ᠬᠠᠶᠢᠷᠤᠪ ᠤᠨ ᠲᠤᠬᠤᠢ ᠲᠣᠭᠤᠷᠢᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/2/19
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ᠂ ᠬᠠᠶᠢᠷᠤᠪ ᠤᠨ ᠲᠤᠬᠤᠢ ᠲᠣᠭᠤᠷᠢᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ ᠳᠡᠭᠡᠳᠦ ᠬᠮᠵᠢᠶ᠎ᠡ ᠎ ᠪᠠᠷ ᠴᠢᠬᠤᠯᠠᠴᠢᠯᠠᠨ ᠦᠵᠡᠵᠦ᠂ ᠢᠳᠡᠪᠬᠢᠲᠡᠢ ᠴᠤᠤᠷᠢᠶᠠᠲᠤᠨ ᠳᠠᠭᠠᠵᠤ᠂ ᠦᠳᠲᠡᠷ ᠲᠦᠷᠭᠡᠨ ᠨᠠᠶᠢᠳᠠᠪᠤᠷᠢᠵᠢᠭᠤᠯᠵᠤ᠂ 2 ᠰᠠᠷ᠎ᠠ ᠶᠢᠨ 18᠎ ᠤ ᠡᠳᠦᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠡᠯ᠎ᠡ ᠬᠤᠶᠠᠳᠤᠭᠠᠷ ᠳᠡᠰ ᠤᠨ ᠨᠢᠭᠡᠴᠡ᠂ ᠰᠣᠶᠣᠯ ᠴᠡᠩᠭᠡᠯ ᠤᠨ ᠲᠠᠯᠠᠪᠤᠷ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠵᠢᠴᠢ ᠡᠯ᠎ᠡ ᠦᠵᠡᠮᠵᠢ ᠶᠢᠨ ᠣᠷᠣᠨ ᠳᠤ ᠴᠢᠭᠯᠡᠭᠦᠯᠦᠨ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠪᠠ᠃
1645408563445064235.jpg    
       ᠬᠤᠷᠠᠯ ᠠᠴᠠ ᠱᠠᠭᠠᠷᠳᠠᠭᠰᠠᠨ ᠨᠢ᠂ ᠡᠯ᠎ᠡ ᠨᠢᠭᠡᠴᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠦᠵᠡᠯ ᠰᠠᠨᠠᠭᠠᠨ ᠤ ᠮᠢᠨᠴᠦᠭᠦᠷᠡᠯ ᠢ ᠬᠤᠷᠢᠭᠯᠠᠵᠤ᠂ ᠡᠯ᠎ᠡ ᠠᠵᠢᠯ ᠲᠦᠷᠦᠯ ᠤᠨ ᠰᠠᠯᠠᠭ᠎ᠠ ᠮᠥᠴᠢᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠡᠭᠦᠯᠳᠡᠷᠵᠢᠭᠦᠯᠵᠦ᠂ ᠡᠯ᠎ᠡ ᠲᠠᠯᠠᠪᠤᠷ ᠣᠷᠳᠣᠨ᠂ ᠰᠣᠶᠣᠯ ᠴᠡᠩᠭᠡᠯ ᠤᠨ ᠲᠠᠯᠠᠪᠤᠷ ᠭᠠᠵᠠᠷ᠂ ᠦᠵᠡᠮᠵᠢ ᠶᠢᠨ ᠣᠷᠣᠨ ᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ ᠨᠡᠶᠢᠭᠡᠮ ᠲᠣᠭᠤᠷᠢᠭ ᠲᠠᠢ ᠬᠠᠮᠵᠢᠯᠴᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠪᠥᠭᠡᠮ ᠬᠦᠴᠢᠯ ᠢ ᠪᠠᠶᠢᠴᠠᠭᠠᠨ ᠬᠡᠮᠵᠢᠬᠦ ᠬᠠᠮᠢᠶ᠎ᠠ ᠪᠦᠬᠦᠢ ᠠᠵᠢᠯ ᠢ ᠪᠡᠶᠡᠯᠡᠭᠦᠯᠬᠦ ᠬᠡᠷᠡᠭᠲᠡᠢ᠃ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠶᠠᠷᠢᠶ᠎ᠠ ᠬᠡᠯᠡᠯᠴᠡᠭᠡ ᠪᠠᠷ ᠬᠥᠲᠥᠯᠦᠨ ᠵᠢᠯᠣᠭᠤᠳᠬᠤ ᠶᠢ ᠰᠠᠶᠢᠲᠤᠷ ᠬᠢᠵᠦ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠠᠶᠢᠯᠤᠮᠵᠢ ᠵᠢᠴᠢ ᠠᠵᠢᠯᠯᠠᠵᠤ ᠪᠠᠶᠢᠭ᠎ᠠ ᠬᠥᠮᠦᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠪᠣᠯᠪᠠᠰᠤᠷᠠᠭᠤᠯᠤᠯ ᠢ ᠴᠢᠩᠭᠠᠳᠬᠠᠨ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠬᠠᠮᠠᠭᠠᠯᠠᠬᠤ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠵᠦ᠂ ᠰᠠᠨᠠᠭᠠᠴᠢᠯᠠᠭ᠎ᠠ ᠠᠴᠠ ᠪᠠᠨ ᠲᠠᠭᠤ ᠭᠠᠷᠭᠠᠬᠤ᠂ ᠵᠥᠪ ᠲᠠᠯ᠎ᠠ ᠠᠴᠠ ᠬᠥᠲᠥᠯᠦᠨ ᠵᠢᠯᠣᠭᠤᠳᠬᠤ ᠶᠢ ᠪᠠᠷᠢᠮᠲᠠᠯᠠᠵᠤ᠂ ᠣᠯᠠᠨ ᠢᠶᠠᠷ ᠢᠶᠠᠨ ᠰᠡᠳᠬᠢᠯ ᠨᠢᠭᠡᠳᠴᠦ ᠬᠢᠵᠢᠭ ᠤᠨ ᠪᠠᠶᠢᠳᠠᠯ ᠢ ᠡᠰᠡᠷᠭᠦᠴᠡᠬᠦ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠬᠤ ᠬᠡᠷᠡᠭᠲᠡᠶ ᠭᠡᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号