ᠬᠠᠶᠢᠷᠤᠪ ᠤᠨ ᠲᠤᠬᠤᠢ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠪᠠᠶᠢᠴᠠᠭᠠᠯᠲᠠ ᠶᠢ ᠥᠷᠨᠢᠭᠦᠯᠦᠨ᠎ᠡ
ᠨᠡᠶᠢᠲᠡᠯᠡᠭᠰᠡᠨ ᠴᠠᠭ᠄
2022/2/21
      ᠬᠠᠶᠢᠷᠤᠪ ᠤᠨ ᠲᠤᠬᠤᠢ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ᠂ ᠬᠠᠶᠢᠷᠤᠪ ᠤᠨ ᠲᠤᠬᠤᠢ ᠲᠣᠭᠤᠷᠢᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠤᠪᠴᠢᠶ᠎ᠠ 2 ᠰᠠᠷ᠎ᠠ ᠶᠢᠨ 20᠎ ᠤ ᠡᠳᠦᠷ ᠰᠣᠶᠣᠯ ᠵᠤᠭᠠᠴᠠᠯ ᠤᠨ ᠠᠵᠢᠯ ᠲᠦᠷᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠪᠠᠶᠢᠴᠠᠭᠠᠯᠲᠠ ᠶᠢ ᠦᠳᠲᠡᠷ ᠲᠦᠷᠭᠡᠨ ᠥᠷᠨᠢᠭᠦᠯᠵᠦ᠂  ᠬᠡᠪᠴᠢᠶ᠎ᠠ ᠨᠢ ᠪᠦᠬᠦ ᠲᠤᠭᠤᠷᠢᠭ ᠤᠨ ᠰᠣᠶᠣᠯ ᠵᠤᠭᠠᠴᠠᠯ ᠤᠨ ᠲᠠᠯᠠᠪᠤᠷ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠵᠢᠴᠢ ᠵᠤᠭᠠᠴᠠᠯ ᠤᠨ ᠦᠵᠡᠮᠵᠢ ᠶᠢᠨ ᠣᠷᠣᠨ ᠢ ᠬᠠᠮᠤᠷᠴᠠᠢ᠃
1645408882163057654.jpg     
      ᠪᠠᠶᠢᠴᠠᠭᠠᠬᠤ ᠶᠠᠪᠤᠴᠠ ᠳᠤ᠂ ᠠᠵᠢᠯᠲᠠᠳ ᠳᠤᠯᠠᠭᠠᠨ ᠤ ᠬᠡᠮᠵᠢᠯᠲᠡ ᠶᠢᠨ ᠳᠡᠩᠰᠡᠯᠡᠯᠲᠡ᠂ ᠡᠷᠡᠭᠦᠯ ᠮᠡᠨᠳᠦ ᠶᠢᠨ ᠨᠣᠮᠧᠷ ᠢ ᠪᠠᠶᠢᠴᠠᠭᠠᠨ ᠰᠢᠯᠭᠠᠬᠤ᠂ ᠲᠤᠰᠠᠭᠠᠷᠯᠠᠨ ᠠᠵᠢᠭᠯᠠᠬᠤ ᠣᠷᠣᠨ ᠵᠡᠷᠭᠡ ᠰᠡᠷᠭᠡᠶᠢᠯᠡᠨ ᠡᠵᠡᠮᠳᠡᠬᠦ ᠴᠢᠬᠤᠯᠠ ᠭᠤᠭᠴᠤᠭ᠎ᠠ ᠶᠢ ᠨᠠᠷᠢᠨ ᠪᠠᠶᠢᠴᠠᠭᠠᠨ ᠦᠵᠡᠵᠦ᠂ ᠣᠯᠠᠨ ᠲᠦᠮᠡᠨ ᠤ ᠤᠷᠢᠳᠴᠢᠯᠠᠨ ᠪᠣᠯᠵᠣᠵᠤ ᠬᠠᠮᠢᠶᠠᠷᠬᠤ᠂ ᠰᠡᠷᠭᠡᠶᠢᠯᠡᠨ ᠬᠠᠮᠠᠭᠠᠯᠠᠬᠤ ᠡᠳ᠋ ᠪᠣᠳᠠᠰ ᠢ ᠨᠥᠭᠡᠴᠡᠯᠡᠬᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠣᠷᠢᠯᠲᠠ ᠬᠢᠬᠦ ᠵᠡᠷᠭᠡ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠵᠤ᠂ ᠡᠯ᠎ᠡ ᠵᠤᠶᠢᠯ ᠤᠨ ᠰᠡᠷᠭᠡᠶᠢᠯᠡᠨ ᠡᠵᠡᠮᠳᠡᠬᠦ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠷᠢᠭᠤᠳᠬᠠᠵᠤ ᠰᠠᠯᠬᠢ ᠨᠡᠪᠲᠡᠷᠡᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ ᠃ ᠡᠭᠦᠨ ᠤ ᠬᠠᠮᠲᠤ ᠤᠯᠠᠨ ᠲᠦᠮᠡᠨ ᠳᠤ ᠤᠬᠠᠭᠤᠯᠭ᠎ᠠ ᠬᠢᠬᠦ ᠪᠠ ᠰᠠᠨᠠᠭᠤᠯᠭ᠎ᠠ ᠥᠭᠴᠦ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠬᠥᠮᠦᠨ ᠴᠤᠭᠯᠠᠷᠠᠬᠤ ᠶᠢ ᠰᠡᠷᠭᠡᠶᠢᠯᠡᠬᠦ ᠬᠡᠷᠡᠭᠲᠡᠶ᠃
1645408882625069764.jpg
1645408882161019883.jpg    
      ᠪᠠᠶᠢᠴᠠᠭᠠᠯᠲᠠ ᠳᠤ ᠱᠠᠭᠠᠷᠳᠠᠭᠰᠠᠨ ᠨᠢ᠂ ᠡᠯ᠎ᠡ ᠦᠵᠡᠮᠵᠢ ᠶᠢᠨ ᠣᠷᠣᠨ᠂ ᠲᠠᠯᠠᠪᠤᠷ ᠣᠷᠳᠣᠨ ᠵᠢᠴᠢ ᠵᠤᠭ᠎ᠠ ᠴᠡᠩᠭᠡᠯ ᠤᠨ ᠲᠠᠯᠠᠪᠤᠷ ᠭᠠᠵᠠᠷ ᠤᠳ ︽ᠬᠡᠮᠵᠢᠶ᠎ᠡ ᠶᠢ ᠬᠢᠵᠠᠭᠠᠷᠯᠠᠬᠤ᠂ ᠤᠷᠢᠳᠴᠢᠯᠠᠨ ᠪᠣᠯᠵᠣᠬᠤ᠂ ᠣᠷᠭᠢᠯ ᠦᠶ᠎ᠡ ᠶᠢ ᠵᠥᠷᠢᠭᠦᠯᠬᠦ︾ ᠨᠡᠭᠡᠭᠡᠯᠲᠡ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯᠲᠠᠨ ᠤ ᠭᠥᠯᠢᠶᠡᠨ ᠠᠪᠬᠤ ᠳᠡᠭᠡᠳᠦ ᠬᠢᠵᠠᠭᠠᠷ ᠢ ᠬᠢᠵᠠᠭᠠᠷᠯᠠᠬᠤ ᠬᠡᠷᠡᠭᠲᠡᠶ᠃ ᠡᠭᠦᠳᠡᠨ ᠪᠢᠯᠧᠲ ᠤᠨ ᠤᠷᠢᠳᠴᠢᠯᠠᠨ ᠪᠣᠯᠵᠣᠬᠤ ᠲᠦᠷᠢᠮ ᠢ ᠦᠷᠭᠦᠯᠵᠢᠯᠡᠨ ᠠᠬᠢᠭᠤᠯᠵᠤ᠂ ᠡᠷᠡᠭᠦᠯ ᠮᠡᠨᠳᠦ ᠶᠢᠨ ᠨᠣᠮᠧᠷ ᠢ ᠪᠠᠶᠢᠴᠠᠭᠠᠨ ᠰᠢᠯᠭᠠᠬᠤ᠂ ᠳᠤᠯᠠᠭᠠᠨ ᠤ ᠬᠡᠮᠵᠢᠶ᠎ᠡ ᠶᠢ ᠬᠡᠮᠵᠢᠬᠦ᠂ ᠠᠮᠠᠪᠴᠢ ᠵᠡᠭᠦᠬᠦ ᠶᠢ ᠵᠢᠷᠤᠮᠵᠢᠭᠤᠯᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠨᠠᠷᠢᠨ ᠨᠠᠶᠢᠳᠠᠪᠤᠷᠢᠵᠢᠭᠤᠯᠤᠨ᠎ᠠ᠃ ᠰᠠᠯᠬᠢ ᠨᠡᠪᠲᠡᠷᠡᠭᠦᠯᠦᠨ ᠠᠭᠠᠷ ᠰᠣᠯᠢᠬᠤ᠂ ᠠᠷᠢᠭᠤᠳᠬᠠᠬᠤ ᠵᠡᠷᠭᠡ ᠠᠵᠢᠯ ᠢ ᠰᠠᠶᠢᠲᠤᠷ ᠬᠢᠨ᠎ᠡ᠃ ᠠᠵᠢᠯᠯᠠᠵᠤ ᠪᠠᠶᠢᠭ᠎ᠠ ᠬᠥᠮᠦᠰ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠪᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯᠲᠠᠨ ᠠᠵᠢᠯᠴᠢᠨ ᠤ ᠡᠪᠡᠳᠴᠢᠨ ᠲᠠᠢ ᠪᠠᠶᠢᠲᠠᠯ᠎ᠠ ᠠᠵᠢᠯ ᠤᠨ ᠪᠠᠶᠢᠷᠢ ᠳᠤ ᠭᠠᠷᠬᠤ ᠶᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠠᠵᠢᠯ ᠤᠨ ᠲᠣᠭᠲᠠᠴᠠ ᠶᠢ ᠪᠦᠷᠢᠨᠰᠢᠬᠦᠯᠦᠨ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠡᠪ ᠤᠨ ᠪᠤᠰᠤ ᠪᠠᠶᠢᠳᠠᠯ ᠢ ᠲᠣᠬᠢᠲᠠᠶ ᠰᠢᠢᠤᠡᠪᠤᠷᠢᠯᠡᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号