦᠵᠡᠭᠦᠯᠦᠯᠭᠡ ᠪᠣᠯᠣᠨ ᠦᠢᠯᠡᠴᠢᠯᠡᠭᠡᠨ ᠤ ᠴᠢᠳᠠᠪᠬᠢ ᠪᠣᠯᠣᠨ ᠣᠶᠤᠨᠴᠢᠯᠠᠭᠰᠠᠨ ᠬᠠᠮᠢᠶᠠᠷᠤᠯᠲᠠ ᠶᠢᠨ ᠲᠦᠪᠰᠢᠨ ᠢ ᠮᠡᠳᠡᠭᠳᠡᠮ᠎ᠡ ᠳᠡᠭᠡᠭᠰᠢᠯᠡᠭᠦᠯᠦᠨ᠎ᠡ᠃     ᠬᠠᠶᠢᠷᠤᠪ ᠤᠨ ᠲᠤᠬᠤᠢ ᠲᠤᠭᠤᠷᠢᠭ ᠤᠨ ᠬᠢᠨ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠬᠤᠳᠠ ᠶᠢᠨ ᠲᠣᠭᠤᠷᠢᠭ ᠤᠨ ᠦᠵᠡᠮᠵᠢ ᠶᠢᠨ ᠣᠷᠣᠨ ᠵᠠᠢ ᠪᠠᠷ ᠭᠤᠣᠯ ᠪᠣᠯᠭᠠᠭᠰᠠᠨ︽ᠳ᠋ᠦᠩ ᠱᠠ᠂ ᠰᠢ ᠱᠦᠢ ᠭᠤᠣᠯ᠂ ᠨᠠᠨ ᠱᠠᠨ᠂ ᠪᠧᠢ ᠨᠦᠩ︾ ᠎ ᠤᠨ ᠵᠤᠭᠠᠴᠠᠯ ᠤᠨ ᠦᠢᠯᠡᠰ ᠤᠨ ᠬᠡᠯᠪᠡᠷᠢ ᠶᠢᠨ ᠪᠠᠶᠢᠷᠢᠰᠢᠭᠤᠯᠤᠯᠲᠠ ᠶᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠰᠣᠶᠣᠯ ᠪᠡᠶ᠎ᠡ ᠶᠢᠨ ᠲᠠᠮᠢᠷ ᠤᠨ ᠵᠤᠭᠠᠴᠠᠯ ‍ᠤᠨ‌ᠦᠢᠯᠡᠴᠢᠯᠡᠭᠡᠨ ᠤ ᠬᠠᠩᠭᠠᠯᠭ᠎ᠠ ᠶᠢᠨ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠪᠡ᠃ᠪᠠᠶᠢᠭᠠᠯᠢ ᠶᠢᠨ ᠡᠬᠢ ᠪᠠᠶᠠᠯᠢᠭ ᠲᠤ ᠲᠦᠰᠢᠭᠯᠡᠨ᠂ ᠬᠠᠶᠢᠷᠤᠪ ᠤᠨ ᠲᠤᠬᠤᠢ‌‍ᠲ᠋ᠣᠭᠤᠷᠢᠭ ᠤᠨ ᠬᠢᠨ ᠥᠪᠥᠷ ᠮᠣᠩᠭᠤᠯ ᠤᠨ ᠦᠬᠠᠢ ᠶᠢᠨ ︽ᠡᠵᠢ ᠭᠤᠣᠯ ᠤᠨ ᠵᠠᠮ︾᠎ ᠤᠨ ᠮᠠᠷᠠᠰᠤᠨ ᠤ ᠤᠷᠤᠯᠳᠤᠭᠠᠨ ᠤ ᠲᠥᠷᠥᠯ ᠵᠦᠢᠯ ᠢ ᠢᠳᠡᠪᠬᠢᠲᠡᠢ ᠠᠬᠢᠭᠤᠯᠵᠤ᠂ ︽ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ︾᠎ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠰᠣᠶᠣᠯ ᠤᠨ ᠵᠢᠭᠤᠯᠴᠢᠯᠠᠯ ᠪᠡᠶ᠎ᠡ ᠶᠢᠨ ᠲᠠᠮᠢᠷ ᠤᠨ ᠨᠡᠭᠡᠭᠡᠯᠲᠡ ᠶᠢᠨ ᠣᠷᠣᠨ ᠵᠠᠢ ᠶᠢ ᠥᠷᠭᠡᠳᠬᠡᠬᠦ᠂ ᠲᠠᠷᠢᠶᠠᠯᠠᠩ ᠤᠨ ᠠᠮᠢ ᠠᠬᠤᠢ ᠶᠢᠨ ᠠᠵᠤ ᠦᠢᠯᠡᠰ ᠤᠨ ᠨᠥᠯᠥᠭᠡ ᠶᠢ ᠥᠷᠭᠡᠳᠬᠡᠬᠦ᠂ ᠵᠠᠮ ᠬᠠᠷᠢᠯᠴᠠᠭᠠᠨ ᠤ ᠲᠣᠣᠷ ᠢ ᠲᠡᠭᠦᠯᠳᠡᠷᠵᠢᠭᠦᠯᠬᠦ᠂ ᠦᠵᠡᠮᠵᠢ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠰᠤᠨ ᠤ ᠡᠷᠭᠢ ᠶᠢᠨ ᠠᠵᠢᠯᠯᠠᠭ᠎ᠠ ᠶᠢ ᠪᠠᠶᠠᠯᠢᠭᠵᠢᠭᠤᠯᠵᠤ᠂ ᠵᠠᠮ ᠳᠠᠭᠠᠤ ᠶᠢᠨ ᠵᠠᠮ ᠬᠠᠷᠢᠯᠴᠠᠭ᠎ᠠ ᠶᠢ ᠨᠠᠪᠲᠠᠷᠡᠭᠦᠯᠵᠦ᠂ ᠬᠠᠲᠤᠨ ᠭᠤᠣᠯ ᠳᠠᠭᠠᠤ ᠶᠢᠨ ᠦᠵᠡᠮᠵᠢ ᠶᠢᠨ ᠪᠦᠰᠡ ᠶᠢ ᠬᠤᠲᠠ ᠶᠢᠨ ᠳᠣᠲᠣᠷ᠎ᠠ ᠭᠠᠵᠠᠷ ᠤᠨ ᠰᠣᠶᠣᠯ ᠤᠨ ᠵᠢᠭᠤᠯᠴᠢᠯᠠᠯ ᠪᠡᠶ᠎ᠡ ᠶᠢᠨ ᠲᠠᠮᠢᠷ ᠤᠨ ᠡᠬᠢ ᠪᠠᠶᠠᠯᠢᠭ ᠪᠠ ᠵᠠᠮ ᠬᠠᠷᠢᠯᠴᠠᠭ᠎ᠠ ᠯᠤᠭ᠎ᠠ ᠵᠣᠯᠭᠠᠭᠤᠯᠬᠤ ᠶᠢ ᠨᠡᠪᠲᠡᠷᠡᠭᠦᠯᠦᠨ᠎ᠡ᠃ ᠠᠭᠤᠯᠠ ᠭᠤᠣᠯ ᠢᠶᠠᠷ ᠬᠤᠳᠠ ᠶᠢ ᠬᠤᠯᠪᠣᠵᠤ ᠤᠳᠠᠭᠠᠨ ᠶᠠᠪᠤᠬᠤ ᠡᠷᠡᠭᠦᠯ ᠰᠠᠷᠠᠭᠤᠯ ᠶᠠᠪᠠᠭᠠᠨ ᠵᠠᠮ ᠤᠨ ᠢᠨᠵᠧᠨᠧᠷᠢᠩ ᠢ ᠬᠡᠷᠡᠭᠵᠢᠭᠦᠯᠵᠦ᠂ ᠲᠦᠷᠦᠯ ᠵᠦᠢᠯ ᠨᠢ ᠬᠠᠳᠤᠨ ᠭᠤᠣᠯ᠂ ᠭᠠᠷᠤᠳᠢ ᠭᠤᠣᠯ᠂ ᠭᠠᠷᠤᠳᠢ ᠠᠭᠤᠯᠠ ᠶᠢ ᠬᠤᠯᠪᠣᠵᠤ᠂ ᠵᠠᠮ ᠳᠠᠭᠠᠤ ᠶᠢᠨ ᠦᠵᠡᠮᠵᠢ ᠶᠢ ᠳᠡᠭᠡᠭᠰᠢᠯᠡᠭᠦᠯᠬᠦ ᠵᠢᠴᠢ ᠶᠠᠪᠠᠭᠠᠨ ᠵᠠᠮ ᠤᠨ ᠪᠦᠲᠦᠭᠡᠨ ᠪᠠᠶᠢᠭᠤᠯᠤᠯᠲᠠ ᠶᠢ ᠬᠢᠪᠡ᠂ ᠡᠭᠦᠨ ᠳᠤ ᠬᠠᠳᠤᠨ ᠭᠤᠣᠯ ᠤᠨ ᠦᠵᠡᠮᠵᠢ ᠰᠣᠨᠢᠷᠬᠠᠬᠤ ᠲᠠᠪᠴᠠᠩ ᠪᠣᠯᠣᠨ ᠭᠠᠷᠤᠳᠢ ᠠᠭᠤᠯᠠ ᠶᠢᠨ ᠦᠵᠡᠮᠵᠢ ᠰᠣᠨᠢᠷᠬᠠᠬᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠪᠠᠭᠲᠠᠭᠠᠵᠤ᠂ ᠪᠦᠬᠦ ᠤᠷᠳᠤ ᠨᠢ ᠪᠠᠷᠤᠭ 8 ᠺᠢᠯᠤᠮᠥᠲᠷ ᠪᠤᠢ︔ᠡᠭᠦᠨ ᠤ ᠬᠠᠮᠲᠤ᠂ ᠬᠥᠳᠡᠭᠡ ᠲᠣᠰᠬᠤᠨ ᠤ ᠵᠤᠭᠠᠴᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠢᠳᠡᠪᠬᠢᠲᠡᠢ ᠬᠥᠭᠵᠢᠭᠦᠯᠵᠦ᠂ ᠣᠳᠣᠬᠠᠨ ᠳᠤ᠂ ᠸᠠᠩ ᠶᠤᠸᠠᠨ ᠳ᠋ᠢ ᠲᠣᠰᠬᠤᠨ ᠤ ᠵᠠᠯᠭᠠᠯᠳᠤᠭᠰᠠᠨ ᠲᠣᠭᠤᠷᠢᠭ ᠤᠨ ᠬᠢᠨ ᠨᠢᠭᠡᠨᠲᠡ ᠨᠢᠭᠡ ᠬᠤᠭᠤᠴᠠᠭᠠᠨ ᠤ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠶᠢᠨ ᠠᠵᠢᠯ ᠢ ᠳᠠᠭᠤᠰᠬᠠᠵᠤ᠂ ᠨᠡᠶᠢᠲᠡ 200 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ ᠭᠤᠣᠯᠳᠠᠭᠤ ᠰᠦᠯᠵᠢᠶᠡᠨ ᠤ ᠺᠠᠷᠲ ᠴᠣᠬᠢᠬᠤ ᠦᠵᠡᠮᠵᠢ ᠶᠢᠨ ᠵᠢᠵᠢᠭ ᠦᠢᠯᠡᠳᠬᠦᠨ ᠪᠠᠶᠢᠭᠤᠯᠬᠤ᠂ ᠰᠣᠶᠣᠯ ᠤᠨ ᠲᠣᠮᠣ ᠬᠦᠷᠢᠶᠡᠯᠡᠩ ᠢ ᠥᠭᠡᠷᠡᠴᠢᠯᠡᠨ ᠳᠡᠭᠡᠭᠰᠢᠯᠡᠭᠦᠯᠬᠦ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠳᠡᠯᠭᠡᠭᠦᠷ ᠪᠠᠶᠢᠭᠤᠯᠬᠤ᠂ ᠬᠡᠦᠬᠡᠳ ᠤᠨ ᠵᠤᠭ᠎ᠠ ᠴᠡᠩᠭᠡᠯ ᠰᠡᠯᠡᠭᠦᠴᠡᠯ ᠤᠨ ᠵᠢᠵᠢᠭ ᠲᠠᠯᠠᠪᠠᠶ ᠶᠢ ᠳᠡᠭᠡᠭᠰᠢᠯᠡᠭᠦᠯᠬᠦ ᠵᠡᠷᠭᠡ ᠰᠠᠭᠤᠷᠢ ᠪᠡᠯᠡᠳᠬᠡᠮᠵᠢ ᠶᠢ ᠳᠡᠭᠡᠭᠰᠢᠯᠡᠭᠦᠯᠬᠦ ᠲᠥᠷᠥᠯ ᠵᠦᠢᠯ ᠢ ᠪᠠᠶᠢᠭᠤᠯᠵᠤ ᠂ ᠲᠠᠷᠢᠶᠠᠴᠢᠨ ᠠᠶᠢᠯ ᠤᠨ ᠵᠢᠭᠤᠯᠴᠢᠯᠠᠯ᠂ ᠵᠢᠭᠤᠯᠴᠢᠯᠠᠯ ᠤᠨ ᠲᠡᠭᠦᠬᠦ ᠵᠡᠷᠭᠡ ᠬᠥᠳᠡᠭᠡ ᠲᠣᠰᠬᠤᠨ ᠤ ᠵᠢᠭᠤᠯᠴᠢᠯᠠᠯ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠵᠢᠭᠤᠯᠴᠢᠯᠠᠯ ᠢᠶᠠᠷ ᠲᠠᠷᠢᠶᠠᠴᠢᠨ ᠡᠷᠦᠬᠡ ᠶᠢᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠵᠣᠷᠢᠯᠭ᠎ᠠ ᠶᠢ ᠪᠡᠶᠡᠯᠡᠭᠦᠯᠦᠨ᠎ᠡ᠃     ᠬᠠᠶᠢᠷᠤᠪ ᠤᠨ ᠲᠣᠬᠤᠢ ᠲᠣᠭᠤᠷᠢᠭ ᠪᠠᠰᠠ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠲᠦᠰᠢᠭᠯᠡᠨ᠂ ᠠᠵᠤ ᠦᠢᠯᠡᠰ ᠤᠨ ᠬᠠᠮᠲᠤᠷᠠᠯᠴᠠᠭ᠎ᠠ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠵᠤᠭᠠᠴᠠᠯ ᠤᠨ ᠠᠭᠤᠰᠤᠯᠴᠠᠨ ᠬᠥᠭᠵᠢᠬᠦ ᠶᠢ ᠶᠡᠬᠡᠪᠡᠷ ᠠᠬᠢᠭᠤᠯᠵᠤ᠂ ᠮᠠᠨ ᠤ ᠬᠤᠳᠠ ᠶᠢᠨ ︽ᠪᠡᠶ᠎ᠡ ᠶᠢᠨ ᠲᠠᠮᠢᠷ ᠤᠨ ᠵᠤᠭᠠᠴᠠᠯ ᠤᠨ ᠬᠠᠷᠠᠯᠲᠠᠲᠤ ᠣᠷᠣᠨ︾︾᠎ ᠢ ᠪᠠᠶᠢᠭᠤᠯᠬᠤ ᠬᠠᠷᠠᠯᠲᠠ ᠶᠣᠰᠣᠭᠠᠷ᠂ ︽ᠪᠡᠶ᠎ᠡ ᠶᠢᠨ ᠲᠠᠮᠢᠷ + ᠬᠤᠳᠠᠯᠳᠤᠭ᠎ᠠ + ᠰᠣᠶᠣᠯ ᠵᠤᠭᠠᠴᠠᠯ︾᠎ ᠤᠨ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠵᠠᠭᠪᠤᠷ ᠢ ᠪᠠᠶᠢᠭᠤᠯᠬᠤ ᠪᠠᠷ ᠳᠠᠮᠵᠢᠭᠤᠯᠵᠤ᠂ ᠪᠡᠶ᠎ᠡ ᠶᠢᠨ ᠲᠠᠮᠢᠷ ᠤᠨ ᠵᠤᠭᠠᠴᠠᠯ ᠤᠨ ᠠᠭᠤᠰᠤᠯᠴᠠᠯ ᠢ ᠴᠢᠩᠭᠠᠳᠬᠠᠵᠤ᠂ ᠪᠡᠶ᠎ᠡ ᠶᠢᠨ ᠲᠠᠮᠢᠷ ᠤᠨ ᠵᠤᠭᠠᠴᠠᠯ ᠤᠨ ᠡᠬᠢ ᠪᠠᠶᠠᠯᠢᠭ ᠢ ᠬᠠᠮᠲᠤᠪᠠᠷ ᠡᠳ᠋ᠯᠡᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠨ᠎ᠡ᠃ᠡᠨᠡ ᠵᠢᠯ ᠠᠴᠠ ᠨᠠᠰᠢ᠂ ᠬᠠᠶᠢᠷᠤᠪ ᠤᠨ ᠲᠣᠬᠤᠢ  ᠲᠣᠭᠤᠷᠢᠭ ᠲᠤ ᠬᠤᠶᠠᠳᠤᠭᠠᠷ ᠬᠤᠭᠤᠴᠠᠭᠠᠨ ᠤ ᠬᠤᠳᠠ ᠶᠢᠨ ᠴᠢᠭᠯᠡᠯᠲᠦ ᠤᠷᠤᠯᠳᠤᠭᠠᠨ᠂︽ᠬᠤᠷᠢᠳᠤᠭᠠᠷ ᠶᠡᠭᠡ ᠬᠤᠷᠠᠯ ᠢ ᠪᠠᠶᠠᠷᠯᠠᠨ  ᠤᠭᠳᠤᠵᠤ᠂ ᠰᠢᠨ᠎ᠡ ᠠᠶᠠᠨ ᠳᠠᠭᠠᠨ ᠡᠷᠡᠯᠬᠡᠭᠯᠡᠨ ᠤᠷᠤᠭᠰᠢᠯᠠᠬᠤ ︾ ᠬᠠᠶᠢᠷᠤᠪ ᠤᠨ ᠲᠣᠬᠤᠢ ᠲᠣᠭᠤᠷᠢᠭ ᠤᠨ ᠠᠵᠢᠯᠲᠠᠨ ᠠᠵᠢᠯᠴᠢᠨ ᠤ ᠨᠠᠭᠤᠷ ᠲᠣᠭᠤᠷᠢᠨ ᠢᠳᠡᠷᠡᠭᠦᠨ ᠠᠯᠬᠤᠬᠤ ᠠᠵᠢᠯᠯᠠᠭ᠎ᠠ᠂︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠳᠤᠵᠤ  ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ︾ ᠦᠳᠦᠨ ᠪᠥᠮᠪᠦᠭᠡ ᠶᠢᠨ ᠤᠷᠤᠯᠳᠤᠭᠠᠨ᠂ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠳᠤᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ︾ ᠪᠦᠬᠦ ᠬᠤᠳᠠ ᠶᠢᠨ ᠠᠵᠢᠯᠲᠠᠨ ᠠᠵᠢᠯᠴᠢᠨ ᠤ ᠫᠢᠩᠫᠠᠩ ᠪᠥᠮᠪᠦᠭᠡ ᠶᠢᠨ ᠤᠷᠤᠯᠳᠤᠭᠠᠨ ᠵᠡᠷᠭᠡ ᠤᠯᠠᠨ ᠵᠦᠢᠯ ᠤᠨ ᠠᠵᠢᠯᠯᠠᠭ᠎ᠠ ᠶᠢ ᠦᠷᠭᠦᠯᠵᠢᠯᠡᠨ ᠶᠠᠪᠤᠭᠳᠠᠭᠤᠯᠪᠠ᠃ ᠡᠭᠦᠨ ᠤ ᠬᠠᠮᠲᠤ᠂ ᠣᠯᠠᠨ ᠨᠡᠶᠢᠲᠡ ᠶᠢᠨ ᠪᠡᠶ᠎ᠡ ᠴᠢᠭᠢᠷᠠᠭᠵᠢᠭᠤᠯᠬᠤ ᠲᠠᠯᠠᠪᠠᠶ ᠣᠷᠳᠣᠨ ᠢ ᠪᠦᠬᠦᠨ ᠢ ᠰᠦᠢᠳᠬᠡᠯ ᠬᠤᠷᠢᠶᠠᠬᠤ ᠦᠭᠡᠢ ᠪᠠᠷ ᠬᠤᠲᠠ ᠶᠢᠨ ᠠᠷᠠᠳ ᠲᠤ ᠨᠡᠭᠡᠭᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠬᠡᠷᠡᠭᠵᠢᠭᠦᠯᠵᠦ᠂ ᠭᠤᠣᠯ ᠵᠣᠴᠢᠨ ᠤ ᠬᠠᠮᠲᠤ ᠪᠠᠷ ᠡᠳ᠋ᠯᠡᠬᠦ ᠬᠦᠷᠲᠡᠮᠵᠢ ᠶᠢᠨ ᠲᠥᠷᠥᠭᠳᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠪᠣᠰᠤᠭ᠎ᠠ ᠴᠣᠭᠴᠠᠲᠤ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠭᠤᠰᠤᠯᠴᠠᠭᠤᠯᠤᠨ ᠬᠠᠩᠭᠠᠬᠤ ᠰᠢᠰᠲ᠋ᠧᠮᠵᠢ ᠶᠢ ᠪᠠᠶᠢᠭᠤᠯᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号