ᠬᠠᠶᠢᠷᠤᠪ ᠤᠨ ᠲᠤᠬᠤᠢ ᠲᠤᠭᠤᠷᠢᠭ ᠤᠨ ᠬᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ  ᠰᠠᠶᠢᠲᠠᠢ ᠬᠦᠭᠵᠢᠯᠲᠡ ᠶᠢ ᠪᠦᠬᠦ  ᠬᠦᠴᠦ ᠪᠠᠷ ᠢᠶᠠᠨ ᠠᠬᠢᠭᠤᠯᠤᠨ᠎ᠠ
ᠨᠡᠶᠢᠲᠡᠯᠡᠭᠰᠡᠨ ᠴᠠᠭ᠄
2022/2/17
      ᠡᠨᠡ ᠵᠢᠯ᠂ ᠬᠠᠶᠢᠷᠤᠪ ᠤᠨ ᠲᠤᠬᠤᠢ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ᠂ ᠲᠣᠭᠲᠠᠭᠠᠬᠤ ᠂ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ᠂ ᠲᠥᠯᠥᠭᠡᠯᠡᠭᠴᠢ ᠶᠢ ᠲᠣᠮᠢᠯᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠲᠥᠯᠥᠪᠵᠢᠭᠦᠯᠵᠦ᠂ ᠨᠡᠩ ᠤᠯᠠᠨ ᠨᠡᠩ ᠪᠦᠲᠦᠮᠵᠢᠲᠡᠢ ᠡᠭᠦᠷᠭᠡ ᠲᠤᠰᠢᠶᠠᠯ ᠢᠶᠠᠨ ᠭᠦᠢᠴᠡᠳᠬᠡᠬᠦ ︽ᠬᠠᠮ ᠠᠷᠭ᠎ᠠ ᠬᠮᠵᠢᠶ᠎ᠡ︾᠎ ᠶᠢ ᠬᠡᠷᠡᠭᠵᠢᠭᠦᠯᠵᠦ᠂ ᠡᠯ᠎ᠡ ᠵᠦᠢᠯ ᠤᠨ ᠠᠵᠢᠯ ᠤᠨ ᠰᠢᠨ᠎ᠡ ᠪᠠᠶᠢᠳᠠᠯ ᠢ ᠨᠡᠭᠡᠭᠡᠵᠦ᠂ ᠰᠢᠨ᠎ᠡ ᠬᠠᠭᠤᠳᠠᠰᠤ ᠶᠢ ᠪᠢᠴᠢᠭᠯᠡᠬᠦ ᠶᠢ ᠠᠬᠢᠭᠤᠯᠪᠠ᠃      ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠥᠪ ᠬᠢᠨᠠᠯᠲᠠ ᠲᠠᠯᠪᠢᠬᠤ᠂ ᠪᠦᠲᠦᠮᠵᠢᠲᠡᠢ ᠬᠢᠨᠠᠯᠲᠠ ᠲᠠᠯᠪᠢᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠪᠠ ᠬᠤᠳᠠ ᠶᠢᠨ ᠬᠡᠯᠪᠡᠷᠢ ᠶᠢ ᠬᠤᠪᠢᠷᠠᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢᠨ ᠲᠣᠭᠤᠷᠢᠨ ᠳᠤ ᠬᠢᠨᠠᠯᠲᠠ ᠲᠠᠯᠪᠢᠪᠠ᠃ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠶᠢ ᠬᠢᠨᠠᠨ ᠪᠠᠶᠢᠴᠠᠭᠠᠬᠤ ᠠᠵᠢᠯ ᠢ ᠴᠢᠩᠭᠠᠳᠬᠠᠵᠤ᠂ ᠬᠢᠨᠠᠨ ᠪᠠᠶᠢᠴᠠᠭᠠᠬᠤ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠢᠨᠠᠨ ᠪᠠᠶᠢᠴᠠᠭᠠᠬᠤ ᠭᠤᠣᠯᠳᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠦᠪ ᠪᠠ ᠲᠥᠰᠦᠪ ᠤᠨ ᠭᠦᠢᠴᠡᠳᠬᠡᠯ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠪᠠ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠦᠨᠳᠦᠰᠦᠨ ᠬᠠᠤᠯᠢ ᠬᠠᠤᠯᠢ ᠴᠠᠭᠠᠵᠠ ᠶᠢ ᠬᠡᠷᠡᠭᠵᠢᠭᠦᠯᠬᠦ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠶᠢ ᠲᠤᠪᠤᠶᠢᠯᠭᠠᠨ᠂ ᠴᠡᠭ ᠢᠶᠠᠷ ᠨᠡᠶᠢᠳᠡᠮ ᠢ ᠲᠠᠶᠢᠴᠢᠯᠠᠵᠤ᠂ ᠡᠩ ᠤᠨ ᠪᠠᠶᠢᠴᠠᠭᠠᠯᠲᠠ᠂ ᠲᠠᠰᠢᠷᠠᠮ ᠢᠶᠠᠷ ᠰᠤᠭᠤᠴᠢᠨ ᠪᠠᠶᠢᠴᠠᠭᠠᠬᠤ᠂ ᠰᠦᠯᠵᠢᠶ᠎ᠡ ᠪᠠᠷ ᠪᠠᠶᠢᠴᠠᠭᠠᠨ ᠰᠤᠳᠤᠯᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠠᠮᠢᠳᠤᠯᠢᠭ ᠢᠶᠠᠷ ᠬᠡᠷᠡᠭᠯᠡᠵᠦ᠂ ᠬᠠᠤᠯᠢ ᠴᠠᠭᠠᠵᠠ ᠶᠢᠨ ᠲᠣᠭᠲᠠᠭᠠᠯ ᠲᠠᠢ ᠨᠢᠭᠲᠠ ᠤᠶᠠᠯᠳᠤᠭᠤᠯᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠵᠦ᠂ ᠦᠷᠭᠦᠯᠵᠢᠯᠡᠨ ᠬᠦᠴᠦᠯᠡᠵᠦ᠂ ᠮᠥᠷᠳᠡᠨ ᠬᠢᠨᠠᠯᠲᠠ ᠲᠠᠯᠪᠢᠵᠤ᠂ ︽ᠨᠢᠭᠡ ᠵᠠᠰᠠᠭ ᠤᠨ ᠣᠷᠳᠣᠨ ᠨᠢᠭᠡ ᠬᠤᠷᠢᠶ᠎ᠠ ᠬᠤᠶᠠᠷ ᠬᠤᠷᠢᠶ᠎ᠠ︾᠎ ᠶᠢᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠬᠠᠤᠯᠢ ᠴᠠᠭᠠᠵᠠ ᠶᠢᠨ ᠪᠦᠬᠦ ᠲᠠᠯ᠎ᠠ ᠪᠠᠷ ᠪᠦᠲᠦᠮᠵᠢᠲᠡᠶ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠪᠠ᠃     ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠰᠢᠨᠵᠢᠯᠡᠬᠦ ᠤᠬᠠᠭᠠᠨᠴᠢ ᠪᠠᠷ ᠰᠢᠢᠤᠡᠪᠤᠷᠢᠳᠤ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂ ᠲᠣᠮᠢᠯᠠᠬᠤ ᠪᠠᠭᠤᠯᠭᠠᠬᠤ ᠠᠵᠢᠯ ᠢ ᠬᠠᠤᠯᠢ ᠶᠣᠰᠣᠭᠠᠷ ᠰᠠᠶᠢᠲᠤᠷ ᠬᠢᠵᠦ᠂ ᠪᠥᠬᠦ ᠲᠤᠭᠤᠷᠢᠭ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠳᠠᠯ ᠤᠨ ᠪᠥᠬᠦ ᠲᠠᠯ᠎ᠠ ᠶᠢᠨ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ᠂ ᠠᠯᠤᠰ ᠬᠡᠲᠦ ᠶᠢᠨ ᠴᠢᠨᠠᠷᠲᠠᠶ ᠴᠢᠬᠤᠯᠠ ᠶᠡᠭᠡ ᠠᠰᠠᠭᠤᠳᠠᠯ ᠤᠨ ᠲᠣᠭᠤᠷᠢᠨ ᠳᠤ᠂ ᠴᠢᠬᠤᠯᠠ ᠶᠡᠭᠡ ᠵᠤᠶᠢᠯᠡᠰ ᠢ ᠴᠠᠭ ᠲᠤᠬᠠᠶ ᠳᠤᠨᠢ ᠶᠠᠷᠢᠯᠴᠠᠨ ᠲᠣᠭᠲᠠᠭᠠᠨ᠎ᠠ᠃ ᠲᠣᠭᠲᠠᠭᠠᠬᠤ ᠡᠷᠬᠡ ᠪᠠᠨ ᠤᠯᠠᠮ ᠨᠢᠭᠡ ᠠᠯᠬᠤᠮ ᠰᠠᠶᠢᠲᠤᠷ ᠬᠡᠷᠡᠭᠵᠢᠭᠦᠯᠵᠦ᠂ ᠴᠢᠬᠤᠯᠠ ᠶᠡᠭᠡ ᠤᠴᠢᠷ ᠶᠠᠪᠤᠳᠠᠯ ᠢ ᠶᠠᠷᠢᠯᠴᠠᠨ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠶᠠᠷᠢᠯᠴᠠᠨ ᠲᠣᠭᠲᠠᠭᠠᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠨᠠᠮ ᠠᠴᠠ ᠺᠠᠳ᠋ᠷ ᠢ ᠬᠠᠮᠢᠶᠠᠷᠬᠤ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠵᠠᠷᠴᠢᠮ ᠤᠨ ᠶᠣᠰᠣᠭᠠᠷ ᠂ ᠵᠢᠷᠤᠮ ᠢ ᠴᠢᠩᠭ᠎ᠠ ᠵᠢᠷᠤᠮᠵᠢᠭᠤᠯᠵᠤ᠂ ᠠᠵᠢᠯᠳᠠᠨ ᠢ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠠᠵᠢᠯ ᠢ ᠬᠠᠤᠯᠢ ᠶᠣᠰᠣᠭᠠᠷ ᠥᠷᠨᠢᠭᠦᠯᠪᠡ᠃ ᠦᠨᠳᠦᠰᠦᠨ ᠬᠠᠤᠯᠢ ᠳᠤ ᠲᠠᠩᠭᠠᠷᠢᠭᠯᠠᠬᠤ ᠲᠦᠷᠢᠮ ᠢ ᠨᠠᠶᠢᠳᠠᠪᠤᠷᠢᠵᠢᠭᠤᠯᠤᠨ᠎ᠠ᠃ ᠨᠠᠮ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠠᠤᠯᠢ ᠪᠠᠷ ᠲᠣᠭᠲᠠᠭᠠᠭᠰᠠᠨ ᠲᠡᠰ ᠳᠠᠷᠠᠭᠠᠯᠠᠯ ᠢᠶᠠᠷ ᠪᠦᠬᠦ  ᠲᠤᠭᠤᠷᠢᠭ ᠤᠨ ᠬᠠᠮᠲᠤ ᠶᠢᠨ ᠵᠣᠷᠢᠭ ᠰᠠᠨᠠᠭ᠎ᠠ ᠪᠠ ᠤᠬᠠᠮᠰᠠᠷᠲᠤ ᠠᠵᠢᠯᠯᠠᠭ᠎ᠠ ᠪᠣᠯᠭᠠᠬᠤ ᠶᠢ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠨᠠᠮ ᠤᠨ  ᠬᠤᠷᠢᠶ᠎ᠠ ᠶᠢᠨ ᠵᠣᠷᠢᠯᠲᠠ᠂ ᠠᠷᠠᠳ ᠲᠦᠮᠡᠨ ᠤ ᠠᠰᠢᠭ ᠲᠤᠰᠠ᠂ ᠬᠥᠭᠵᠢᠯᠲᠡ ᠶᠢᠨ ᠬᠡᠷᠡᠭᠴᠡᠭᠡ ᠳᠤ ᠨᠡᠶᠢᠴᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃    ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠲᠥᠯᠥᠭᠡᠯᠡᠭᠴᠢ ᠶᠢᠨ ᠤᠶᠢᠯᠡᠳᠤᠯ ᠢ ᠪᠠᠳᠠᠷᠠᠭᠤᠯᠵᠤ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠠᠶᠢᠪᠠᠯ᠂ ᠪᠢᠳᠡ ᠬᠠᠷᠢᠭᠤ ᠲᠤᠰᠬᠠᠯ ᠲᠠᠢ ᠪᠠᠶᠢᠬᠤ ᠶᠢ ᠪᠡᠶᠡᠯᠡᠭᠦᠯᠵᠦ᠂ ᠤᠶᠢᠯᠡᠴᠢᠯᠡᠭᠡᠨ ᠤ ᠴᠢᠳᠠᠪᠤᠷᠢ ᠪᠠᠨ ᠨᠡᠮᠡᠭᠳᠡᠭᠦᠯᠦᠨ᠂ ᠲᠥᠯᠥᠭᠡᠯᠡᠭᠴᠢᠳ ᠤᠨ ᠪᠣᠯᠪᠠᠰᠤᠷᠠᠭᠤᠯᠤᠯ ᠪᠠ ᠡᠭᠦᠷᠭᠡ ᠲᠤᠰᠢᠶᠠᠯ ᠢᠶᠠᠨ ᠭᠦᠢᠴᠡᠤᠡᠭᠡᠬᠦ ᠤᠶᠢᠯᠡᠴᠢᠯᠡᠭᠡᠨ ᠤ ᠬᠠᠮᠢᠶᠠᠷᠤᠯᠲᠠ ᠶᠢ ᠰᠢᠰᠲ᠋ᠧᠮᠵᠢᠭᠦᠯᠬᠦ᠂ ᠵᠢᠷᠤᠮᠵᠢᠭᠤᠯᠬᠤ᠂ ᠲᠤᠰᠬᠠᠶᠢᠵᠢᠭᠤᠯᠬᠤ ᠶᠢ ᠴᠢᠩᠭᠠᠳᠬᠠᠵᠤ᠂ ᠲᠥᠯᠥᠭᠡᠯᠡᠭᠴᠢᠳ ᠤᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠬᠦ ᠶᠢ ᠰᠢᠮᠳᠠᠭᠤᠯᠵᠤ᠂ ᠡᠭᠦᠷᠭᠡ ᠲᠤᠰᠢᠶᠠᠯ ᠢᠶᠠᠨ ᠭᠦᠢᠴᠡᠤᠡᠭᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠡᠭᠦᠨ ᠤ ᠬᠠᠮᠲᠤ ᠲᠥᠯᠥᠭᠡᠯᠡᠭᠴᠢᠳ ᠲᠠᠢ ᠬᠠᠷᠢᠯᠴᠠᠬᠤ ᠲᠣᠭᠲᠠᠴᠠ ᠶᠢ ᠪᠦᠷᠢᠨᠰᠢᠬᠦᠯᠵᠤ᠂ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠨᠡᠷ ᠤᠨ ᠲᠥᠯᠥᠭᠡᠯᠡᠭᠴᠢᠳ ᠲᠠᠢ ᠬᠠᠷᠢᠯᠴᠠᠬᠤ ᠪᠠ ᠲᠥᠯᠥᠭᠡᠯᠡᠭᠴᠢᠳ ᠤᠨ ᠰᠣᠩᠭᠤᠭᠤᠯᠢ ᠶᠢᠨ ᠠᠷᠠᠳ ᠲᠠᠢ ᠬᠠᠷᠢᠯᠴᠠᠬᠤ ᠲᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠠᠷᠠᠳ ᠤᠯᠠᠨ ᠲᠠᠢ ᠬᠠᠷᠢᠯᠴᠠᠬᠤ ᠠᠭᠤᠯᠭ᠎ᠠ ᠪᠠ ᠬᠡᠯᠪᠡᠷᠢ ᠶᠢ ᠪᠠᠶᠠᠯᠢᠭᠵᠢᠭᠤᠯᠵᠤ᠂ ᠤᠯᠠᠨ ᠲᠦᠮᠡᠨ ᠲᠠᠢ ᠨᠡᠩ ᠰᠠᠶᠢᠨ ᠣᠶᠢᠷᠠᠲᠤᠵᠤ᠂ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠤᠶᠤᠨ ᠤᠬᠠᠭᠠᠨ ᠢ ᠨᠢᠭᠲᠠᠷᠠᠭᠤᠯᠵᠤ᠂ ᠠᠷᠠᠳ ᠤᠨ ᠠᠮᠢᠳᠤᠷᠠᠯ ᠳᠤ ᠨᠡᠩ ᠰᠠᠶᠢᠨ ᠠᠰᠢᠭ ᠬᠦᠷᠲᠡᠭᠡᠨ᠎ᠡ᠃ ᠪᠥᠬᠦ  ᠲᠤᠭᠤᠷᠢᠭ ᠤᠨ ᠠᠵᠢᠯ ᠤᠨ ᠶᠡᠭᠡ ᠲᠠᠯ᠎ᠠ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠤᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠲᠥᠯᠥᠭᠡᠯᠡᠭᠴᠢᠳ ᠤᠨ ᠪᠠᠶᠢᠴᠠᠭᠠᠨ ᠦᠵᠡᠬᠦ᠂ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠬᠦ ᠪᠠ ᠪᠠᠶᠢᠴᠠᠭᠠᠨ ᠦᠵᠡᠬᠦ ᠠᠵᠢᠯᠯᠠᠭ᠎ᠠ ᠶᠢ ᠰᠠᠶᠢᠲᠤᠷ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾᠎ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠢ ᠡᠭᠦᠳᠦᠨ ᠪᠠᠶᠢᠭᠤᠯᠬᠤ ᠠᠵᠢᠯ ᠤᠨ ᠲᠡᠰ ᠳᠡᠪᠰᠢᠬᠦ ᠶᠢ ᠲᠦᠯᠬᠢᠨ ᠠᠬᠢᠭᠤᠯᠪᠠ᠃ ︽ᠠᠭᠤᠯᠭ᠎ᠠ ᠨᠢ ᠴᠢᠨᠠᠷ ᠰᠠᠶᠢᠲᠠᠶ᠂  ᠰᠢᠢᠤᠡᠪᠤᠷᠢᠯᠡᠬᠦ ᠨᠢ ᠴᠢᠨᠠᠷ ᠰᠠᠶᠢᠲᠠᠶ︾ ᠪᠠ ︽ᠦᠷ᠎ᠡ ᠳ᠋ᠦᠩ ᠢ ᠴᠢᠬᠤᠯᠠᠴᠢᠯᠠᠬᠤ ᠮᠥᠷᠲᠡᠭᠡᠨ ᠶᠠᠪᠤᠴᠠ ᠶᠢ ᠴᠤ ᠴᠢᠬᠤᠯᠠᠴᠢᠯᠠᠬᠤ︾ ᠱᠠᠭᠠᠷᠳᠠᠯᠭ᠎ᠠ ᠶᠣᠰᠣᠭᠠᠷ᠂ ᠲᠥᠯᠥᠭᠡᠯᠡᠭᠴᠢᠳ ᠤᠨ ᠵᠥᠪᠯᠡᠯᠭᠡ ᠪᠠ ᠰᠠᠨᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号