ᠡᠷᠡᠰ ᠵᠣᠷᠢᠭ ᠢᠶᠠᠷ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ ᠴᠢᠨᠠᠷ ᠰᠠᠶᠢᠲᠠᠢ ᠬᠥᠭᠵᠢᠯᠲᠡ ᠶᠢᠨ ᠦᠩ ᠰᠢᠮᠡᠯᠢᠭ ᠬᠥᠷᠥᠰᠥ ᠶᠢ ᠲᠠᠰᠤᠷᠠᠯᠲᠠ ᠦᠭᠡᠢ ᠵᠤᠵᠠᠭᠠᠳᠬᠠᠨ᠎ᠠ   ᠬᠠᠶᠢᠷᠤᠪ ᠤᠨ ᠲᠤᠬᠤᠢ ᠲᠣᠭᠤᠷᠢᠭ ᠤᠨ ᠲᠤᠭᠤᠷᠢᠭ ᠤᠨ ᠳᠠᠷᠤᠭ᠎ᠠ ᠼᠦᠢ ᠬᠤᠩ ᠪᠥᠸᠧ ᠶᠢ ᠰᠤᠷᠪᠤᠯᠵᠢᠯᠠᠭᠰᠠ᠊
ᠨᠡᠶᠢᠲᠡᠯᠡᠭᠰᠡᠨ ᠴᠠᠭ᠄
2022/2/20
      2 ᠳ᠋ᠤᠭᠠᠷ ᠰᠠᠷ᠎ᠠ ᠶᠢᠨ 15᠎ ᠤ ᠡᠳᠦᠷ ᠬᠤᠷᠠᠯᠳᠤᠭᠰᠠᠨ ᠪᠥᠬᠦ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠢᠴᠢ ᠬᠤᠳᠠᠯᠳᠤᠭᠠᠴᠢᠨ ᠤᠷᠢᠵᠤ ᠪᠠᠯᠠ ᠲᠠᠲᠠᠬᠤ ᠶᠡᠭᠡ ᠬᠤᠷᠠᠯ ᠨᠢ ᠪᠥᠬᠦ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠬᠤᠲᠠ ᠶᠢᠨ 2021 ᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠ ᠬᠤᠳᠠᠯᠳᠤᠭᠠᠴᠢᠨ ᠤᠷᠢᠵᠤ ᠪᠠᠯᠠ ᠲᠠᠲᠠᠬᠤ ᠠᠵᠢᠯ ᠤᠨ ᠪᠠᠶᠢᠳᠠᠯ ᠢ ᠪᠥᠬᠦ ᠲᠠᠯ᠎ᠠ ᠪᠠᠷ ᠳ᠋ᠦᠩᠨᠡᠭᠰᠡᠨ ᠪᠥᠭᠡᠳ 2022 ᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠ ᠬᠤᠳᠠᠯᠳᠤᠭᠠᠴᠢᠨ ᠤᠷᠢᠵᠤ ᠪᠠᠯᠠ ᠲᠠᠲᠠᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠷᠠᠯ ᠤᠨ ᠲᠠᠷᠠᠭ᠎ᠠ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠪᠦᠬᠦ ᠬᠤᠳᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠢᠴᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠢᠳᠡᠪᠬᠢᠲᠡᠢ ᠰᠤᠷᠤᠯᠴᠠᠨ ᠲᠤᠤᠱᠯᠠᠭᠤᠯᠵᠤ ᠨᠠᠶᠢᠳᠠᠪᠤᠷᠢᠵᠢᠭᠤᠯᠪᠠ᠃ ᠣᠶᠢᠷ᠎ᠠ ᠳᠤ᠂ ᠰᠤᠷᠪᠤᠯᠵᠢᠯᠠᠭᠴᠢ ᠬᠠᠶᠢᠷᠤᠪ ᠤᠨ ᠲᠤᠬᠤᠢ ᠲᠣᠭᠤᠷᠢᠭ ᠤᠨ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠨᠠᠶᠢᠳᠠᠪᠤᠷᠢᠵᠢᠭᠤᠯᠬᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠵᠡᠷᠭᠡ ᠲᠠᠯ᠎ᠠ ᠪᠠᠷ ᠬᠠᠶᠢᠷᠤᠪ ᠤᠨ ᠲᠤᠬᠤᠢ ᠲᠣᠭᠤᠷᠢᠭ ᠤᠨ ᠳᠠᠷᠤᠭ᠎ᠠ ᠼᠦᠢ ᠬᠤᠩ ᠪᠥᠸᠧ ᠶᠢ ᠲᠤᠰᠬᠠᠶᠢᠯᠠᠨ ᠰᠤᠷᠪᠤᠯᠵᠢᠯᠠᠪᠠ᠃     ᠼᠦᠢ ᠬᠤᠩ ᠪᠥᠸᠧ ᠬᠡᠯᠡᠬᠦ ᠳᠡᠭᠡᠨ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠎ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠰᠠᠶᠢᠲᠤᠷ ᠬᠢᠬᠦ ᠲᠤᠬᠠᠶ ︽6 ᠡᠷᠬᠡᠪᠰᠢ︾ ᠴᠢᠬᠤᠯᠠ ᠰᠡᠩᠬᠡᠷᠡᠭᠦᠯᠦᠯ ᠢ ᠨᠠᠷᠢᠨ ᠬᠢᠨᠠᠮᠠᠭᠠᠶ ᠣᠶᠢᠯᠠᠭᠠᠵᠤ᠂ ᠪᠦᠬᠦ ᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠢᠴᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠶᠡᠭᠡ ᠲᠠᠯ᠎ᠠ ᠪᠠ ᠬᠥᠭᠵᠢᠯᠲᠡ ᠶᠢᠨ ᠪᠦᠬᠦ ᠲᠠᠯ᠎ᠠ ᠠᠴᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠲᠦᠢᠯ ᠤᠨ ᠴᠢᠬᠤᠯᠠ ᠴᠢᠨᠠᠷ ᠪᠠ ᠪᠣᠳᠠᠲᠤ ᠲᠤᠯᠭᠠᠮ᠎ᠠ ᠴᠢᠨᠠᠷ ᠢ ᠭᠦᠨᠵᠡᠭᠡᠶ ᠲᠠᠨᠢᠨ ᠡᠵᠡᠮᠰᠢᠵᠦ ᠂ ᠤᠯᠠᠨ ᠲᠦᠮᠡᠨ ᠤ ᠤᠴᠢᠷ ᠶᠠᠪᠤᠳᠠᠯ ᠰᠢᠢᠳᠪᠦᠷᠢᠯᠡᠬᠦ ᠳᠤ ᠲᠦᠬᠦᠮ ᠪᠠᠶᠢᠬᠤ ᠡᠰᠡᠬᠦ᠂ ᠬᠠᠨᠤᠮᠵᠢᠲᠠᠢ ᠪᠠᠶᠢᠬᠤ ᠡᠰᠡᠬᠦ᠂ ᠠᠵᠤ ᠠᠬᠤᠶᠢᠯᠠᠯ ᠢᠷᠡᠬᠦ ᠡᠰᠡᠬᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠲᠦᠷᠭᠡᠨ ᠪᠠᠶᠢᠬᠤ ᠡᠰᠡᠬᠦ ᠪᠠᠷ ᠠᠵᠢᠯ ᠤᠨ ᠦᠨᠡᠯᠡᠯᠲᠡ ᠶᠢᠨ ᠪᠠᠷᠢᠮᠵᠢᠶ᠎ᠠ ᠪᠣᠯᠭᠠᠵᠤ᠂ ᠲᠡᠮᠤᠷ ᠮᠡᠲᠦ ᠡᠷᠡᠰ ᠵᠣᠷᠢᠭ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠠᠷ ᠬᠤᠷᠢᠭ᠎ᠠ ᠰᠠᠭᠠᠲᠠᠯ ᠢ ᠪᠦᠬᠦ ᠬᠦᠴᠦᠨ ᠢᠶᠠᠷ ᠢᠶᠠᠨ ᠨᠡᠪᠲᠡᠷᠡᠭᠦᠯᠵᠦ᠂ ᠡᠪᠡᠷᠰᠢᠶᠡᠯ ᠢ ᠨᠢ ᠲᠠᠶᠢᠯᠵᠤ ᠂ ᠬᠠᠶᠢᠷᠤᠪ ᠤᠨ ᠲᠤᠬᠤᠢ ᠤᠨ ᠴᠢᠨᠠᠷ ᠰᠠᠶᠢᠲᠠᠢ ᠬᠥᠭᠵᠢᠯᠲᠡ ᠶᠢᠨ ᠦᠩ ᠰᠢᠮᠡᠯᠢᠭ ᠬᠥᠷᠥᠰᠥ ᠶᠢ ᠲᠠᠰᠤᠷᠠᠯᠳᠠ ᠦᠭᠡᠢ ᠵᠤᠵᠠᠭᠠᠳᠬᠠᠨ᠎ᠠ ᠭᠡᠵᠠᠢ᠃     ᠼᠦᠢ ᠬᠤᠩ ᠪᠥᠸᠧ ᠶᠢᠨ ᠦᠵᠡᠬᠦ ᠪᠠᠷ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠨᠢ ᠡᠯ᠎ᠡ ᠲᠠᠯ᠎ᠠ ᠶᠢᠨ ᠠᠵᠢᠯ ᠳᠤ ᠬᠤᠯᠪᠣᠭᠳᠠᠵᠤ᠂ ᠤᠷᠳᠤ ᠬᠤᠭᠤᠴᠠᠭᠠᠨ ᠤ ᠰᠢᠰᠲᠧᠮᠲᠦ ᠢᠨᠵᠧᠨᠧᠷᠢᠩ ᠪᠣᠯᠤᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠲᠠᠰᠤᠷᠠᠯᠲᠠ ᠦᠭᠡᠶ ᠭᠦᠨᠵᠡᠭᠡᠶᠢᠷᠡᠭᠦᠯᠵᠦ᠂ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠬᠦᠯᠢᠭᠡᠯᠵᠡᠵᠦ ᠪᠣᠯᠤᠰᠢ ᠦᠭᠡᠶ ᠡᠷᠡᠰ ᠵᠣᠷᠢᠭ ᠢᠶᠠᠷ ᠥᠨᠢ ᠤᠳᠠᠭᠠᠨ ᠭᠠᠪᠢᠶ᠎ᠠ ᠵᠢᠳᠬᠦᠯ ᠭᠠᠷᠭᠠᠬᠤ ᠶᠢ ᠪᠠᠷᠢᠮᠲᠠᠯᠠᠵᠤ᠂ ᠡᠨᠡᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠱᠠᠳᠤ ᠱᠠᠳᠤ ᠪᠠᠷ ᠳᠠᠷᠤᠯᠲᠠ ᠶᠢ ᠳᠠᠮᠵᠢᠭᠤᠯᠵᠤ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠴᠢᠩᠭ᠎ᠠ ᠳᠠᠷᠤᠵᠤ᠂ ᠰᠠᠯᠠᠭ᠎ᠠ ᠮᠥᠴᠢᠷ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠤᠨ᠂ ᠤᠯᠠᠨ ᠲᠦᠮᠡᠨ ᠪᠠ ᠠᠵᠤ ᠠᠬᠤᠶᠢᠯᠠᠯ ᠤᠨ ᠬᠠᠨᠤᠮᠵᠢᠲᠠᠢ ᠪᠠᠶᠢᠬᠤ ᠪᠠᠷ ᠡᠭᠦᠰᠦᠯᠲᠡ ᠪᠠ ᠲᠤᠰᠤᠯᠳᠠ ᠪᠣᠯᠭᠠᠵᠤ᠂ ᠲᠡᠷᠢᠭᠦᠨ ᠤ ᠪᠠᠷᠢᠮᠵᠢᠶ᠎ᠠ ᠶᠢ ᠬᠠᠷᠭᠤᠭᠤᠯᠵᠤ᠂ ᠦᠨᠡᠨ ᠢ ᠪᠠᠷᠢᠮᠲᠠᠯᠠᠨ ᠬᠠᠲᠠᠭᠤ ᠶᠢ ᠬᠦᠨᠳᠡᠵᠤ᠂ ᠬᠠᠭᠤᠴᠢᠨ ᠢ ᠤᠷᠬᠢᠵᠤ ᠰᠢᠨ᠎ᠡ ᠶᠢ ᠡᠭᠦᠳᠴᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠤᠯᠠᠮ ᠴᠢᠨᠠᠭᠰᠢᠳᠠ ᠬᠥᠭᠵᠢᠭᠡᠨ᠎ᠡ᠃ ᠪᠦᠬᠦ ᠠᠵᠢᠯᠲᠠᠳ ᠤᠨ ᠦᠢᠯᠡᠴᠢᠯᠡᠭᠡᠨ ᠤ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠥᠯᠥᠭᠡ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠰᠤᠷᠲᠠᠯ ᠢ ᠰᠠᠶᠢᠵᠢᠷᠠᠭᠤᠯᠤᠨ ᠦᠷ᠎ᠡ ᠠᠰᠢᠭ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠵᠡᠷᠭᠡ ᠬᠠᠲᠠᠭᠤ ᠴᠥᠮ᠎ᠡ ᠶᠢᠨ ᠳᠠᠷᠤᠭᠠᠰᠤ ᠶᠢ ᠬᠥᠩᠭᠡᠷᠡᠭᠦᠯᠬᠦ ᠠᠷᠭ᠎ᠠ  ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠡᠯᠡ ᠮᠥᠩᠭᠦ ᠴᠤᠭᠯᠠᠭᠤᠯᠬᠤ ᠪᠣᠬᠢᠷᠲᠤᠯ ᠦᠭᠡᠢ ᠲᠦᠷᠭᠡᠨ ᠨᠡᠪᠲᠡᠷᠡᠬᠦ ᠵᠠᠮ ᠢ ᠨᠡᠭᠡᠭᠡᠬᠦ ᠶᠢ ᠵᠣᠷᠢᠭᠵᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠵᠡᠷᠭᠡ ᠰᠡᠳᠬᠢᠯ ᠢ ᠳᠤᠯᠠᠭᠠᠴᠠᠭᠤᠯᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠡᠶᠢᠲᠡᠯᠡᠵᠦ᠂ ᠠᠵᠤ ᠠᠬᠤᠶᠢᠯᠠᠯ ᠳᠤ ᠪᠣᠳᠠᠲᠤ ᠠᠰᠢᠭ ᠬᠦᠷᠲᠡᠭᠡᠵᠦ᠂ ᠰᠡᠯᠭᠦᠬᠦ ᠬᠦᠴᠦᠨ ᠢ ᠨᠡᠮᠡᠭᠳᠡᠭᠦᠯᠦᠨ᠎ᠡ᠃ ᠡᠭᠦᠨ ᠤ ᠬᠠᠮᠲᠤ᠂ ᠠᠵᠤ ᠠᠬᠤᠶᠢᠯᠠᠯ ᠪᠣᠯᠤᠨ ᠠᠵᠤ ᠠᠬᠤᠶᠢᠯᠠᠯᠲᠠᠨ ᠢ ᠲᠠᠭᠠᠯᠠᠮᠵᠢᠲᠠᠶ ᠪᠣᠯᠭᠠᠬᠤ ᠣᠶᠢᠯᠠᠭᠠᠭᠳᠠᠬᠤᠨ ᠢ ᠪᠤᠶ ᠪᠣᠯᠭᠠᠵᠤ᠂ ︽ᠳᠠᠭᠤᠳᠠᠪᠠᠯ ᠵᠠᠪᠠᠯ ᠬᠦᠯᠢᠶᠡᠨ ᠠᠪᠬᠤ᠂ ᠤᠴᠢᠷ ᠶᠠᠪᠤᠳᠠᠯ ᠦᠭᠡᠶ ᠪᠣᠯ ᠥᠯᠥ ᠬᠠᠷᠰᠢᠯᠠᠬᠤ︾ ᠤᠶᠢᠯᠡᠴᠢᠯᠡᠭᠴᠢ ᠶᠢᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠡᠷᠢᠭᠦᠨ ᠴᠢᠬᠤᠯᠠ ᠪᠠᠷᠢᠮᠵᠢᠶ᠎ᠠ ᠪᠣᠯᠭᠠᠵᠤ᠂ ᠠᠵᠤ ᠠᠬᠤᠶᠢᠯᠠᠯ ᠤᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢ ᠬᠠᠮᠤᠷᠤᠭᠰᠠᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠰᠦᠪᠡᠭᠴᠢᠯᠡᠨ ᠪᠠᠶᠢᠭᠤᠯᠵᠤ᠂ ᠬᠢᠨᠠᠨ ᠵᠥᠪᠰᠢᠶᠡᠷᠡᠬᠦ ᠶᠠᠪᠤᠴᠠ ᠶᠢ ᠦᠷᠭᠦᠯᠵᠢᠯᠡᠨ ᠪᠦᠬᠦ ᠲᠠᠯ᠎ᠠ ᠪᠠᠷ ᠰᠢᠯᠢᠳᠡᠭᠵᠢᠭᠦᠯᠵᠦ ᠂ ᠵᠠᠰᠠᠭ ᠤᠨ ᠶᠠᠪᠤᠳᠠᠯ ᠤᠨ  ᠤᠶᠢᠯᠡᠴᠢᠯᠡᠭᠡᠨ ᠤ  ᠵᠤᠶᠢᠯᠡᠰ ᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠬᠤ᠂ ᠲᠤᠭ᠎ᠠ ᠪᠠᠷᠢᠮᠲᠠ ᠶᠢ ᠬᠠᠮᠲᠤᠪᠠᠷ ᠭᠥᠷᠳᠡᠵᠦ ᠬᠡᠷᠡᠭᠯᠡᠬᠦ ᠵᠡᠷᠭᠡ ᠠᠵᠢᠯ ᠢ ᠭᠦᠨᠵᠡᠭᠡᠶ ᠠᠬᠢᠭᠤᠯᠵᠤ ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠦᠷ᠎ᠡ ᠪᠦᠲᠦᠮᠵᠢ ᠪᠠ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠰᠠᠯᠠᠭ᠎ᠠ ᠮᠥᠴᠢᠷ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ︽ᠦᠨᠡᠮᠯᠡᠯ ᠢ ᠬᠤᠯᠪᠣᠭᠠᠯᠠᠨ ᠬᠡᠷᠡᠭᠯᠡᠬᠦ᠂ ᠮᠡᠳᠡᠭᠡ ᠵᠠᠩᠭᠢ ᠶᠢ ᠬᠤᠯᠪᠣᠯᠳᠤᠭᠤᠯᠤᠨ ᠨᠡᠪᠲᠡᠷᠡᠭᠦᠯᠬᠦ᠂  ᠤᠶᠢᠯᠡᠴᠢᠯᠡᠭᠡ ᠶᠢ ᠬᠤᠯᠪᠣᠭᠠᠯᠠᠨ ᠬᠥᠳᠡᠯᠦᠯᠴᠡᠬᠦ︾᠎ ᠶᠢ ᠪᠡᠶᠡᠯᠡᠭᠦᠯᠬᠦ ᠶᠢ ᠠᠬᠢᠭᠤᠯᠵᠤ᠂ ︽ᠠᠰᠠᠭᠤᠳᠠᠯ ᠪᠡᠷᠬᠡ ᠠᠰᠠᠭᠤᠳᠠᠯ ᠢ ᠨᠢᠭᠡ ᠭᠠᠵᠠᠷ ᠲᠤ  ᠰᠢᠢᠤᠡᠪᠤᠷᠢᠯᠡᠵᠤ ᠥᠭᠬᠦ᠂ ᠠᠵᠢᠯ ᠶᠠᠪᠤᠳᠠᠯ ᠭᠦᠢᠴᠡᠤᠡᠭᠡᠬᠦ  ᠶᠢᠨ ᠬᠢᠨᠠᠨ ᠵᠥᠪᠰᠢᠶᠡᠷᠡᠯ ᠢ ᠴᠡᠴᠡᠷᠯᠢᠭ ᠠᠴᠠ ᠭᠠᠷᠭᠠᠵᠤ ᠳᠡᠶᠢᠯᠬᠦ ᠥᠬᠡᠶ︾  ᠤᠶᠢᠯᠡᠴᠢᠯᠡᠭᠡᠨ ᠤ ᠵᠢᠭᠰᠠᠭᠠᠯ ᠤᠨ ᠭᠠᠵᠠᠷ ᠢ ᠪᠣᠶ ᠪᠣᠯᠭᠠᠵᠤ᠂ ︽ᠬᠡᠷ ᠤᠨ ᠡᠭᠦᠳᠡᠨ ᠳᠠᠬᠢ︾ ᠤᠶᠢᠯᠡᠴᠢᠯᠡᠭᠡ ᠶᠢ ᠠᠵᠤ ᠠᠬᠤᠶᠢᠯᠠᠯ ᠨᠢᠭᠡᠪᠦᠷᠢ ᠳᠤ ᠠᠰᠢᠭ ᠬᠦᠷᠲᠡᠭᠡᠨ᠎ᠡ ᠭᠡᠵᠠᠢ᠃     ᠡᠭᠦᠨ ᠠᠴᠠ ᠭᠠᠳᠠᠨ᠎ᠠ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠪᠠᠰᠠ ᠵᠠᠩᠭᠢᠯᠠᠭ᠎ᠠ ᠶᠢᠨ ᠭᠤᠣᠯᠳᠠᠯᠭ᠎ᠠ ᠲᠠᠢ ᠭᠤᠭᠴᠤᠭ᠎ᠠ ᠶᠢᠨ ᠲᠣᠭᠤᠷᠢᠨ ᠳᠤ᠂ ᠪᠦᠬᠦ ᠠᠵᠢᠯᠳᠠᠨ ᠤ ᠦᠢᠯᠡᠴᠢᠯᠡᠭᠡᠨ ᠤ ᠴᠢᠳᠠᠪᠤᠷᠢ ᠶᠢ ᠳᠠᠰᠤᠷᠠᠯᠳᠠ ᠦᠬᠡᠢ ᠳᠡᠭᠡᠭᠰᠢᠯᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠴᠢᠬᠤᠯᠠ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠢ ᠭᠦᠨᠵᠡᠭᠡᠢ ᠤᠢᠢᠯᠠᠭᠠᠨ ᠡᠵᠡᠮᠰᠢᠵᠦ᠂ ᠡᠭᠦᠷᠭᠡ ᠬᠠᠷᠢᠭᠤᠴᠠᠯᠭ᠎ᠠ ᠪᠠᠨ ᠳᠠᠰᠤᠷᠠᠯᠳᠠ ᠦᠬᠡᠢ ᠴᠢᠩᠭᠠᠳᠬᠠᠵᠤ᠂ ᠭᠤᠣᠯᠳᠠᠯᠭ᠎ᠠ ᠲᠠᠢ ᠳᠦᠷᠦᠯ ᠵᠦᠢᠯ ᠤᠨ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠳᠦᠷᠢᠮ ᠢ ᠦᠷᠭᠦᠯᠵᠢᠯᠡᠨ ᠬᠡᠷᠡᠭᠵᠢᠭᠦᠯᠵᠦ ᠂ ᠠᠵᠤ ᠠᠬᠤᠶᠢᠯᠠᠯ ᠪᠣᠯᠤᠨ ᠳᠦᠷᠦᠯ ᠵᠦᠢᠯ ᠳᠤ ᠭᠦᠨᠵᠡᠭᠡᠶᠢᠷᠡᠬᠦ ᠶᠢ ᠪᠠᠷᠢᠮᠲᠠᠯᠠᠵᠤ᠂ ᠳᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃ ᠡᠭᠦᠨ ᠤ ᠬᠠᠮᠲᠤ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ︽ᠲᠤᠭ᠎ᠠ ᠪᠠᠷᠢᠮᠲᠠ ᠪᠠᠷ ᠬᠦᠴᠤᠨ ᠣᠯᠭᠤᠬᠤ᠂ ᠠᠷᠠᠳ ᠲᠤ ᠳᠥᠭᠦᠮ ᠦᠵᠡᠭᠦᠯᠵᠦ ᠥᠨᠳᠥᠷ ᠦᠷ᠎ᠡ ᠠᠰᠢᠭ ᠲᠠᠢ ᠪᠠᠶᠢᠯᠭᠠᠬᠤ᠂ ᠤᠨᠢᠨ ᠳᠡᠭᠡᠷ᠎ᠡ ᠨᠢ ᠦᠢᠯᠡᠴᠢᠯᠡᠬᠦ︾ ᠵᠠᠷᠴᠢᠮ ᠢ ᠪᠠᠷᠢᠮᠲᠠᠯᠠᠵᠤ᠂ ᠵᠠᠰᠠᠭ ᠤᠨ ᠶᠠᠪᠤᠳᠠᠯ ᠤᠨ  ᠤᠶᠢᠯᠡᠴᠢᠯᠡᠭᠡᠨ  ᠤ ᠤᠶᠢᠯᠡᠳᠤᠯ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠣᠭᠠᠴᠢᠯᠠᠭᠰᠠᠨ ᠬᠦᠴᠤᠨ ᠣᠯᠭᠤᠬᠤ ᠳᠤ ︽ᠨᠢᠭᠡ ᠰᠦᠯᠵᠢᠶ᠎ᠡ ᠪᠠᠷ  ᠭᠦᠢᠴᠡᠤᠡᠭᠡᠬᠦ︾᠎ ᠪᠠᠷ ᠭᠤᠤᠯᠳᠠᠭᠤᠯᠤᠨ᠂ ᠬᠡᠷᠡᠭᠯᠡᠭᠡᠨ ᠤ ᠬᠦᠷᠢᠶ᠎ᠡ ᠴᠠᠷᠠᠭ᠎ᠠ ᠶᠢ ᠦᠷᠭᠦᠯᠵᠢᠯᠡᠨ ᠥᠷᠭᠡᠳᠬᠡᠵᠦ᠂ ᠭᠡᠷᠡᠴᠢ ᠢᠯᠡᠷᠡᠭᠦᠯᠬᠦ᠂ ᠺᠣᠳ᠋ ᠰᠢᠷᠪᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠯᠪᠣᠭᠳᠠᠬᠤ ᠡᠯᠧᠺᠲᠷᠣᠨ ᠦᠨᠡᠮᠯᠡᠯ ᠲᠤᠰᠢᠶᠠᠬᠤ ᠭᠤᠭᠴᠤᠭ᠎ᠠ ᠶᠢ ᠬᠦᠴᠦᠨ ᠥᠬᠡᠶ ᠪᠣᠯᠭᠠᠵᠤ᠂ ᠵᠠᠰᠠᠭ ᠤᠨ ᠶᠠᠪᠤᠳᠠᠯ ᠤᠨ  ᠤᠶᠢᠯᠡᠴᠢᠯᠡᠭᠡᠨ ᠤ  ᠵᠤᠶᠢᠯᠡᠰ ᠢ ︽ᠰᠦᠯᠵᠢᠶᠡᠨ ᠳᠡᠭᠡᠷ᠎ᠡ ᠭᠦᠢᠴᠡᠤᠡᠭᠡᠵᠤ ᠪᠣᠯᠬᠤ︾ ᠪᠠᠶᠢᠭᠰᠠᠨ ᠠᠴᠠ ︽ᠰᠦᠯᠵᠢᠶᠡᠨ ᠳᠡᠭᠡᠷ᠎ᠡ  ᠭᠦᠢᠴᠡᠤᠡᠭᠡᠬᠦ ᠳᠤ ᠬᠢᠯᠪᠠᠷ︾ ᠪᠣᠯᠭᠠᠨ ᠬᠤᠪᠢᠷᠠᠭᠤᠯᠤᠨ᠎ᠠ︔ ᠠᠷᠠᠳ ᠲᠤ ᠲᠥᠬᠦᠮ ᠦᠵᠡᠭᠦᠯᠵᠦ ᠥᠨᠳᠥᠷ ᠪᠦᠲᠦᠮᠵᠢᠲᠡᠶ ︽ᠠᠯᠠᠭᠠᠨ ᠳᠡᠭᠡᠷᠡᠬᠢ ᠠᠯᠪᠠᠨ ᠬᠡᠷ︾᠎ ᠲᠤ ᠠᠩᠬᠠᠷᠤᠯ ᠢᠶᠠᠨ ᠲᠥᠪᠯᠡᠷᠡᠭᠦᠯᠦᠨ᠂ ︽ᠮᠦᠩᠭᠡ ᠰᠤᠪᠠᠭ︾᠎ ᠤᠨ ᠨᠡᠭᠦᠳᠡᠯ ᠵᠠᠰᠠᠭ ᠤᠨ ᠶᠠᠪᠤᠳᠠᠯ ᠤᠨ  ᠤᠶᠢᠯᠡᠴᠢᠯᠡᠭᠡᠨ ᠤ ᠲᠠᠪᠴᠠᠩ ᠤᠨ ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ᠨᠠᠩ ᠣᠯᠠᠨ ᠭᠦᠢᠴᠡᠤᠡᠭᠡᠵᠤ ᠪᠣᠯᠬᠤ  ᠵᠤᠶᠢᠯᠡᠰ ᠢ ᠵᠠᠯᠭᠠᠨ ᠣᠷᠣᠭᠤᠯᠵᠤ᠂ ︽ᠮᠦᠩᠭᠡ ᠰᠤᠪᠠᠭ︾᠎ ᠤᠨ APP᠎ ᠶᠢᠨ ᠳᠠᠩᠰᠠᠯᠠᠭᠤᠯᠬᠤ ᠬᠥᠮᠦᠨ ᠤ ᠲᠤᠭ᠎ᠠ ᠶᠢ ᠳᠡᠭᠡᠭᠰᠢᠯᠡᠭᠦᠯᠦᠨ᠂ ᠰᠤᠶᠢᠤᠡᠭᠡᠯ ᠲᠤᠰᠢᠶᠠᠬᠤ᠂ ᠳ᠋ᠤᠭᠠᠷᠯᠠᠬᠤ᠂ ᠳᠠᠩᠰᠠᠯᠠᠬᠤ ᠵᠡᠷᠭᠡ ᠨᠠᠩ ᠣᠯᠠᠨ ᠥᠨᠳᠥᠷ ᠲᠠᠪᠳᠠᠮᠵᠢᠳᠤ ᠵᠤᠶᠢᠯᠡᠰ ᠢ ︽ᠠᠯᠠᠭᠠᠨ ᠳᠡᠭᠡᠷᠡᠬᠢ ᠠᠯᠪᠠᠨ ᠬᠡᠷ︾᠎ ᠢ ᠳᠥᠯᠭᠢᠨ ᠠᠬᠢᠭᠤᠯᠤᠨ᠎ᠠ᠃ ᠨᠠᠷᠢᠯᠢᠭ ᠣᠨᠣᠴᠠᠲᠠᠶ ᠪᠠᠷ  ᠤᠶᠢᠯᠡᠴᠢᠯᠡᠬᠦ ᠳᠤ ︽ᠲᠠᠨ ᠢ ᠬᠠᠪᠰᠤᠷᠤᠨ ᠡᠷᠭᠢᠯᠡᠬᠦ︾᠎ ᠪᠠᠷ ᠠᠩᠬᠠᠷᠤᠯ ᠢᠶᠠᠨ ᠲᠥᠪᠯᠡᠷᠡᠭᠦᠯᠦᠨ᠂ ︽ᠲᠠᠨ ᠢ ᠬᠠᠪᠰᠤᠷᠤᠨ ᠡᠷᠭᠢᠯᠡᠬᠦ︾ ᠴᠣᠩᠬᠤ ᠭᠠᠷᠭᠠᠵᠤ᠂ ᠭᠤᠷᠪᠠᠳᠠᠬᠢ ᠡᠲᠡᠭᠡᠳ ᠤᠨ  ᠤᠶᠢᠯᠡᠴᠢᠯᠡᠭᠡᠨ ᠤ ︽ᠵᠠᠭᠤᠴᠢᠯᠠᠬᠤ ᠬᠡᠲᠦ ᠳᠡᠯᠭᠡᠭᠦᠷ︾᠎ ᠢ ᠪᠠᠶᠢᠭᠤᠯᠤᠨ᠂  ᠤᠶᠢᠯᠡᠴᠢᠯᠡᠭᠡᠨ ᠤ ᠴᠣᠩᠬᠤ ᠶᠢ ᠵᠢᠷᠤᠮᠵᠢᠭᠤᠯᠤᠨ ᠪᠠᠶᠢᠭᠤᠯᠵᠤ᠂ ᠲᠤᠰᠬᠠᠶ ᠮᠡᠷᠭᠡᠵᠢᠯ ᠤᠨ ᠥᠨᠳᠥᠷ ᠪᠦᠲᠦᠮᠵᠢᠲᠡᠶ  ᠤᠶᠢᠯᠡᠴᠢᠯᠡᠭᠡᠨ ᠤ ᠡᠩᠨᠡᠭᠡ ᠶᠢ ᠵᠣᠬᠢᠶᠠᠨ ᠪᠠᠶᠢᠭᠤᠯᠵᠤ᠂ ᠶᠠᠪᠤᠳᠠᠯ ᠪᠦᠬᠦᠨ ᠳᠤ ᠬᠠᠷᠢᠭᠤ ᠲᠤᠰᠬᠠᠯ ᠲᠠᠢ᠂ ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠤᠯᠲᠠ ᠲᠠᠢ ᠪᠣᠯᠭᠠᠨ᠎ᠠ ᠭᠡᠵᠠᠢ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号