ᠬᠠᠶᠢᠷᠤᠪ ᠤᠨ ᠲᠤᠬᠤᠢ ᠲᠤᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠤᠯᠠᠨ ᠨᠡᠶᠢᠲᠡ ᠶᠢᠨ ᠦᠢᠯᠡᠴᠢᠯᠡᠭᠡ ᠪᠠ ᠡᠵᠡᠩᠨᠡᠯᠲᠡ ᠶᠢᠨ ᠴᠢᠨᠠᠷᠲᠠᠶ ᠲᠠᠯᠠᠪᠤᠷ ᠭᠠᠵᠠᠷ ᠤᠨ ᠨᠡᠭᠡᠭᠡᠯᠲᠡ ᠶᠢ ᠡᠮᠬᠢ ᠵᠢᠷᠤᠮ ᠲᠠᠢ ᠪᠠᠷ ᠰᠡᠷᠭᠦᠭᠡᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2022/12/4
      ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠨᠢᠭᠤᠷ︶︾᠎ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠨᠡᠶᠢᠲᠡᠯᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠨ ᠵᠦᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠱᠠᠭᠠᠷᠳᠠᠯᠭ᠎ᠠ ᠲᠠᠢ ᠤᠶᠠᠯᠳᠤᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠪᠦᠲᠦᠮᠵᠢᠲᠡᠶ ᠨᠢᠭᠡᠳᠦᠯᠲᠡᠶ ᠲᠥᠯᠥᠪᠯᠡᠬᠦ ᠶᠢᠨ ᠲᠥᠯᠥᠭᠡ᠂ ᠬᠤᠲᠠ ᠶᠢᠨ ᠲᠣᠭᠤᠷᠢᠭ ᠬᠤᠶᠠᠷ ᠱᠠᠲᠤᠨ ᠤ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ ᠤᠨ ᠲᠤᠰᠬᠠᠶ ᠮᠡᠷᠭᠡᠵᠢᠯᠲᠡᠨ ᠤ ᠶᠡᠷᠦᠩᠬᠡᠶᠢᠯᠡᠭᠰᠡᠨ ᠰᠤᠳᠤᠯᠤᠨ ᠮᠠᠭᠠᠳᠯᠠᠯᠲᠠ ᠪᠠᠷ ᠳᠡᠮᠵᠢᠨ᠂ ᠬᠠᠶᠢᠷᠤᠪ ᠤᠨ ᠲᠣᠬᠤᠶ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ 2022 ᠣᠨ ᠤ 12 ᠰᠠᠷ᠎ᠠ ᠶᠢᠨ 4᠎ ᠤ ᠡᠳᠦᠷ ᠤᠨ 0 ᠴᠠᠭ ᠠᠴᠠ ᠡᠬᠢᠯᠡᠨ᠂ ᠣᠯᠠᠨ ᠨᠡᠶᠢᠲᠡ ᠶᠢᠨ ᠤᠶᠢᠯᠡᠴᠢᠯᠡᠭᠡ ᠪᠠ ᠡᠵᠡᠩᠨᠡᠯᠲᠡ ᠶᠢᠨ ᠴᠢᠨᠠᠷᠲᠠᠶ ᠲᠠᠯᠠᠪᠤᠷ ᠭᠠᠵᠠᠷ ᠢ ᠡᠮᠬᠢ ᠵᠢᠷᠤᠮ ᠲᠠᠢ ᠪᠠᠷ ᠰᠡᠷᠭᠦᠭᠡᠨ ᠨᠡᠭᠡᠭᠡᠬᠦ ᠪᠠᠷ ᠲᠣᠭᠲᠠᠭᠠᠪᠠ᠃ ᠤᠳᠤ ᠳᠣᠣᠷᠠᠬᠢ ᠮᠡᠲᠦ ᠪᠠᠷ ᠵᠠᠷᠯᠠᠶ᠎ᠠ᠄       ᠨᠢᠭᠡ᠂ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠂ ᠤᠬᠢᠶᠠᠯᠭ᠎ᠠ᠂ ᠠᠷᠢᠬᠢᠨ ᠮᠤᠬᠤᠯᠠᠭ ᠵᠡᠷᠭᠡ ᠡᠵᠡᠩᠨᠡᠯᠲᠡ ᠶᠢᠨ ᠴᠢᠨᠠᠷᠲᠠᠶ ᠲᠠᠯᠠᠪᠤᠷ ᠭᠠᠵᠠᠷ ᠤᠨ ᠬᠡᠪ ᠤᠨ ᠡᠵᠡᠩᠨᠡᠯᠲᠡ ᠶᠢ ᠡᠮᠬᠢ ᠵᠢᠷᠤᠮ ᠲᠠᠢ ᠰᠡᠷᠭᠦᠭᠡᠵᠦ᠂ ᠢᠳᠡᠭᠡᠨ ᠤᠮᠳᠠᠭᠠᠨ ᠤ ᠤᠶᠢᠯᠡᠴᠢᠯᠡᠭᠡᠨ ᠤ ᠲᠠᠩᠬᠢᠮ ᠤᠨ ᠢᠳᠡᠭᠡᠨ ᠤᠮᠳᠠᠭᠠᠨ ᠢ ᠴᠢᠯᠥᠭᠡᠲᠡᠶ ᠪᠠᠶᠢᠯᠭᠠᠵᠤ᠂ ᠪᠠᠭᠲᠠᠭᠠᠮᠵᠢ ᠶᠢᠨ ᠬᠡᠮᠵᠢᠶ᠎ᠡ ᠶᠢ ᠦᠨᠳᠦᠰᠦᠯᠡᠨ ᠤᠷᠤᠰᠬᠠᠯ ᠢ ᠬᠢᠵᠠᠭᠠᠷᠯᠠᠬᠤ ᠶᠢ ᠬᠡᠷᠡᠭᠵᠢᠭᠦᠯᠦᠨ᠎ᠡ᠃ ᠵᠣᠴᠢᠳ ᠤᠨ ᠥᠪᠡᠷ ᠢᠶᠠᠨ ᠺᠣᠳ᠋ ᠰᠢᠷᠪᠢᠵᠦ ᠲᠣᠭᠠᠴᠠᠭ᠎ᠠ ᠬᠢᠵᠦ ᠳ᠋ᠦᠩᠨᠡᠨ ᠪᠤᠳᠤᠬᠤ ᠶᠢ ᠲᠠᠨᠢᠯᠴᠠᠭᠤᠯᠵᠤ ᠂ ᠮᠥᠷᠯᠡᠬᠦ ᠴᠠᠭ ᠢ ᠪᠣᠭᠤᠨᠢᠰᠬᠠᠨ᠎ᠠ᠃      ᠬᠤᠶᠠᠷ᠂ ᠦᠵᠡᠮᠵᠢ ᠶᠢᠨ ᠣᠷᠣᠨ᠂ ᠨᠣᠮ ᠤᠨ ᠰᠠᠩ᠂ ᠰᠣᠶᠣᠯ ᠤᠨ ᠣᠷᠳᠣᠨ᠂ ᠪᠡᠶ᠎ᠡ ᠶᠢᠨ ᠲᠠᠮᠢᠷ ᠤᠨ ᠣᠷᠳᠣᠨ ᠵᠡᠷᠭᠡ ᠣᠯᠠᠨ ᠨᠡᠶᠢᠲᠡ ᠶᠢᠨ ᠰᠣᠶᠣᠯ ᠤᠨ ᠠᠵᠢᠯᠯᠠᠭᠠᠨ ᠤ ᠲᠠᠯᠠᠪᠤᠷ ᠭᠠᠵᠠᠷ ᠤᠨ ᠨᠡᠭᠡᠭᠡᠯᠲᠡ ᠶᠢ ᠡᠮᠬᠢ ᠵᠢᠷᠤᠮ ᠲᠠᠢ ᠪᠠᠷ ᠰᠡᠷᠭᠦᠭᠡᠵᠦ᠂ ︽ᠳᠤᠯᠠᠭᠠᠨ ᠢ ᠬᠡᠮᠵᠢᠨ ᠺᠣᠳ᠋ ᠰᠢᠷᠪᠢᠬᠦ︾ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃    ᠭᠤᠷᠪᠠ᠂ ᠨᠡᠭᠡᠭᠡᠯᠲᠡ ᠲᠠᠢ ᠭᠠᠵᠠᠷ ᠲᠠᠯᠠᠪᠤᠷ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠰᠠᠯᠬᠢ ᠨᠡᠪᠲᠡᠷᠡᠬᠦ ᠪᠠ ᠤᠷᠢᠳᠴᠢᠯᠠᠨ ᠰᠡᠷᠭᠡᠶᠢᠯᠡᠬᠦ ᠴᠢᠨᠠᠷᠲᠠᠶ ᠪᠠᠷ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠪᠠ ᠣᠯᠠᠨ ᠨᠡᠶᠢᠲᠡ ᠶᠢᠨ ᠲᠠᠯᠠᠪᠤᠷ ᠤᠨ ᠠᠵᠢᠯᠲᠠᠳ ᠠᠮᠠᠪᠴᠢ ᠶᠢ ᠴᠢᠩᠭ᠎ᠠ ᠵᠡᠭᠦᠬᠦ ᠶᠢᠨ ᠬᠠᠮᠲᠤ ᠬᠤᠲᠠ ᠶᠢᠨ ᠠᠷᠠᠳ ᠢ ᠰᠢᠮᠳᠠᠭᠤᠯᠵᠤ ᠪᠠᠶᠢᠭᠠᠳ ᠠᠮᠠᠪᠴᠢ ᠶᠢ ᠵᠢᠷᠤᠮᠵᠢᠭᠤᠯᠤᠨ ᠵᠡᠭᠦᠵᠦ᠂ ᠪᠠᠶᠢᠴᠠᠭᠠᠬᠤ ᠶᠣᠰᠣᠲᠠᠶ ᠶᠢ ᠨᠢ ᠴᠥᠮ ᠪᠠᠶᠢᠴᠠᠭᠠᠬᠤ ᠱᠠᠭᠠᠷᠳᠠᠯᠭ᠎ᠠ ᠶᠣᠰᠣᠭᠠᠷ᠂ ᠲᠣᠭᠲᠠᠭᠰᠠᠨ ᠴᠠᠭ ᠲᠠᠭᠠᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠣᠷᠣᠯᠴᠠᠭᠤᠯᠬᠤ ᠬᠡᠷᠡᠭᠲᠡᠶ᠃ ᠬᠠᠷᠢᠶᠠᠲᠤ ᠣᠷᠣᠨ ᠤ ᠳᠣᠲᠣᠷᠠᠬᠢ ᠡᠯ᠎ᠡ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠥᠯᠢᠭᠡᠷ ᠠᠪᠬᠤ ᠴᠡᠭ ᠢ ᠬᠡᠪ ᠤᠨ ᠪᠠᠶᠢᠳᠠᠯ ᠢᠶᠠᠷ ᠨᠡᠭᠡᠭᠡᠵᠦ᠂ ᠥᠷᠭᠡᠨ ᠣᠯᠠᠨ ᠰᠠᠭᠤᠭᠠᠯᠢ ᠠᠷᠠᠳ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠣᠶᠢᠷ᠎ᠠ ᠬᠠᠪᠢ ᠳᠠᠭᠠᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠬᠢᠬᠦ ᠶᠢ ᠬᠦᠰᠡᠵᠦ ᠪᠠᠶᠢᠨ᠎ᠠ᠃      ᠬᠤᠲᠠ ᠶᠢᠨ ᠠᠷᠠᠳ ᠣᠯᠠᠨ ᠬᠢᠯᠪᠠᠷ ᠪᠤᠰᠤ ᠪᠠᠷ ᠢᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢᠶᠠᠨ ᠬᠠᠮᠲᠤᠪᠠᠷ ᠨᠠᠨᠳᠢᠩᠨᠠᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠪᠥᠬᠦ ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠮᠵᠢᠨ ᠬᠠᠮᠵᠢᠯᠴᠠᠬᠤ ᠶᠢ ᠬᠦᠰᠡᠵᠦ ᠪᠠᠶᠢᠨ᠎ᠠ ᠭᠡᠵᠡᠶ᠃ ᠪᠢᠳᠠ ᠢᠲᠡᠭᠡᠯ ᠵᠣᠷᠢᠭ ᠢᠶᠠᠨ ᠪᠠᠲᠤᠳᠬᠠᠵᠤ᠂ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠬᠦᠴᠦᠲᠡᠢ ᠪᠥᠭᠡᠳ ᠪᠦᠲᠦᠮᠵᠢᠲᠡᠢ ᠠᠬᠢᠭᠤᠯᠵᠤ᠂ ᠮᠠᠨ ᠤ ᠠᠮᠤᠷ ᠠᠮᠤᠭᠤᠯᠠᠩ ᠡᠷᠡᠭᠦᠯ ᠮᠡᠨᠳᠦ᠂ ᠡᠶ᠎ᠡ ᠵᠣᠬᠢᠴᠠᠩᠭᠤᠢ ᠲᠣᠭᠲᠠᠭᠤᠨ ᠵᠣᠯ ᠵᠢᠷᠭᠠᠯᠲᠤ ᠭᠡᠷ ᠣᠷᠣᠨ ᠢᠶᠠᠨ ᠬᠠᠮᠲᠤᠪᠠᠷ ᠰᠠᠶᠢᠲᠤᠷ ᠰᠠᠬᠢᠨ ᠬᠠᠮᠠᠭᠠᠯᠠᠶ᠎ᠠ᠃           ᠬᠠᠶᠢᠷᠤᠪ ᠤᠨ ᠲᠤᠬᠤᠢ ᠲᠤᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                           2022 ᠣᠨ ᠤ 12 ᠰᠠᠷ᠎ᠠ ᠶᠢᠨ 3᠎ ᠤ ᠡᠳᠤᠷ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号