ᠰᠤᠷᠭᠠᠨ ᠬᠥᠮᠦᠵᠢᠯ ᠤᠨ ᠶᠠᠮᠤᠨ ᠲᠣᠳᠣᠷᠬᠠᠶ ᠲᠣᠭᠲᠠᠭᠠᠵᠠᠶ ᡽
ᠨᠡᠶᠢᠲᠡᠯᠡᠭᠰᠡᠨ ᠴᠠᠭ᠄
2022/12/5
     ᠳᠡᠭᠡᠳᠦ ᠵᠡᠷᠭᠡ ᠶᠢᠨ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠣᠯᠠᠨ ᠨᠡᠶᠢᠲᠡ ᠶᠢᠨ ᠤᠷᠠᠯᠢᠭ ᠤᠨ ᠬᠢᠴᠢᠶᠡᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠣᠶᠢᠷ᠎ᠠ ᠳᠤ ︽ᠳᠡᠭᠡᠳᠦ ᠵᠡᠷᠭᠡ ᠶᠢᠨ ᠰᠤᠷᠭᠠᠭᠤᠯᠢ ᠶᠢᠨ ᠣᠯᠠᠨ ᠨᠡᠶᠢᠲᠡ ᠶᠢᠨ ᠤᠷᠠᠯᠢᠭ ᠤᠨ ᠬᠢᠴᠢᠶᠡᠯ ᠤᠨ ᠵᠢᠯᠣᠭᠤᠳᠬᠤ ᠬᠥᠲᠥᠯᠪᠦᠷᠢ︾᠎ ᠢ ᠳᠠᠷᠤᠮᠠᠯᠯᠠᠨ ᠲᠠᠷᠬᠠᠭᠠᠪᠠ᠃     ︽ᠬᠥᠲᠥᠯᠪᠦᠷᠢ︾᠎ ᠳᠤ᠂ ᠣᠯᠠᠨ ᠨᠡᠶᠢᠲᠡ ᠶᠢᠨ ᠤᠷᠠᠯᠢᠭ ᠤᠨ ᠬᠢᠴᠢᠶᠡᠯ ᠪᠣᠯ ᠮᠠᠨ ᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠢᠴᠢᠶᠡᠯ ᠤᠨ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠰᠤᠷᠭᠠᠭᠤᠯᠢ ᠶᠢᠨ ᠤᠷᠠᠯᠢᠭ ᠤᠨ ᠬᠥᠮᠦᠵᠢᠯ ᠤᠨ ᠠᠵᠢᠯ ᠤᠨ ᠭᠤᠤᠯ ᠭᠤᠭᠴᠤᠭ᠎ᠠ ᠮᠥᠨ᠂ ᠭᠤᠸ᠎ᠠ ᠰᠠᠶᠢᠬᠠᠨ ᠤ ᠬᠥᠮᠦᠵᠢᠯ ᠢ ᠬᠡᠷᠡᠭᠵᠢᠭᠦᠯᠬᠦ ᠭᠤᠤᠯ ᠠᠷᠭ᠎ᠠ ᠵᠠᠮ ᠮᠥᠨ᠂ ᠡᠨᠡ ᠨᠢ ᠰᠤᠷᠤᠭᠴᠢᠳ ᠤᠨ ᠭᠤᠸ᠎ᠠ ᠲᠠᠭᠠᠰᠢᠶᠠᠯ ᠪᠠ ᠬᠥᠮᠦᠨ ᠨᠡᠶᠢᠭᠡᠮ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠ ᠤᠶᠢᠯᠡᠳᠤᠯᠭᠡ ᠶᠢᠨ ᠴᠢᠳᠠᠪᠤᠷᠢ ᠶᠢ ᠬᠥᠮᠦᠵᠢᠭᠦᠯᠬᠦ᠂ ᠡᠷᠡᠭᠦᠯ ᠴᠢᠭᠢᠷᠠᠭ ᠵᠠᠩ ᠠᠷᠠᠨᠰᠢᠨ ᠢ ᠪᠣᠶ ᠪᠣᠯᠭᠠᠬᠤ ᠳᠤ ᠣᠷᠣᠯᠠᠭᠤᠯᠵᠤ ᠪᠣᠯᠤᠰᠢ ᠥᠬᠡᠶ ᠦᠨ᠎ᠡ ᠥᠷᠲᠡᠭ ᠪᠠ  ᠤᠶᠢᠯᠡᠳᠤᠯ ᠲᠠᠢ ᠶᠤᠮ ᠭᠡᠵᠦ ᠲᠣᠳᠣᠷᠬᠠᠶ ᠲᠣᠭᠲᠠᠭᠠᠵᠠᠶ᠃     ︽ᠬᠥᠲᠥᠯᠪᠦᠷᠢ︾᠎ ᠳᠤ᠂ ᠳᠡᠭᠡᠳᠦ ᠵᠡᠷᠭᠡ ᠶᠢᠨ ᠰᠤᠷᠭᠠᠭᠤᠯᠢ ᠨᠤᠭᠤᠳ ᠬᠥᠮᠦᠨ ᠬᠥᠮᠦᠵᠢᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠪᠥᠬᠦ ᠲᠠᠯ᠎ᠠ ᠳᠤ ᠬᠠᠨᠳᠤᠭᠤᠯᠬᠤ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠂ ᠬᠥᠮᠦᠨ ᠪᠦᠬᠦᠨ ᠳᠤ ᠬᠠᠨᠳᠤᠭᠤᠯᠤᠭᠰᠠᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠪᠠ ᠤᠷᠠᠯᠢᠭ ‍ᠤᠨ‌ᠤᠶᠢᠯᠡᠳᠤᠯᠭᠡ ᠶᠢᠨ ᠠᠵᠢᠯᠯᠠᠭ᠎ᠠ ᠶᠢ ᠬᠠᠷᠢᠯᠴᠠᠨ ᠤᠶᠠᠯᠳᠤᠭᠤᠯᠤᠭᠰᠠᠨ ᠣᠯᠠᠨ ᠨᠡᠶᠢᠲᠡ ᠶᠢᠨ ᠤᠷᠠᠯᠢᠭ ᠤᠨ ᠬᠢᠴᠢᠶᠡᠯ ᠤᠨ ᠰᠢᠰᠲ᠋ᠧᠮ ᠢ ᠪᠠᠶᠢᠭᠤᠯᠵᠤ᠂ ᠣᠯᠠᠨ ᠨᠡᠶᠢᠲᠡ ᠶᠢᠨ ᠤᠷᠠᠯᠢᠭ ᠤᠨ ᠬᠢᠴᠢᠶᠡᠯ ᠢ ᠡᠯ᠎ᠡ ᠲᠤᠰᠬᠠᠶ ᠮᠡᠷᠭᠡᠵᠢᠯ ᠤᠨ ᠵᠢᠩᠬᠢᠨᠢ ᠠᠩᠭᠢ ᠶᠢᠨ ᠴᠢᠳᠠᠪᠤᠷᠢᠲᠠᠨ ᠢ ᠬᠥᠮᠦᠵᠢᠭᠦᠯᠬᠦ ᠲᠥᠰᠦᠯ ᠳᠤ ᠣᠷᠣᠭᠤᠯᠵᠤ᠂ ᠰᠤᠷᠤᠭᠴᠢᠳ ᠣᠯᠠᠨ ᠨᠡᠶᠢᠲᠡ ᠶᠢᠨ ᠤᠷᠠᠯᠢᠭ ᠤᠨ ᠬᠢᠴᠢᠶᠡᠯ ᠢ 2 ᠰᠤᠷᠤᠯᠭ᠎ᠠ ᠶᠢᠨ ᠬᠤᠪᠢ ᠪᠠᠷ ᠲᠡᠭᠦᠰᠪᠡᠯ ᠰᠠᠶ᠋ᠢ ᠲᠡᠭᠦᠰᠴᠦ ᠴᠢᠳᠠᠨ᠎ᠠ ᠭᠡᠵᠦ ᠴᠢᠬᠤᠯᠠᠴᠢᠯᠠᠪᠠ᠃      ︽ᠬᠥᠲᠥᠯᠪᠦᠷᠢ︾᠎ ᠳᠤ ᠲᠣᠭᠲᠠᠭᠠᠭᠰᠠᠨ ᠨᠢ᠂ ᠣᠯᠠᠨ ᠨᠡᠶᠢᠲᠡ ᠶᠢᠨ ᠤᠷᠠᠯᠢᠭ ᠤᠨ ᠬᠢᠴᠢᠶᠡᠯ ᠳᠤ ᠭᠤᠸ᠎ᠠ ᠵᠦᠶ ᠪᠠ ᠤᠷᠠᠯᠢᠭ ᠤᠨ ᠲᠡᠤᠬᠡ ᠶᠢᠨ ᠣᠨᠣᠯ ᠤᠨ ᠲᠥᠷᠥᠯ᠂ ᠤᠷᠠᠯᠢᠭ ᠤᠨ ᠰᠣᠨᠢᠷᠬᠠᠯ ᠪᠠ ᠰᠢᠭᠦᠮᠵᠢ ᠶᠢᠨ ᠲᠥᠷᠥᠯ᠂ ᠤᠷᠠᠯᠢᠭ ᠤᠨ ᠣᠶᠢᠯᠠᠭᠠᠯᠲᠠ ᠪᠠ ᠤᠶᠢᠯᠡᠳᠤᠯᠭᠡ ᠶᠢᠨ ᠲᠥᠷᠥᠯ ᠵᠡᠷᠭᠡ ᠭᠤᠷᠪᠠᠨ ᠲᠥᠷᠥᠯ ᠤᠨ ᠬᠢᠴᠢᠶᠡᠯ ᠪᠠᠭᠲᠠᠨ᠎ᠠ᠂ ᠬᠢᠴᠢᠶᠡᠯ ᠤᠨ ᠲᠣᠬᠢᠷᠠᠭᠤᠯᠤᠯᠲᠠ ᠨᠢ ᠪᠦᠷᠢᠨ ᠪᠦᠲᠦᠨ ᠴᠢᠨᠠᠷ᠂ ᠠᠪᠴᠠᠯᠳᠤᠩᠭᠤᠶ ᠴᠢᠨᠠᠷ᠂ ᠰᠢᠰᠲ᠋ᠧᠮᠲᠦ ᠴᠢᠨᠠᠷ ᠢ ᠢᠯᠡᠷᠡᠭᠦᠯᠬᠦ ᠬᠡᠷᠡᠭᠲᠡᠶ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠯᠠᠨ ᠨᠡᠶᠢᠲᠡ ᠶᠢᠨ ᠤᠷᠠᠯᠢᠭ ᠤᠨ ᠬᠢᠴᠢᠶᠡᠯ ᠢ ᠳᠥᠯᠭᠢᠨ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠬᠢᠴᠢᠶᠡᠯ ᠤᠨ ᠪᠦᠬᠦᠯᠢ ᠴᠣᠭᠴᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ ᠭᠡᠵᠦ ᠱᠠᠭᠠᠷᠳᠠᠪᠠ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠣᠯᠠᠨ ᠨᠡᠶᠢᠲᠡ ᠶᠢᠨ ᠤᠷᠠᠯᠢᠭ ᠤᠨ ᠴᠢᠨᠠᠷ ᠰᠠᠶᠢᠲᠠᠶ ᠲᠣᠭᠠᠴᠢᠯᠠᠭᠰᠠᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠵᠤ᠂ ᠭᠤᠸ᠎ᠠ ᠰᠠᠶᠢᠬᠠᠨ ᠤ ᠬᠥᠮᠦᠵᠢᠯ ᠤᠨ ᠤᠶᠢᠯᠡᠳᠤᠯᠭᠡ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠰᠢᠯᠢᠳᠡᠭ ᠦᠷ᠎ᠡ ᠪᠦᠲᠦᠭᠡᠯ ᠪᠠ ᠨᠠᠷᠠᠲᠤ ᠪᠠᠭᠰᠢ ᠶᠢᠨ ᠠᠵᠢᠯᠯᠠᠬᠤ ᠲᠠᠰᠤᠭ ᠢ ᠢᠳᠡᠪᠬᠢᠲᠡᠶ ᠪᠤᠶᠢᠵᠢᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠣᠯᠠᠨ ᠨᠡᠶᠢᠲᠡ ᠶᠢᠨ ᠤᠷᠠᠯᠢᠭ ᠤᠨ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠤᠷᠠᠯᠢᠭ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠰᠤᠳᠤᠯᠬᠤ᠂ ᠨᠠᠶᠢᠷᠠᠭᠤᠯᠤᠨ ᠪᠢᠴᠢᠬᠦ᠂ ᠬᠢᠨᠠᠨ ᠲᠣᠭᠲᠠᠭᠠᠬᠤ᠂ ᠬᠡᠷᠡᠭᠯᠡᠬᠦ ᠵᠡᠷᠭᠡ ᠠᠵᠢᠯ ᠢ ᠰᠠᠶᠢᠲᠤᠷ ᠬᠢᠨ᠎ᠠ᠃    ︽ᠬᠥᠲᠥᠯᠪᠦᠷᠢ︾᠎ ᠳᠤ᠂ ᠳᠡᠭᠡᠳᠦ ᠵᠡᠷᠭᠡ ᠶᠢᠨ ᠰᠤᠷᠭᠠᠭᠤᠯᠢ ᠨᠤᠭᠤᠳ ᠣᠯᠠᠨ ᠨᠡᠶᠢᠲᠡ ᠶᠢᠨ ᠤᠷᠠᠯᠢᠭ ᠤᠨ ᠬᠢᠴᠢᠶᠡᠯ ᠤᠨ ᠠᠵᠢᠯ ᠤᠨ ᠲᠥᠰᠦᠯ ᠢ ᠲᠣᠭᠲᠠᠭᠠᠨ ᠬᠡᠷᠡᠭᠵᠢᠭᠦᠯᠵᠦ᠂ ᠰᠤᠷᠭᠠᠭᠤᠯᠢ ᠶᠢᠨ ᠱᠠᠲᠤᠨ ᠤ ᠤᠳᠤᠷᠢᠳᠤᠯᠭ᠎ᠠ ᠬᠠᠷᠢᠭᠤᠴᠠᠬᠤ᠂ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠬᠠᠮᠵᠢᠯᠴᠠᠬᠤ᠂ ᠣᠯᠠᠨ ᠨᠡᠶᠢᠲᠡ ᠶᠢᠨ ᠤᠷᠠᠯᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠰᠠᠯᠠᠭ᠎ᠠ ᠮᠥᠴᠢᠷ ᠠᠴᠠ ᠪᠣᠳᠠᠲᠠᠶ ᠬᠡᠷᠡᠭᠵᠢᠭᠦᠯᠬᠦ ᠣᠯᠠᠨ ᠨᠡᠶᠢᠲᠡ ᠶᠢᠨ ᠤᠷᠠᠯᠢᠭ ᠤᠨ ᠬᠢᠴᠢᠶᠡᠯ ᠤᠨ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃ ᠣᠯᠠᠨ ᠨᠡᠶᠢᠲᠡ ᠶᠢᠨ ᠤᠷᠠᠯᠢᠭ ᠤᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠤᠷᠠᠯᠢᠭ ᠤᠨ ᠬᠢᠴᠢᠶᠡᠯ ᠤᠨ ᠪᠠᠭᠰᠢ ᠶᠢᠨ ᠲᠤᠭ᠎ᠠ ᠶᠢ ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠪᠥᠬᠦ ᠲᠣᠭᠠᠨ ᠤ 0.15%᠎ ᠠᠴᠠ ᠳᠣᠤᠷ᠎ᠠ ᠪᠠᠶᠢᠯᠭᠠᠬᠤ ᠥᠬᠡᠶ᠃ ᠰᠤᠷᠭᠠᠨ ᠬᠥᠮᠦᠵᠢᠯ ᠵᠢᠭᠠᠨ ᠰᠤᠷᠭᠠᠯᠲᠠ ᠪᠠ ᠦᠢᠯᠡᠳᠦᠯᠭᠡ ᠶᠢᠨ ᠠᠵᠢᠯᠯᠠᠭ᠎ᠠ ᠶᠢᠨ ᠬᠡᠷᠡᠭᠴᠡᠭᠡ ᠶᠢ ᠬᠠᠩᠭᠠᠬᠤ ᠲᠠᠯᠠᠪᠤᠷ ᠣᠷᠳᠣᠨ ᠤ ᠲᠥᠬᠦᠭᠡᠷᠦᠮᠵᠢ ᠶᠢ ᠰᠠᠶᠢᠲᠤᠷ ᠪᠠᠶᠢᠭᠤᠯᠵᠤ ᠰᠠᠶᠢᠲᠤᠷ ᠲᠣᠬᠢᠷᠠᠭᠤᠯᠤᠨ᠎ᠠ᠃     ︽ᠬᠥᠲᠥᠯᠪᠦᠷᠢ︾᠎ ᠳᠤ ᠳᠡᠭᠡᠳᠦ ᠵᠡᠷᠭᠡ ᠶᠢᠨ ᠰᠤᠷᠭᠠᠭᠤᠯᠢ ᠶᠢᠨ ᠣᠯᠠᠨ ᠨᠡᠶᠢᠲᠡ ᠶᠢᠨ ᠤᠷᠠᠯᠢᠭ ᠤᠨ ᠰᠤᠷᠭᠠᠨ ᠬᠥᠮᠦᠵᠢᠯ ᠤᠨ ᠥᠪᠡᠷ ᠢ ᠪᠠᠨ ᠦᠨᠡᠯᠡᠬᠦ ᠪᠠ ᠣᠨ ᠤ ᠮᠡᠳᠡᠭᠦᠯᠦᠯᠲᠡ ᠶᠢᠨ ᠲᠦᠷᠢᠮ ᠢ ᠬᠡᠷᠡᠭᠵᠢᠭᠦᠯᠦᠨ᠎ᠡ ᠭᠡᠵᠦ ᠳᠤᠷᠠᠳᠴᠠᠶ᠃ ᠡᠯ᠎ᠡ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠳᠡᠭᠡᠳᠦ ᠵᠡᠷᠭᠡ ᠶᠢᠨ ᠰᠤᠷᠭᠠᠭᠤᠯᠢ ᠶᠢᠨ ᠣᠯᠠᠨ ᠨᠡᠶᠢᠲᠡ ᠶᠢᠨ ᠤᠷᠠᠯᠢᠭ ᠤᠨ ᠰᠤᠷᠭᠠᠨ ᠬᠥᠮᠦᠵᠢᠯ ᠤᠨ ᠠᠵᠢᠯ ᠢ ᠦᠨᠡᠯᠡᠬᠦ ᠪᠠ ᠬᠢᠨᠠᠨ ᠵᠢᠯᠣᠭᠤᠳᠬᠤ ᠭᠦᠢᠴᠡᠤᠡᠭᠡᠯ ᠲᠣᠭᠠᠨ ᠤ ᠰᠢᠰᠲ᠋ᠧᠮ ᠢ ᠲᠣᠭᠲᠠᠭᠠᠵᠤ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠣᠯᠠᠨ ᠨᠡᠶᠢᠲᠡ ᠶᠢᠨ ᠤᠷᠠᠯᠢᠭ ᠤᠨ ᠬᠥᠮᠦᠵᠢᠯ ᠤᠨ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠵᠦ᠂ ᠬᠢᠨᠠᠨ ᠵᠢᠯᠣᠭᠤᠳᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号