ᠨᠢᠭᠡ ᠡᠷᠦᠬᠡ ᠶᠢ ᠴᠦ ᠠᠯᠳᠠᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ᠂ ᠨᠠᠷᠢᠯᠢᠭ | ᠣᠨᠣᠴᠠᠲᠠᠶ ᠪᠠᠷ ᠵᠢᠭᠰᠠᠭᠠᠨ ᠪᠠᠶᠢᠴᠠᠭᠠᠬᠤ᠂ ᠬᠠᠮᠢᠶᠠᠷᠤᠨ ᠡᠵᠡᠮᠳᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠠᠷᠴᠢᠮ ᠶᠣᠰᠣᠭᠠᠷ᠂ ᠣᠶᠢᠷ᠎ᠠ ᠶᠢᠨ ᠡᠳᠦᠷ ᠤᠳ ᠲᠤ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠮᠦᠸᠧ | ᠰᠢᠶᠠᠩ ᠯᠢ ᠶᠤᠸᠠᠨ ᠨᠡᠶᠢᠭᠡᠮ ᠲᠣᠭᠤᠷᠢᠭ ᠤᠨ ᠠᠵᠢᠯᠲᠠᠨ ᠨᠢᠭᠡᠪᠦᠷᠢ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ | ᠣᠷᠣᠨ ᠤ ᠦᠬᠠᠢ ᠳᠤ ᠪᠤᠴᠠᠵᠤ ᠢᠷᠡᠭᠰᠡᠨ ᠬᠥᠮᠦᠰ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠤᠲᠠᠰᠤ ᠪᠠᠷ ᠵᠢᠭᠰᠠᠭᠠᠨ ᠪᠠᠶᠢᠴᠠᠭᠠᠯᠲᠠ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ︽ᠵᠢᠭᠰᠠᠭᠠᠨ | ᠪᠠᠶᠢᠴᠠᠭᠠᠬᠤ ᠲᠣᠤᠷ︾ ᠢ ᠨᠢᠭᠲᠠ ᠰᠦᠯᠵᠢᠵᠦ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ | ᠨᠠᠷᠢᠯᠢᠭ ᠣᠨᠣᠴᠠᠲᠠᠶ ᠪᠠᠷ ᠬᠠᠮᠢᠶᠠᠷᠤᠨ ᠡᠵᠡᠮᠳᠡᠪᠡ᠃ |  ᠠᠵᠢᠯᠲᠠᠳ ᠡᠳᠦᠷ ᠪᠦᠷᠢ ᠬᠥᠮᠦᠨ ᠪᠦᠷᠢ 30 — 50 ᠤᠲᠠᠰᠤᠳᠠᠵᠤ᠂ ᠭᠤᠣᠯᠳᠠᠭᠤ ᠰᠠᠭᠤᠭᠠᠯᠢ ᠠᠷᠠᠳ | ᠤᠯᠠᠨ ᠳᠤᠮᠳᠠ ᠵᠡᠷᠭᠡ ᠶᠢᠨ ᠠᠶᠤᠯ ᠲᠦᠭᠰᠢᠭᠦᠷᠢ ᠶᠡᠬᠡᠲᠡᠢ ᠣᠷᠣᠨ ᠲᠤ ᠬᠦᠷᠴᠦ ᠥᠩᠭᠡᠷᠡᠭᠰᠡᠨ ᠡᠰᠡᠬᠦ᠂ ᠪᠥᠭᠡᠮ | ᠬᠦᠴᠢᠯ ᠬᠢᠵᠦ ᠥᠩᠭᠡᠷᠡᠭᠰᠡᠨ ᠡᠰᠡᠬᠦ ᠵᠡᠷᠭᠡ ᠮᠡᠳᠡᠭᠡ ᠵᠠᠩᠭᠢ ᠶᠢ ᠠᠰᠠᠭᠤᠨ ᠯᠠᠪᠯᠠᠨ᠎ᠠ᠃ ᠬᠡᠷᠪᠡ ᠲᠤᠬᠠᠶ ᠶᠢᠨ ᠬᠥᠮᠦᠨ | ᠳᠤᠮᠳᠠ ᠠᠶᠤᠯ ᠲᠦᠭᠰᠢᠭᠦᠷᠢ ᠶᠡᠬᠡᠲᠡᠶ ᠣᠷᠣᠨ ᠳᠤ ᠣᠴᠢᠵᠤ ᠥᠩᠭᠡᠷᠡᠭᠰᠡᠨ ᠪᠠᠶᠢᠪᠠᠯ᠂ ᠰᠢᠪᠠᠳᠠᠨ ᠱᠠᠭᠠᠷᠳᠠᠵᠤ | ᠪᠠᠶᠢᠭᠠᠳ ᠴᠠᠭ ᠲᠤᠬᠠᠶ ᠳᠤᠨᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠯᠭᠡᠨ᠎ᠡ᠃ ᠡᠭᠦᠨ ᠠᠴᠠ ᠭᠠᠳᠠᠨ᠎ᠠ | ᠨᠡᠶᠢᠭᠡᠮ ᠲᠣᠭᠤᠷᠢᠭ ᠤᠨ ᠬᠢᠨ ᠪᠠᠰᠠ ᠸᠢᠴᠠᠲ ᠤᠨ ᠮᠡᠳᠡᠭᠳᠡᠯ᠂ ᠠᠯᠪᠠᠨ ᠵᠠᠷ ᠨᠠᠭᠠᠬᠤ ᠵᠡᠷᠭᠡ ᠪᠠᠶᠢᠳᠠᠯ ᠢ ᠣᠶᠢᠯᠠᠭᠠᠬᠤ | ᠠᠷᠭ᠎ᠠ ᠪᠠᠷ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠣᠨᠣᠪᠴᠢᠲᠠᠶ ᠬᠠᠮᠢᠶᠠᠷᠤᠨ ᠡᠵᠡᠮᠳᠡᠵᠦ | ᠪᠠᠶᠢᠨ᠎ᠠ᠃ | ᠣᠳᠣᠬᠠᠨ ᠳᠤ ᠣᠯᠠᠩᠬᠢ ᠲᠣᠭᠠᠨ ᠤ ᠰᠠᠭᠤᠭᠠᠯᠢ ᠠᠷᠠᠳ ᠰᠠᠨᠠᠭᠠᠴᠢᠯᠠᠭ᠎ᠠ ᠠᠴᠠ ᠪᠠᠨ ᠨᠡᠶᠢᠭᠡᠮ ᠲᠣᠭᠤᠷᠢᠭ ᠤᠨ | ᠳ᠋ᠢᠶᠠᠩᠬᠤᠸᠠ ᠪᠠᠷ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠪᠥᠭᠡᠮ ᠬᠦᠴᠢᠯ ᠤᠨ ᠦᠷ᠎ᠡ ᠳ᠋ᠦᠩ ᠢ ᠳᠡᠭᠡᠭᠰᠢ | ᠮᠡᠳᠡᠭᠦᠯᠵᠦ ᠳᠡᠶᠢᠯᠬᠦ ᠪᠣᠯᠵᠠᠶ᠃ ᠳᠠᠷᠠᠭᠠᠴᠢ ᠶᠢᠨ ᠠᠯᠬᠤᠮ ᠳᠤ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠢᠨ | ᠪᠠᠰᠠ ᠲᠤᠮᠤ ᠳ᠋ᠠᠶᠢᠲ᠋ᠠ ᠶᠢᠨ ᠬᠠᠷᠢᠭᠤ ᠲᠤᠰᠬᠠᠭᠰᠠᠨ ᠭᠤᠣᠯᠳᠠᠯᠭ᠎ᠠ ᠲᠠᠢ ᠮᠡᠳᠡᠭᠡ ᠵᠠᠩᠭᠢ ᠶᠢ ᠤᠲᠠᠰᠤ ᠪᠠᠷ ᠮᠥᠷᠳᠡᠵᠦ | ᠂ ᠪᠦᠬᠦᠨ ᠢ ᠵᠢᠭᠰᠠᠭᠠᠪᠠᠯ ᠵᠣᠬᠢᠬᠤ ᠶᠢ ᠨᠢ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠶᠢᠯᠭᠠᠨ᠎ᠠ᠃ | | |