ᠶᠠᠩ ᠶᠢᠨ ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠡ
ᠨᠡᠶᠢᠲᠡᠯᠡᠭᠰᠡᠨ ᠴᠠᠭ᠄
2022/2/22
      2 ᠰᠠᠷ᠎ᠠ ᠶᠢᠨ 20᠎ ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠶᠠᠩ ᠶᠢᠨ ᠬᠠᠶᠢᠷᠤᠪ ᠤᠨ ᠲᠤᠬᠤᠢ ᠲᠣᠭᠤᠷᠢᠭ ᠲᠤ ᠭᠦᠨᠵᠡᠭᠡᠶᠢᠷᠡᠨ ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃ ᠬᠤᠳᠠ ᠶᠢᠨ ᠳᠡᠳ᠋ ᠳᠠᠷᠤᠭ᠎ᠠ ᠭᠦᠸᠧ ᠢ ᠵᠢᠶᠧ ᠬᠠᠮᠲᠤᠪᠠᠷ ᠬᠢᠨᠠᠨ ᠵᠢᠯᠣᠭᠤᠳᠴᠤ ᠪᠠᠶᠢᠴᠠᠭᠠᠪᠠ᠃       ᠶᠠᠩ ᠶᠢᠨ ᠨᠡᠷ ᠤᠷᠢᠳ ᠬᠤᠵᠢᠳ ᠬᠠᠶᠢᠷᠤᠪ ᠤᠨ ᠲᠤᠬᠤᠢ ᠲᠣᠭᠤᠷᠢᠭ ᠤᠨ ᠬᠡᠰᠡᠭ ᠴᠤᠬᠤᠢ ᠶᠢᠨ ᠴᠢᠯᠠᠭᠤ ᠶᠢᠨ ᠠᠭᠤᠷᠬᠠᠢ᠂ ᠰᠢᠷᠣᠢ ᠭᠠᠳᠠᠭᠰᠢᠯᠠᠭᠤᠯᠬᠤ ᠲᠠᠯᠠᠪᠠᠢ ᠳᠤ ᠬᠦᠷᠴᠦ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠤ ᠵᠠᠰᠠᠯᠲᠠ ᠶᠢᠨ ᠦᠷ᠎ᠡ ᠪᠦᠲᠦᠮᠵᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ︽ᠬᠤᠶᠠᠷ ᠬᠠᠷᠢᠭᠤᠴᠠᠯᠭ᠎ᠠ ᠬᠤᠶᠠᠷ ᠳᠠᠷᠤᠭ᠎ᠠ ᠶᠢᠨ ᠳᠦᠷᠢᠮ︾᠎ ᠢ ᠨᠠᠶᠢᠳᠠᠪᠤᠷᠢᠵᠢᠭᠤᠯᠤᠭᠰᠠᠨ᠂ ᠠᠭᠤᠷᠬᠠᠢ ᠶᠢᠨ ᠣᠷᠣᠨ ᠤ ᠠᠮᠢ ᠠᠬᠤᠢ ᠶᠢ ᠰᠡᠷᠭᠦᠭᠡᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃       ᠶᠠᠩ ᠶᠢᠨ ᠴᠢᠬᠤᠯᠠᠴᠢᠯᠠᠭᠰᠠᠨ ᠨᠢ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠬᠦᠴᠦᠯᠡᠨ ᠰᠠᠶᠢᠲᠤᠷ ᠠᠳᠬᠤᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠪᠢᠳᠡᠨ ᠳᠤ ᠳᠠᠭᠠᠭᠠᠯᠭᠠᠭᠰᠠᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠤᠨ᠎ᠠ᠂ ᠮᠥᠨᠴᠦ ᠮᠠᠨ ᠤ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠨᠳᠦᠰᠦᠨ ᠵᠢᠷᠤᠮᠯᠠᠯ ᠪᠣᠯᠤᠨ᠎ᠠ᠃ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠬᠦᠭᠡ ᠠᠭᠤᠯᠠ ᠬᠥᠬᠡᠮᠳᠦᠭ ᠤᠰᠤ ᠪᠣᠯ ᠲᠠᠷᠣᠢ ᠠᠯᠳᠠ ᠮᠥᠩᠭᠦᠨ ᠠᠭᠤᠯᠠ ᠮᠦᠨ︾ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠬᠦᠢᠴᠡᠳᠭᠡᠬᠦ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠰᠡᠷᠭᠦᠭᠡᠯᠲᠡ ᠶᠢ ᠳᠡᠶᠢᠯᠦᠩᠭᠦᠢ ᠪᠠᠶᠢᠷᠢᠨ ᠳᠤ ᠲᠠᠯᠪᠢᠵᠤ᠂ ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ᠂ ᠪᠦᠬᠦ ᠲᠠᠯ᠎ᠠ ᠪᠠᠷ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢᠨ ᠬᠡᠯᠬᠢᠶ᠎ᠡ ᠪᠠᠨ ᠴᠢᠩᠭᠠᠯᠠᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠲᠤᠬᠢᠷᠠᠭᠤᠯᠭ᠎ᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠳ᠋ᠣᠭᠠᠷ ᠬᠠᠰᠤᠬᠤ ᠶᠢ ᠲᠦᠷᠭᠡᠨ ᠠᠬᠢᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠩᠭᠤ ᠶᠢᠨ ᠵᠠᠰᠠᠯᠲᠠ ᠶᠢᠨ ᠲᠣᠭᠲᠠᠴᠠ ᠪᠠᠨ ᠪᠦᠷᠢᠨᠰᠢᠬᠦᠯᠵᠦ᠂ ᠡᠯ᠎ᠡ ᠵᠦᠢᠯ ᠤᠨ ᠡᠭᠦᠷᠭᠡ ᠶᠢ ᠴᠠᠭ ᠲᠤᠬᠠᠢ ᠳᠤᠨᠢ ᠪᠡᠶᠡᠯᠡᠭᠦᠯᠬᠦ ᠶᠢ ᠪᠠᠲᠤᠯᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ︽ᠳᠤᠯᠤᠭ᠎ᠠ ᠶᠢ ᠵᠠᠰᠠᠬᠤ︾᠎ ᠪᠠᠷ ᠭᠤᠣᠯᠯᠠᠭᠤᠯᠤᠨ ᠬᠦᠴᠦ ᠪᠠᠨ ᠲᠥᠪᠯᠡᠷᠡᠭᠦᠯᠵᠦ᠂ ︽ᠬᠤᠶᠠᠷ ᠬᠠᠷᠢᠭᠤᠴᠠᠯᠭ᠎ᠠ ᠬᠤᠶᠠᠷ ᠳᠠᠷᠤᠭ᠎ᠠ ᠶᠢᠨ ᠳᠦᠷᠢᠮ︾᠎ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠭᠤᠷᠬᠠᠢ ᠶᠢᠨ ᠡᠷᠬᠡ ᠶᠢ ᠨᠡᠶᠢᠳᠬᠡᠵᠦ ᠳᠠᠬᠢᠨ ᠵᠣᠬᠢᠶᠠᠨ ᠪᠠᠶᠢᠭᠤᠯᠬᠤ᠂ ᠲᠣᠭᠤᠰᠣ ᠰᠢᠷᠣᠢ ᠶᠢᠨ ᠪᠣᠬᠢᠷᠲᠤᠯ ᠢ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠢᠶᠠᠨ ᠰᠠᠶᠢᠲᠤᠷ ᠬᠢᠵᠦ᠂ ᠠᠮᠢ ᠠᠬᠤᠢ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠬᠤ ᠬᠡᠷᠡᠭᠲᠡᠢ ᠭᠡᠵᠡᠢ᠃       ᠲᠤᠬᠠᠶ ᠶᠢᠨ ᠡᠳᠦᠷ᠂ ᠶᠠᠩ ᠶᠢᠨ ᠪᠠᠰᠠ ︽ᠳᠥᠷᠪᠡᠨ ᠥᠬᠡᠶ ᠬᠤᠶᠠᠷ ᠰᠢᠭᠤᠳ︾ ᠬᠡᠯᠪᠡᠷᠢ ᠪᠠᠷ ᠪᠠᠷᠠᠭᠤᠨ ᠣᠷᠳᠣᠰ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠤᠬᠤᠷᠢᠨ ᠭᠠᠷᠤᠭᠰᠠᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号