ᠬᠠᠶᠢᠷᠤᠪ ᠤᠨ ᠲᠤᠬᠤᠢ ᠲᠣᠭᠤᠷᠢᠭ ︽1+7︾᠎ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠪᠠᠶᠢᠷᠢᠰᠢᠯ ᠢ ᠯᠠᠪᠳᠠᠭᠤᠨ ᠪᠠᠲᠤᠲᠠᠢ ᠴᠣᠭᠴᠠᠯᠠᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2022/2/21
      ᠤᠢᠢᠷ᠎ᠠ ᠶᠢᠨ ᠵᠢᠯ ᠠᠴᠠ᠂ ᠬᠠᠶᠢᠷᠤᠪ ᠤᠨ ᠲᠤᠬᠤᠢ ᠲᠣᠭᠤᠷᠢᠭ᠂ ᠶᠡᠷᠦᠩᠬᠡᠢ ᠱᠦᠵᠢ ᠰᠢ ᠶᠢᠨ ᠫᠢᠩ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠬᠤ ᠬᠡᠷᠡᠭᠲᠡᠢ︾ ᠭᠡᠬᠦ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠠᠮᠢ ᠠᠬᠤᠢ ᠶᠢᠨ ᠵᠠᠰᠠᠯᠲᠠ ᠶᠢᠨ ᠢᠨᠵᠧᠨᠧᠷᠢᠩ ᠢ ᠢᠳᠡᠪᠬᠢᠲᠡᠢ ᠥᠷᠨᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠶᠡᠭᠡ ᠬᠠᠮᠠᠭᠠᠯᠠᠯᠲᠠ ᠶᠡᠭᠡ ᠵᠠᠰᠠᠯᠲᠠ ᠶᠢ ᠳᠤᠪᠤᠶᠢᠮ᠎ᠠ ᠰᠠᠶᠢᠲᠤᠷ ᠠᠳᠬᠤᠵᠤ᠂ ︽1+7︾᠎ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠪᠠᠶᠢᠷᠢᠰᠢᠯ ᠢ ᠯᠠᠪᠳᠠᠭᠤᠨ ᠪᠠᠲᠤᠲᠠᠢ ᠪᠠᠶᠢᠭᠤᠯᠪᠠ᠃
20220218103236572.jpg    
     ᠬᠠᠶᠢᠷᠤᠪ ᠤᠨ ᠲᠤᠬᠤᠢ ᠲᠣᠭᠤᠷᠢᠭ ᠤᠨ ᠬᠢᠨ ᠠᠭᠤᠷᠬᠠᠢ ᠶᠢᠨ ᠣᠷᠣᠨ ᠤ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠢ ᠠᠬᠢᠭᠤᠯᠵᠤ᠂ ᠠᠭᠤᠷᠬᠠᠢ ᠶᠢᠨ ᠣᠷᠣᠨ ᠤ ᠭᠠᠯ ᠤᠨ ᠴᠡᠭ ᠢ ᠪᠦᠬᠦ ᠲᠠᠯ᠎ᠠ ᠪᠠᠷ ᠬᠥᠳᠡᠯᠦᠩᠭᠦᠢ ᠪᠠᠷ ᠴᠡᠪᠡᠷᠯᠡᠬᠦ ᠶᠢ ᠪᠡᠶᠡᠯᠡᠭᠦᠯᠵᠦ᠂ ᠠᠭᠤᠷᠬᠠᠢ ᠶᠢᠨ ᠣᠷᠣᠨ ᠤ ᠠᠮᠢ ᠠᠬᠤᠢ ᠶᠢ ᠰᠡᠷᠭᠦᠭᠡᠬᠦ ᠲᠥᠰᠦᠯ ᠢ ᠨᠠᠶᠢᠷᠠᠭᠤᠯᠤᠨ ᠵᠣᠬᠢᠶᠠᠵᠤ ᠳᠠᠭᠤᠰᠬᠠᠨ᠂ ᠨᠡᠭᠦᠷᠡᠰᠦᠨ ᠠᠭᠤᠷᠬᠠᠢ ᠶᠢ ᠨᠡᠶᠢᠳᠬᠡᠬᠦ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠣᠶᠤᠨᠴᠢ ᠬᠠᠮᠢᠶᠠᠷᠤᠯᠲᠠ ᠡᠵᠡᠮᠳᠡᠯ ᠤᠨ ᠰᠢᠰᠲ᠋ᠧᠮ ᠢ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠠᠭᠠᠷ ᠮᠠᠨᠳᠠᠯ ᠤᠨ ᠪᠣᠬᠢᠷᠲᠤᠯ ᠢ ᠤᠨᠢᠨ ᠳᠡᠭᠡᠷ᠎ᠡ ᠨᠢ ᠬᠠᠮᠢᠶᠠᠷᠤᠨ ᠡᠵᠡᠮᠳᠡᠵᠦ᠂ 21 ᠠᠭᠠᠷ ᠮᠠᠨᠳᠠᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠦᠷᠦᠯ ᠵᠦᠢᠯ ᠢ ᠬᠡᠷᠡᠭᠵᠢᠭᠦᠯᠵᠦ᠂ 5 ᠬᠡᠦᠷᠰᠢᠭᠦᠯᠦᠭᠰᠡᠨ ᠠᠵᠤ ᠠᠬᠤᠶᠢᠯᠠᠯ ᠪᠦᠬᠦᠨ ᠢᠶᠠᠷ ᠢᠶᠠᠨ VOC᠎ ᠶᠢᠨ ᠵᠠᠰᠠᠯᠲᠠ ᠶᠢ ᠪᠡᠶᠡᠯᠡᠭᠦᠯᠵᠦ᠂ 2 ᠪᠠᠶᠢᠰᠢᠩ ᠬᠡᠷ ᠤᠨ ᠵᠠᠯᠭᠠᠯᠳᠤᠭᠰᠠᠨ ᠲᠣᠭᠤᠷᠢᠭ᠂ 240 ᠡᠷᠦᠬᠡ ᠰᠠᠭᠤᠭᠠᠯᠢ ᠠᠷᠠᠳ ᠤᠨ ᠠᠷᠢᠭᠤᠨ ᠴᠡᠪᠡᠷ ᠢᠶᠠᠷ ᠢᠯᠴᠢ ᠬᠠᠩᠭᠠᠬᠤ ᠶᠢ ᠪᠡᠶᠡᠯᠡᠭᠦᠯᠵᠦ᠂ ᠪᠦᠬᠦ ᠵᠢᠯ ᠤᠨ ᠠᠭᠠᠷ ᠤᠨ ᠰᠠᠶᠢᠨ ᠰᠠᠶᠢᠬᠠᠨ ᠡᠳᠦᠷ ᠤᠨ ᠲᠤᠭ᠎ᠠ 291 ᠡᠳᠦᠷ ᠲᠤ ᠬᠦᠷᠴᠡᠢ᠃ ᠤᠰᠤ ᠬᠥᠷᠥᠰᠥᠨ ᠤ ᠣᠷᠴᠢᠨ ᠠᠬᠤᠶ ᠶᠢ ᠦᠷᠭᠦᠯᠵᠢᠯᠡᠨ ᠰᠠᠶᠢᠵᠢᠷᠠᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠤᠰᠤᠨ ᠤ ᠠᠮᠢ ᠠᠬᠤᠶ ᠶᠢᠨ ᠣᠷᠴᠢᠨ ᠨᠥᠬᠦᠴᠡᠯ ᠢ ᠵᠠᠰᠠᠬᠤ 9 ᠵᠦᠢᠯᠡᠰ ᠢ ᠬᠡᠷᠡᠭᠵᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠤᠨ ᠲᠦᠷᠪᠡᠨ ᠵᠦᠢᠯ ᠤᠨ ᠰᠠᠮᠠᠭᠤᠷᠠᠯ ᠢ ᠭᠦᠨᠵᠡᠭᠡᠶ ᠴᠡᠭᠴᠡᠯᠡᠨ ᠵᠠᠰᠠᠵᠤ᠂ ᠳᠤᠮᠳᠠ ᠵᠡᠷᠭᠡ ᠶᠢᠨ ᠤᠰᠤ᠂ ᠰᠡᠶᠢᠷᠡᠭ ᠬᠠᠭᠤᠷᠠᠶ ᠤᠰᠤ ᠶᠢ ᠳᠠᠪᠲᠠᠨ ᠬᠡᠷᠡᠭᠯᠡᠬᠦ ᠨᠤᠷᠮ᠎ᠠ ᠶᠢ 100%᠎ ᠳᠤ ᠬᠦᠷᠭᠡᠵᠡᠶ᠃
20220218103317238.jpg    
      ᠨᠢᠳᠤᠨᠤᠨ ᠠᠴᠠ ᠨᠠᠰᠢ᠂ ᠬᠠᠶᠢᠷᠤᠪ ᠤᠨ ᠲᠤᠬᠤᠢ ᠲᠣᠭᠤᠷᠢᠭ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠤᠢᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠤᠯᠤᠰ ᠲᠦᠷᠦ ᠶᠢᠨ ᠲᠠᠯ᠎ᠠ ᠠᠴᠠ ᠠᠮᠢ ᠠᠬᠤᠢ ᠶᠢᠨ ᠪᠣᠯᠪᠠᠰᠤᠨ ᠢ ᠬᠠᠷᠠᠬᠤ᠂ ᠤᠯᠤᠰ ᠲᠦᠷᠦ ᠶᠢᠨ ᠲᠠᠯ᠎ᠠ ᠠᠴᠠ ᠣᠷᠴᠢᠨ ᠲᠣᠭᠤᠷᠢᠨ ᠤ ᠵᠠᠰᠠᠯᠲᠠ ᠶᠢ ᠠᠳᠬᠤᠬᠤ ᠶᠢ ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠬᠠᠶᠢᠷᠤᠪ ᠤᠨ ᠲᠤᠬᠤᠢ ᠲᠤ ᠦᠨᠳᠦᠰᠦᠯᠡᠭᠦᠯᠬᠦ ᠶᠢ ᠦᠨᠡᠨᠬᠦ ᠠᠬᠢᠭᠤᠯᠪᠠ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠬᠦᠬᠡ ᠣᠭᠲᠠᠷᠭᠤᠢ᠂ ᠨᠣᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ 70 ᠳ᠋ᠦᠩᠰᠢᠭᠤᠷ ᠲᠥᠭᠦᠷᠢᠭ ᠰᠢᠬᠠᠮ ᠪᠡᠯᠡ ᠣᠷᠣᠭᠤᠯᠤᠨ 35 ᠠᠮᠢ ᠠᠬᠤᠢ ᠶᠢᠨ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠵᠦ᠂ ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ 5 ᠪᠣᠬᠢᠷᠲᠤᠯ ᠦᠭᠡᠢ ᠠᠭᠤᠷᠬᠠᠢ ᠶᠢ ᠪᠠᠶᠢᠭᠤᠯᠵᠤ᠂ 4365 ᠮᠦ ᠠᠭᠤᠷᠬᠠᠢ ᠶᠢᠨ ᠣᠷᠣᠨ ᠢ ᠰᠡᠷᠭᠦᠭᠡᠨ ᠬᠠᠭᠠᠯᠪᠤᠷᠢᠯᠠᠵᠤ ᠨᠣᠭᠤᠭᠠᠷᠠᠭᠤᠯᠬᠤ ᠶᠢ ᠪᠡᠶᠡᠯᠡᠭᠦᠯᠪᠡ᠃ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠬᠠᠳᠤᠨ ᠭᠤᠣᠯ ᠤᠨ ᠬᠠᠶᠢᠷᠤᠪ ᠤᠨ ᠲᠤᠬᠤᠢ ᠶᠢᠨ ᠬᠡᠰᠡᠭ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠮᠦᠨ ᠳᠤᠮᠳᠠᠴᠢ ᠶᠢᠨ ᠨᠡᠶᠢᠲᠡ ᠶᠢᠨ ᠬᠡᠷᠡᠭᠯᠡᠭᠡᠨ ᠤ ᠨᠣᠭᠤᠭᠠᠨ ᠬᠥᠷᠥᠰᠥ ᠶᠢᠨ ᠲᠠᠯᠠᠪᠠᠢ ᠶᠢ 22.5%᠎ ᠲᠤ ᠬᠦᠷᠭᠡᠵᠦ᠂ ᠲᠡᠦᠬᠡ ᠶᠢᠨ ᠬᠠᠮᠤᠭ ᠤᠨ ᠰᠠᠶᠢᠨ ᠲᠦᠪᠰᠢᠨ ᠳᠤ ᠬᠦᠷᠭᠡᠪᠡ᠃
20220218103358632.jpg
         ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠲᠤᠤᠱᠯᠠᠭᠤᠯᠬᠤ       ᠡᠨᠡ ᠵᠢᠯ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠠᠮᠢ ᠠᠬᠤᠢ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠤᠯᠤᠰ ᠲᠦᠷᠦ ᠶᠢᠨ ᠦᠨᠳᠦᠷᠴᠡ ᠪᠠᠷ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠴᠣᠭᠴᠠᠯᠠᠨ᠎ᠠ᠃ ᠬᠠᠶᠢᠷᠤᠪ ᠤᠨ ᠲᠤᠬᠤᠢ  ᠲᠣᠭᠤᠷᠢᠭ ᠤᠨ ᠬᠢᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠰᠠᠶᠢᠲᠤᠷ ᠠᠳᠬᠤᠵᠤ᠂ ᠬᠠᠳᠤᠨ ᠭᠤᠣᠯ ᠤᠨ ᠬᠠᠶᠢᠷᠤᠪ ᠤᠨ ᠲᠤᠬᠤᠢ ᠶᠢᠨ ᠬᠡᠰᠡᠭ ᠤᠨ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠸᠠᠨ ᠲᠧᠩ ᠴᠠ ᠭᠠᠨ ᠭᠸᠤ ᠶᠢᠨ ᠠᠮᠢ ᠠᠬᠤᠢ ᠶᠢᠨ ᠵᠠᠰᠠᠯᠲᠠ ᠰᠡᠷᠭᠦᠭᠡᠯᠲᠡ ᠶᠢ ᠲᠦᠷᠭᠡᠤᠡᠭᠡᠨ᠎ᠡ᠃ ᠡᠭᠦᠨ ᠤ ᠵᠡᠷᠭᠡᠪᠡᠷ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠡᠨᠧᠷᠭᠢ ᠶᠢᠨ ᠬᠤᠷᠣᠭᠳᠠᠭᠤᠯᠤᠯ ᠤᠨ ᠬᠤᠣᠰ ᠡᠵᠡᠮᠳᠡᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠤᠶᠠᠷ ᠶᠡᠭᠡ︾ ᠲᠦᠷᠦᠯ ᠵᠦᠢᠯ ᠤᠨ ᠰᠣᠬᠤᠷ ᠪᠠᠯᠠᠢ ᠪᠠᠷ ᠬᠥᠭᠵᠢᠬᠦ ᠶᠢ ᠡᠷᠡᠰ ᠬᠤᠷᠢᠭᠯᠠᠵᠤ᠂ ᠡᠨᠧᠷᠭᠢ ᠠᠷᠪᠢᠯᠠᠵᠤ ᠬᠤᠷᠣᠭᠳᠠᠭᠤᠯᠤᠯ ᠢ ᠪᠠᠭᠠᠰᠬᠠᠬᠤ ᠪᠠ ᠡᠨᠧᠷᠭᠢ ᠶᠡᠭᠡ ᠬᠤᠷᠣᠭᠳᠠᠭᠤᠯᠬᠤ ᠲᠦᠷᠦᠯ ᠵᠦᠢᠯ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠪᠣᠯᠤᠨ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠰᠦᠯᠵᠢᠶᠡᠨ ᠳᠡᠭᠡᠷᠡᠬᠢ ᠬᠢᠨᠠᠨ ᠬᠡᠮᠵᠢᠯᠲᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃     ᠬᠠᠶᠢᠷᠤᠪ ᠤᠨ ᠲᠤᠬᠤᠢ ᠲᠣᠭᠤᠷᠢᠭ ᠤᠨ ᠬᠢᠨ ᠪᠠᠰᠠ ᠡᠬᠢ ᠪᠠᠶᠠᠯᠢᠭ ᠢ ᠠᠷᠪᠢᠯᠠᠬᠤ᠂ ᠡᠷᠴᠢᠮᠵᠢᠭᠦᠯᠬᠦ᠂ ᠣᠷᠴᠢᠯᠳᠤᠭᠤᠯᠤᠨ ᠠᠰᠢᠭᠯᠠᠬᠤ ᠶᠢ ᠪᠦᠬᠦ ᠬᠦᠴᠦᠨ ᠢᠶᠠᠷ ᠠᠬᠢᠭᠤᠯᠵᠤ᠂ ᠤᠯᠤᠰ ᠤᠨ ︽ᠬᠠᠶᠠᠭᠳᠠᠮᠠᠯ ᠪᠣᠳᠠᠰ ᠦᠭᠡᠢ ᠬᠤᠳᠠ︾᠎ ᠶᠢ ᠢᠳᠡᠪᠬᠢᠲᠡᠢ ᠡᠭᠦᠳᠦᠨ ᠪᠠᠶᠢᠭᠤᠯᠵᠤ᠂ ᠨᠤᠨᠲᠠᠭ ᠨᠡᠭᠦᠷᠡᠰᠦᠨ ᠤ ᠦᠨᠡᠰᠦ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠣᠬᠢᠷᠲᠤᠯ ᠥᠬᠡᠶ ᠪᠠᠷᠢᠯᠭ᠎ᠠ ᠶᠢ ᠶᠡᠬᠡᠪᠡᠷ ᠬᠥᠭᠵᠢᠭᠦᠯᠵᠦ᠂ ᠪᠣᠬᠢᠷᠲᠤᠯ ᠥᠬᠡᠶ ᠵᠠᠮ ᠬᠠᠷᠢᠯᠴᠠᠭᠠᠨ ᠤ ᠰᠢᠰᠲ᠋ᠧᠮᠵᠢ ᠶᠢ ᠢᠳᠡᠪᠬᠢᠲᠡᠶ ᠪᠠᠷ ᠪᠣᠶ ᠪᠣᠯᠭᠠᠵᠤ᠂ ᠪᠣᠬᠢᠷᠲᠤᠯ ᠥᠬᠡᠶ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠣᠷᠴᠢᠨ ᠲᠣᠭᠤᠷᠢᠨ ᠢ ᠬᠠᠮᠠᠭᠠᠯᠠᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃     ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ ᠬᠡᠷᠡᠭᠲᠡᠢ
20220218104730669.jpg   
      ᠡᠨᠡ ᠵᠢᠯ᠂ ᠬᠠᠶᠢᠷᠤᠪ ᠤᠨ ᠲᠤᠬᠤᠢ ᠶᠢᠨ ᠲᠤᠭᠤᠷᠢᠭ ᠤᠨ ᠬᠢᠨ ᠰᠢᠰᠲᠧᠮᠳᠦ ᠵᠠᠰᠠᠯᠲᠠ᠂ ᠪᠦᠬᠦ ᠲᠠᠯ᠎ᠠ ᠪᠠᠷ ᠵᠠᠰᠠᠬᠤ᠂ ᠲᠦᠢᠯᠪᠤᠷᠢᠲᠠᠢ ᠵᠠᠰᠠᠬᠤ ᠶᠢ ᠪᠠᠷᠢᠮᠲᠠᠯᠠᠵᠤ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠵᠦ ᠬᠠᠮᠲᠤᠷᠠᠨ ᠵᠠᠰᠠᠬᠤ ᠶᠢ ᠰᠠᠶᠢᠲᠤᠷ ᠠᠳᠬᠤᠵᠤ᠂ ︽ᠳᠤᠯᠤᠭ᠎ᠠ ᠶᠢ ᠵᠠᠰᠠᠬᠤ︾ ᠡᠯ᠎ᠡ ᠵᠦᠢᠯ ᠤᠨ ᠡᠭᠦᠷᠭᠡ ᠶᠢ ᠪᠠᠬᠢᠵᠢᠭᠦᠯᠦᠨ ᠭᠦᠨᠵᠡᠭᠡᠶᠢᠷᠡᠭᠦᠯᠦᠨ᠎ᠡ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠣᠨᠴᠠᠭᠠᠢ ᠭᠠᠳᠠᠭᠰᠢᠯᠠᠭᠤᠯᠤᠯᠲᠠ ᠶᠢᠨ ᠬᠢᠵᠠᠭᠠᠷ ᠬᠡᠮᠵᠢᠭᠳᠡᠯ ᠢ ᠬᠡᠷᠡᠭᠵᠢᠭᠦᠯᠬᠦ ᠭ᠊ ᠬᠡᠪᠴᠢᠶ᠎ᠡ ᠶᠢ ᠥᠷᠭᠡᠳᠬᠡᠵᠦ᠂ 16 ᠠᠭᠠᠷ ᠮᠠᠨᠳᠠᠯ ᠤᠨ ᠪᠣᠬᠢᠷᠲᠤᠯ ᠢ ᠵᠠᠰᠠᠬᠤ ᠲᠦᠷᠦᠯ ᠵᠦᠢᠯ ᠢ ᠲᠦᠷᠭᠡᠨ ᠬᠡᠷᠡᠭᠵᠢᠭᠦᠯᠵᠦ᠂ ︽ᠲᠠᠷᠠᠬᠠᠢ ᠪᠤᠲᠠᠷᠬᠠᠢ ᠪᠣᠬᠢᠷᠲᠤᠯ︾᠎ ᠤᠨ ᠠᠵᠤ ᠠᠬᠤᠶᠢᠯᠠᠯ ᠢ ᠴᠢᠩᠭ᠎ᠠ ᠴᠡᠭᠴᠡᠯᠡᠨ ᠵᠠᠰᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠴᠢᠷᠮᠠᠶᠢᠨ ᠠᠷᠢᠯᠭᠠᠨ᠎ᠠ᠃
20220218104658331.jpg    
      2022 ᠣᠨ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠠᠭᠤᠷᠬᠠᠢ ᠶᠢᠨ ᠣᠷᠣᠨ ᠢ ᠴᠡᠭᠴᠡᠯᠡᠨ ᠵᠠᠰᠠᠬᠤ ᠪᠠᠷ ᠭᠤᠣᠯ ᠪᠠᠶᠢᠯᠳᠤᠭᠠᠨ ᠤ ᠲᠠᠯᠠᠪᠤᠷ ᠪᠣᠯᠭᠠᠬᠤ ᠶᠢ ᠪᠠᠷᠢᠮᠲᠠᠯᠠᠵᠤ᠂ ᠠᠭᠤᠷᠬᠠᠢ ᠶᠢᠨ ᠡᠷᠬᠡ ᠶᠢ ᠨᠡᠶᠢᠳᠬᠡᠬᠦ ᠪᠠᠷ ᠵᠠᠩᠭᠢᠯᠠᠭ᠎ᠠ ᠶᠢᠨ ᠴᠡᠭ ᠪᠣᠯᠭᠠᠵᠤ᠂ ᠠᠭᠤᠷᠬᠠᠢ ᠶᠢᠨ ᠠᠵᠤ ᠠᠬᠤᠶᠢᠯᠠᠯ ᠤᠨ ᠬᠡᠯᠪᠡᠷᠢ ᠶᠢ ᠬᠤᠪᠢᠷᠠᠭᠤᠯᠬᠤ ᠪᠠᠷ ᠬᠦᠰᠢᠶ᠎ᠡ ᠲᠡᠮᠳᠡᠭ ᠪᠣᠯᠭᠠᠵᠤ᠂ ᠠᠭᠤᠷᠬᠠᠢ ᠶᠢᠨ ᠦᠢᠯᠡᠰ ᠤᠨ ᠡᠷᠬᠡ ᠶᠢ ᠨᠡᠶᠢᠳᠬᠡᠬᠦ ᠳᠤ ᠢᠯᠡᠳᠲᠡ ᠦᠷ᠎ᠡ ᠪᠦᠲᠦᠮᠵᠢ ᠤᠯᠬᠤ ᠶᠢ ᠪᠠᠲᠤᠯᠠᠵᠤ᠂ ᠪᠣᠬᠢᠷᠲᠤᠯ ᠦᠭᠡᠢ ᠠᠭᠤᠷᠬᠠᠢ ᠶᠢ ᠡᠭᠦᠳᠦᠨ ᠪᠠᠶᠢᠭᠤᠯᠬᠤ ᠠᠯᠬᠤᠴᠠ ᠶᠢ ᠦᠨᠡᠨᠬᠦ ᠲᠦᠷᠭᠡᠳᠬᠡᠨ᠎ᠡ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠬᠤᠲᠠ ᠶᠢᠨ ᠲᠣᠭᠤᠷᠢᠭ ᠤᠨ ᠨᠢᠭᠡ ᠲᠠᠯ᠎ᠠ ᠳᠤ ︽ᠮᠠᠯᠲᠠᠬᠤ ᠶᠢ ᠴᠠᠭᠠᠵᠠᠯᠠᠬᠤ ᠤᠯᠠᠭᠠᠨ ᠱᠤᠭᠤᠮ︾᠎ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠤᠲᠠ ᠶᠢᠨ ︽ᠲᠩᠷᠢ ᠶᠢᠨ ᠵᠠᠭᠠᠭ ᠱᠤᠭᠤᠮ︾᠎ ᠢ ᠡᠷᠡᠰ ᠰᠠᠬᠢᠨ ᠬᠠᠮᠠᠭᠠᠯᠠᠨ᠎ᠠ᠃ 7 ᠦᠯᠡᠳᠡᠭᠳᠡᠯ ᠠᠭᠤᠷᠬᠠᠶ ᠶᠢ ᠰᠡᠷᠭᠦᠭᠡᠨ ᠵᠠᠰᠠᠬᠤ ᠢᠨᠵᠧᠨᠧᠷᠢᠩ ᠢ ᠶᠡᠬᠡᠪᠡᠷ ᠳᠥᠯᠭᠢᠨ ᠠᠬᠢᠭᠤᠯᠵᠤ᠂ ᠲᠡᠮᠡᠭᠡᠨ ᠠᠭᠤᠯᠠ ᠶᠢᠨ ᠠᠭᠤᠷᠬᠠᠶ ᠶᠢᠨ ᠣᠷᠣᠨ ᠤ ᠰᠢᠷᠣᠶ ᠭᠠᠳᠠᠭᠰᠢᠯᠠᠭᠤᠯᠬᠤ ᠲᠠᠯᠠᠪᠠᠶ ᠵᠡᠷᠭᠡ ᠵᠠᠯᠭᠠᠯᠳᠤᠭᠰᠠᠨ ᠵᠠᠰᠠᠯᠲᠠ ᠶᠢᠨ ᠲᠥᠷᠥᠯ ᠵᠤᠶᠢᠯ ᠢ ᠲᠦᠷᠭᠡᠳᠬᠡᠨ ᠬᠡᠷᠡᠭᠵᠢᠭᠦᠯᠦᠨ᠎ᠡ᠃ ᠡᠭᠦᠨ ᠤ ᠵᠡᠷᠭᠡᠪᠡᠷ᠂ ᠬᠠᠶᠢᠷᠤᠪ ᠤᠨ ᠲᠤᠬᠤᠢ  ᠲᠣᠭᠤᠷᠢᠭ ᠤᠨ ᠬᠢᠨ ᠪᠠᠰᠠ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ ᠠᠰᠢᠭᠯᠠᠬᠤ ᠶᠢ ᠢᠳᠡᠪᠬᠢᠲᠡᠢ ᠰᠠᠶᠢᠲᠤᠷ ᠠᠳᠬᠤᠵᠤ᠂ ᠨᠡᠭᠦᠷᠡᠰᠦ ᠤᠬᠢᠶᠠᠬᠤ ᠠᠵᠢᠯ ᠲᠦᠷᠦᠯ ᠢ ᠨᠡᠶᠢᠳᠬᠡᠨ ᠲᠡᠰ ᠳᠡᠪᠰᠢᠭᠦᠯᠬᠦ ᠶᠢ ᠶᠡᠬᠡᠪᠡᠷ ᠠᠬᠢᠭᠤᠯᠵᠤ᠂ ᠨᠡᠭᠦᠷᠡᠰᠦᠨ ᠤ ᠤᠶᠤᠨᠲᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠠᠭᠤᠷᠬᠠᠶ ᠶᠢᠨ ᠣᠷᠣᠨ ᠤ ᠵᠠᠮ ᠤᠨ ᠥᠭᠡᠷᠡᠴᠢᠯᠡᠯᠲᠡ ᠶᠢ ᠲᠦᠷᠭᠡᠳᠬᠡᠵᠦ᠂ ᠠᠭᠤᠷᠬᠠᠶ ᠶᠢᠨ ᠣᠷᠣᠨ ᠤ ᠰᠢᠨ᠎ᠡ ᠡᠨᠧᠷᠭᠢ ᠶᠢᠨ ᠲᠡᠷᠭᠡ ᠬᠥᠰᠬᠡ᠂ ᠪᠢᠲᠡᠭᠦᠮᠵᠢᠯᠡᠭᠰᠡᠨ ᠮᠠᠶ᠋ᠢᠭ ᠤᠨ ᠪᠦᠰᠡ ᠪᠦᠰᠡ᠂ ᠴᠢᠩᠭᠡᠯᠢᠭ ᠢᠶᠠᠷ ᠲᠡᠭᠡᠭᠡᠪᠦᠷᠢᠯᠡᠬᠦ ᠵᠡᠷᠭᠡ ᠪᠣᠬᠢᠷᠲᠤᠯ ᠥᠬᠡᠶ ᠲᠡᠭᠡᠭᠡᠪᠦᠷᠢ ᠶᠢᠨ ᠠᠷᠭ᠎ᠠ ᠮᠠᠶ᠋ᠢᠭ ᠢ ᠢᠳᠡᠪᠬᠢᠲᠡᠶ ᠪᠠᠷ ᠳᠡᠯᠭᠡᠷᠡᠭᠦᠯᠦᠨ᠎ᠡ᠃     ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠤᠯᠤᠰ ᠤᠨ ︽ᠬᠤᠣᠰ ᠨᠡᠭᠦᠷᠡᠰᠦᠲᠥ᠋ᠷᠥᠭᠴᠢ︾᠎ ᠶᠢᠨ ᠬᠠᠷᠠᠯᠲᠠ ᠶᠢᠨ ᠱᠠᠭᠠᠷᠳᠠᠯᠭ᠎ᠠ ᠶᠢ ᠡᠷᠡᠰ ᠲᠤᠤᠱᠯᠠᠭᠤᠯᠵᠤ᠂ ᠪᠣᠬᠢᠷᠲᠤᠯ ᠦᠭᠡᠢ ᠡᠷᠬᠢᠯᠳᠡᠳᠦ ᠬᠥᠭᠵᠢᠯᠲᠡ ᠶᠢᠨ ᠤᠢᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ᠃ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦᠨ ᠤ ᠠᠮᠢ ᠠᠬᠤᠢ ᠶᠢᠨ ᠰᠢᠰᠲ᠋ᠧᠮ ᠤᠨ ᠵᠠᠰᠠᠯᠲᠠ ᠶᠢ ᠪᠦᠬᠦ ᠲᠠᠯ᠎ᠠ ᠪᠠᠷ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠳᠤᠪᠤᠶᠢᠮ᠎ᠠ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠡ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠢᠳᠡᠪᠬᠢᠲᠡᠢ ᠰᠢᠯᠢᠳᠡᠭᠵᠢᠭᠦᠯᠵᠦ᠂ ᠲᠠᠷᠢᠶᠠᠨ ᠭᠠᠵᠠᠷ᠂ ᠤᠢ ᠰᠢᠭᠤᠢ᠂ ᠨᠤᠭᠤ ᠭᠠᠵᠠᠷ ᠵᠡᠷᠭᠡ ᠬᠦᠷᠢᠶᠡᠨ ᠤ ᠠᠮᠢ ᠠᠬᠤᠢ ᠶᠢᠨ ᠤᠯᠠᠭᠠᠨ ᠱᠤᠭᠤᠮ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠨ᠎ᠠ᠃ ᠨᠡᠭᠦᠷᠡᠰᠦᠨ ᠤ ᠠᠭᠤᠷᠬᠠᠶ ᠶᠢᠨ ᠡᠷᠬᠡ ᠶᠢ ᠪᠥᠬᠦ ᠲᠠᠯ᠎ᠠ ᠪᠠᠷ ᠡᠮᠬᠢᠯᠡᠨ ᠨᠡᠶᠢᠯᠡᠭᠦᠯᠵᠦ᠂ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠳᠠᠭᠠᠭᠠᠴᠠ ᠶᠢ ᠳᠠᠬᠢᠨ ᠢᠶᠠᠷ ᠨᠡᠮᠡᠭᠳᠡᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠵᠢᠱᠢ᠊ ᠡᠶ᠎ᠡ ᠦᠵᠡᠭᠦᠯᠬᠦ ᠣᠷᠣᠨ ᠢ ᠬᠦᠴᠦᠯᠡᠨ ᠪᠠᠶᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号