ᠴᠡᠭᠡᠯ ᠠᠭᠤᠯᠠ ᠪᠠᠯᠭᠠᠰᠤ ᠬᠤᠷᠢᠨ ᠲᠦᠷᠪᠡᠨ ᠤᠯᠠᠷᠢᠯ ᠤᠨ ᠰᠣᠶᠣᠯ ᠤᠨ ᠬᠡᠷᠡᠮ ᠢ ᠴᠣᠭᠴᠠᠯᠠᠪᠠ
ᠨᠡᠶᠢᠲᠡᠯᠡᠭᠰᠡᠨ ᠴᠠᠭ᠄
2022/12/29
    ᠴᠡᠪᠡᠷ ᠲᠡᠭᠰᠢ ᠵᠠᠮ᠂ ᠤᠯᠠᠭᠠᠨ ᠣᠷᠣᠢ ᠲᠠᠢ ᠴᠠᠭᠠᠨ ᠬᠡᠷᠡᠮ ᠤᠨ ᠬᠡᠪ ᠨᠠᠮᠪᠠ ᠨᠢᠭᠡᠳᠦᠯᠲᠡᠢ ᠠᠷᠠᠳ ᠤᠨ ᠣᠷᠣᠨ ᠰᠠᠭᠤᠴᠠ᠂ ᠴᠣ᠋ ᠰᠢᠨ᠎ᠡ ᠲᠣᠰᠬᠤᠨ ᠤ ᠳᠦᠷᠰᠦ ᠪᠠᠶᠢᠳᠠᠯ ᠁ ᠴᠡᠭᠡᠯ ᠠᠭᠤᠯᠠ ᠪᠠᠯᠭᠠᠰᠤ ᠶᠢᠨ ᠰᠢᠨ ᠹᠧᠩ ᠲᠣᠰᠬᠤᠨ ᠳᠤ ᠬᠦᠷᠬᠦ ᠳᠤ᠂ ᠭᠠᠵᠠᠷ ᠪᠣᠯᠭᠠᠨ ᠳᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠣᠯᠪᠠᠰᠤᠨ ᠤ ᠬᠥᠭᠵᠢᠯᠲᠡ ᠶᠢᠨ ᠥᠳᠬᠡᠨ ᠵᠤᠵᠠᠭᠠᠨ ᠠᠭᠤᠷ ᠠᠮᠢᠰᠬᠤᠯ ᠢ ᠣᠯᠵᠤ ᠬᠠᠷᠠᠨ᠎ᠠ᠃     ᠬᠥᠳᠡᠭᠡ ᠲᠣᠰᠬᠤᠨ ᠤ ᠵᠥᠷᠢᠭ ᠵᠠᠮ ᠢᠶᠠᠷ ᠨᠠᠷᠢᠨ ᠨᠢᠮᠪᠠᠢ ᠪᠠᠶᠢᠭᠤᠯᠤᠭᠰᠠᠨ ᠳᠤᠮᠳᠠᠳᠤ ᠶᠢᠨ ᠤᠯᠠᠮᠵᠢᠯᠠᠯᠲᠤ ᠪᠠᠶᠠᠷ ᠤᠨ ᠡᠳᠦᠷ ᠪᠣᠯᠣᠨ ᠬᠤᠷᠢᠨ ᠲᠦᠷᠪᠡᠨ ᠴᠠᠭ ᠤᠯᠠᠷᠢᠯ ᠵᠡᠷᠭᠡ ᠪᠠᠷ ᠭᠤᠣᠯ ᠰᠡᠳᠦᠪ ᠪᠣᠯᠭᠠᠭᠰᠠᠨ ᠰᠣᠶᠣᠯ ᠤᠨ ᠬᠡᠷᠡᠮ ᠭᠠᠵᠠᠷ ᠪᠣᠯᠭᠠᠨ ᠳᠤ ᠬᠠᠷᠠᠭᠳᠠᠵᠤ᠂ ᠬᠥᠮᠥᠰ ᠤᠨ ᠪᠠᠭ᠋ᠠᠷᠬᠠᠯ ᠢ ᠲᠠᠲᠠᠨ᠎ᠠ᠃ᠰᠣᠶᠣᠯ ᠤᠨ ᠬᠡᠷᠡᠮ ᠨᠢ ᠴᠠᠭᠠᠰᠤᠨ ᠬᠠᠶᠢᠴᠢᠯᠠᠮᠠᠯ ᠤᠨ ᠬᠡᠯᠪᠡᠷᠢ ᠪᠠ ᠬᠤᠷᠢᠨ ᠳᠥᠷᠪᠡᠨ ᠴᠠᠭ ᠤᠯᠠᠷᠢᠯ ᠢ ᠬᠠᠨᠠᠨ ᠳᠡᠭᠡᠷ᠎ᠡ ᠨᠡᠶᠢᠯᠡᠭᠦᠯᠦᠨ ᠵᠢᠷᠤᠵᠤ᠂ ᠤᠤᠯ ᠎ ᠨᠢ ᠲᠠᠩ ᠴᠤᠯᠭᠤᠢ ᠪᠠᠶᠢᠭᠰᠠᠨ ᠬᠡᠷᠡᠮ ᠢ ᠴᠤᠭ ᠰᠦᠯᠳᠡ ᠲᠠᠢ ᠪᠣᠯᠭᠠᠵᠤ᠂ ᠤᠯᠠᠮᠵᠢᠯᠠᠯᠲᠤ ᠰᠣᠶᠣᠯ ᠤᠨ ᠠᠭᠤᠷ ᠠᠮᠢᠰᠬᠤᠯ ᠪᠠ ᠰᠢᠨ᠎ᠡ ᠰᠣᠷᠭᠤᠭ ᠴᠠᠭ ᠦᠶ᠎ᠡ ᠶᠢᠨ ᠮᠡᠳᠡᠷᠡᠮᠵᠢ ᠪᠠᠷ ᠬᠡᠷᠡᠮ ᠢ ︽ᠦᠭᠡ ᠬᠡᠯᠡᠵᠦ ᠴᠢᠳᠠᠳᠠᠭ︾ ᠤᠯᠠᠮᠵᠢᠯᠠᠯᠲᠤ ᠰᠣᠶᠣᠯ ᠤᠨ ︽ᠤᠯᠠᠮᠵᠢᠯᠠᠭᠴᠢ︾ ᠪᠣᠯᠭᠠᠭᠰᠠᠨ ᠪᠠᠶᠢᠨ᠎ᠠ᠃    ᠨᠠᠷᠢᠨ ᠨᠢᠮᠪᠠᠢ ᠵᠢᠷᠤᠵᠤ ᠲᠥᠯᠥᠪᠯᠡᠭᠰᠡᠨ ᠰᠣᠶᠣᠯ ᠤᠨ ᠬᠡᠷᠡᠮ ᠨᠢ ᠲᠤᠬᠠᠢ ᠶᠢᠨ ᠭᠠᠵᠠᠷ ᠤᠨ ᠲᠣᠰᠬᠤᠨ ᠤ ᠠᠷᠠᠳ ᠤᠨ ᠰᠠᠶᠢᠨ ᠦᠨᠡᠯᠡᠯᠲᠡ ᠶᠢ ᠣᠯᠵᠠᠢ᠃ ᠮᠠᠰᠢ ᠣᠯᠠᠨ ᠮᠣᠷᠢᠲᠠᠨ ᠥᠩᠭᠡᠷᠡᠬᠦ ᠦᠶ᠎ᠡ ᠳᠡᠭᠡᠨ ᠬᠥᠯ ᠵᠣᠭᠰᠣᠨ ᠰᠣᠨᠢᠷᠬᠠᠵᠤ᠂ ᠥᠩᠭᠡ ᠢᠯᠭᠠᠷᠠᠭᠰᠠᠨ ᠬᠡᠷᠡᠮ ᠤᠨ ᠵᠢᠷᠤᠭ ᠨᠢ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠵᠡᠢ ᠭᠡᠵᠦ ᠮᠠᠭᠲᠠᠵᠠᠢ᠃   ︽ᠬᠤᠷᠢᠨ ᠳᠥᠷᠪᠡᠨ ᠴᠠᠭ ᠤᠯᠠᠷᠢᠯ ᠪᠣᠯ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠮᠥᠨ᠂ ᠴᠠᠭᠠᠨ ᠬᠡᠷᠡᠮ ᠳᠡᠭᠡᠷ᠎ᠡ ᠤᠯᠠᠭᠠᠨ ᠥᠩᠭᠡ ᠶᠢᠨ ᠰᠣᠶᠣᠯ ᠤᠨ ᠬᠡᠷᠡᠮ ᠲᠠᠭᠠᠷᠠᠭᠤᠯᠤᠭᠰᠠᠨ ᠨᠢ ᠦᠨᠡᠬᠡᠷ ᠰᠠᠶᠢᠬᠠᠨ ᠶᠤᠮ︾᠃ ᠭᠡᠵᠦ ᠲᠣᠰᠬᠤᠨ ᠤ ᠠᠷᠠᠳ ᠵᠠᠩ ᠰᠢᠶᠣᠣ  ᠹᠧᠨ ᠦᠨᠡᠯᠡᠨ ᠬᠡᠯᠡᠪᠡ᠃     ᠨᠢᠭᠡ ᠬᠡᠷᠡᠮ ᠨᠢᠭᠡ ᠦᠵᠡᠮᠵᠢ ᠨᠢ ᠲᠣᠰᠬᠤᠨ ᠤ ᠠᠷᠠᠳ ᠤᠨ ᠦᠨᠡᠨ ᠰᠠᠶᠢᠨ ᠰᠠᠶᠢᠬᠠᠨ ᠢ ᠬᠥᠭᠡᠭᠡᠴᠡᠯᠳᠦᠬᠦ ᠶᠣᠰᠣ ᠰᠤᠷᠲᠠᠬᠤᠨ ᠤ ᠬᠡᠪ ᠰᠤᠷᠲᠠᠯ ᠢ ᠪᠤᠢ ᠪᠣᠯᠭᠠᠬᠤ ᠶᠢ ᠭᠦᠨᠵᠡᠭᠡᠢ ᠪᠥᠭᠡᠳ ᠦᠯᠦ ᠮᠡᠳᠡᠭᠳᠡᠮ᠎ᠡ ᠠᠬᠢᠭᠤᠯᠵᠤ᠂ ᠲᠣᠰᠬᠤᠨ ᠤ ᠠᠷᠠᠳ ᠢ ᠨᠡᠩ ᠰᠠᠶᠢᠨ ᠰᠠᠶᠢᠬᠠᠨ ᠠᠮᠢᠳᠤᠷᠠᠯ ᠤᠨ ᠵᠠᠮ ᠢᠶᠠᠷ ᠤᠷᠤᠭᠰᠢᠯᠠᠭᠤᠯᠬᠤ ᠶᠢ ᠵᠣᠷᠢᠭᠵᠢᠭᠤᠯᠵᠠᠢ᠃   ︽ᠬᠤᠶᠠᠷ ᠢ ᠴᠣᠭᠴᠠᠯᠠᠨ ᠪᠠᠶᠢᠭᠤᠯᠬᠤ︾ ᠠᠵᠢᠯ ᠢ ᠥᠷᠨᠢᠭᠦᠯᠦᠭᠰᠡᠨ ᠠᠴᠠ ᠨᠠᠰᠢ᠂ ᠴᠡᠭᠡᠯ ᠠᠭᠤᠯᠠ ᠪᠠᠯᠭᠠᠰᠤ ᠶᠢᠨ ᠬᠢᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠠᠵᠢᠯ ᠤᠨ ᠪᠠᠶᠢᠷᠢᠯᠠᠭᠤᠯᠤᠯᠲᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠴᠡᠭᠡᠯ ᠠᠭᠤᠯᠠ ᠪᠠᠯᠭᠠᠰᠤ ᠲᠠᠢ ᠵᠣᠬᠢᠴᠠᠭᠰᠠᠨ ᠰᠣᠶᠣᠯ ᠤᠨ ᠲᠡᠮᠳᠡᠭ ᠪᠣᠯᠣᠨ ᠰᠣᠶᠣᠯ ᠤᠨ ᠪᠦᠲᠦᠭᠡᠯ ᠤᠨ ᠵᠣᠬᠢᠶᠠᠨ ᠪᠦᠲᠦᠭᠡᠯᠭᠡ ᠶᠢ ᠥᠷᠨᠢᠭᠦᠯᠪᠡ᠂ ᠰᠣᠶᠣᠯ ‍ᠤᠨ‌‍ᠬᠡᠷᠡᠮ ᠤᠨ ᠪᠤᠳᠤᠭᠲᠤ ᠵᠢᠷᠤᠭ ᠪᠣᠯ ᠲᠡᠭᠦᠨ ᠤ ᠳᠣᠲᠣᠷᠠᠬᠢ ᠨᠢᠭᠡ ᠨᠢ ᠪᠣᠯᠣᠨ᠎ᠠ᠃ᠵᠠᠯᠭᠠᠭᠠᠳ᠂ ᠴᠡᠭᠡᠯ ᠠᠭᠤᠯᠠ ᠪᠠᠯᠭᠠᠰᠤ ︽ᠬᠤᠶᠠᠷ ᠢ ᠴᠣᠭᠴᠠᠯᠠᠨ ᠪᠠᠶᠢᠭᠤᠯᠬᠤ︾ ᠰᠣᠶᠣᠯ ᠤᠨ ᠪᠦᠲᠦᠭᠡᠯ ᠤᠨ ᠵᠣᠬᠢᠶᠠᠨ ᠪᠦᠲᠦᠭᠡᠯᠭᠡ ᠶᠢ ᠦᠷᠭᠦᠯᠵᠢᠯᠡᠨ ᠥᠷᠨᠢᠭᠦᠯᠵᠦ᠂ ᠣᠨᠴᠠᠯᠢᠭᠲᠤ ᠰᠣᠶᠣᠯ ᠤᠨ ᠡᠬᠢ ᠪᠠᠶᠠᠯᠢᠭ ᠢ ᠠᠭᠤᠳᠠᠯᠤᠨ᠂ ︽ᠬᠤᠶᠠᠷ ᠢ ᠴᠣᠭᠴᠠᠯᠠᠨ ᠪᠠᠶᠢᠭᠤᠯᠬᠤ︾ ᠤᠬᠠᠭᠤᠯᠭ᠎ᠠ ᠶᠢ ᠴᠢᠩᠭᠠᠳᠬᠠᠵᠤ᠂ ︽ᠬᠤᠶᠠᠷ ᠢ ᠴᠣᠭᠴᠠᠯᠠᠨ ᠪᠠᠶᠢᠭᠤᠯᠬᠤ︾᠎ ᠶᠢᠨ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠳᠤᠮᠳᠠᠳᠤ ᠶᠢᠨ ᠰᠣᠶᠣᠯ ᠤᠨ ᠠᠭᠤᠯᠤᠭᠳᠠᠬᠤᠨ ᠲᠠᠢ ᠴᠡᠭᠡᠯ ᠠᠭᠤᠯᠠ ᠪᠠᠯᠭᠠᠰᠤ ᠶᠢ ᠴᠣᠭᠴᠠᠯᠠᠨ ᠪᠠᠶᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号