ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠨ ᠳᠤ ᠪᠡᠯᠡᠳᠬᠡᠬᠦ ᠳᠠᠶᠢᠴᠢᠯᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/2/23
      2 ᠰᠠᠷ᠎ᠠ ᠶᠢᠨ 18᠎ ᠤ ᠡᠳᠦᠷ᠂  ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠶᠢᠨ ᠳᠤ ᠪᠡᠯᠡᠳᠬᠡᠬᠦ ᠳᠠᠶᠢᠴᠢᠯᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠵᠡᠭᠡᠯᠢ ᠭᠤᠳᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤᠴᠠᠯᠭᠠᠲᠠᠨ ᠭᠦᠸᠧ ᠬᠤᠩ ᠶᠠᠨ ᠬᠤᠷᠠᠯ ᠢ ᠡᠷᠬᠢᠯᠡᠵᠦ᠂ ᠡᠯ᠎ᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠳᠤᠭᠤᠶᠢᠯᠠᠩ᠂ ᠡᠯ᠎ᠡ ᠨᠡᠶᠢᠭᠡᠮ ᠲᠣᠭᠤᠷᠢᠭ ᠤᠨ ᠬᠤᠶᠠᠷ ᠵᠥᠪᠯᠡᠯ ᠤᠨ ᠪᠦᠷᠢᠯᠳᠦᠬᠦᠨ ᠵᠢᠴᠢ ᠰᠦᠯᠵᠢᠶᠡᠨ ᠤ ᠠᠵᠢᠯᠳᠠᠨ ᠬᠤᠷᠠᠯ ᠳᠤ ᠣᠷᠣᠯᠴᠠᠪᠠ᠃ 
20220222165203492.png     ᠬᠤᠷᠠᠯ ᠠᠴᠠ ᠬᠠᠶᠢᠷᠤᠪ ᠤᠨ ᠲᠤᠬᠤᠢ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ
ᠵᠢᠯᠣᠭᠤᠳᠬᠤ ᠭᠠᠵᠠᠷ ᠤᠨ ᠳᠥᠷᠪᠡᠳᠦᠭᠡᠷ ᠤᠳᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠤ ᠬᠠᠮᠲᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠨᠡᠶᠢᠭᠡᠮ ᠲᠣᠭᠤᠷᠢᠭ ᠤᠨ ᠬᠠᠮᠢᠶ᠎ᠠ ᠪᠦᠬᠦᠢ ᠠᠵᠢᠯ ᠳᠤ ᠪᠣᠳᠠᠲᠠᠢ ᠲᠤᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠵᠡᠢ᠃ ᠬᠤᠷᠠᠯ ᠠᠴᠠ ᠱᠠᠭᠠᠷᠳᠠᠭᠰᠠᠨ ᠨᠢ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠨᠡᠶᠢᠭᠡᠮ ᠲᠣᠭᠤᠷᠢᠭ ᠤᠨ ᠬᠢᠨ ᠬᠢᠵᠢᠭ ᠤᠨ ᠪᠠᠶᠢᠳᠠᠯ ᠤᠨ ᠲᠤᠬᠠᠶ ᠠᠵᠢᠯ ᠤᠨ ᠪᠡᠯᠡᠳᠬᠡᠯ ᠢ ᠳᠠᠷᠦ᠋ᠢᠬᠠᠨ ᠡᠬᠢᠯᠡᠭᠦᠯᠬᠦ ᠬᠡᠷᠡᠭᠲᠡᠶ ᠬᠠᠮᠢᠶ᠎ᠠ ᠪᠥᠬᠦᠶ ᠲᠤᠰᠬᠠᠶ ᠠᠩᠭᠢ ᠶᠢᠨ ᠤᠳᠤᠷᠢᠳᠤᠯᠭ᠎ᠠ᠂ ᠠᠵᠢᠯᠯᠠᠬᠤ ᠳᠤᠭᠤᠶᠢᠯᠠᠩ ᠵᠢᠴᠢ ᠠᠵᠢᠯᠲᠠᠨ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠠᠵᠢᠯᠲᠠᠨ᠂ ᠰᠦᠯᠵᠢᠶᠡᠨ ᠤ ᠠᠵᠢᠯᠲᠠᠨ ᠱᠠᠭᠠᠷᠳᠠᠯᠭ᠎ᠠ ᠶᠣᠰᠣᠭᠠᠷ ᠠᠵᠢᠯ ᠤᠨ ᠪᠠᠶᠢᠷᠢ᠂ ᠬᠥᠮᠦᠨ᠂ ᠬᠠᠷᠢᠭᠤᠴᠠᠯᠭ᠎ᠠ ᠲᠣᠭᠲᠠᠭᠠᠵᠤ᠂ ᠠᠵᠢᠯ ᠤᠨ ᠪᠠᠶᠢᠳᠠᠯ ᠢ ᠬᠥᠭᠵᠢᠭᠡᠨ᠂ ᠵᠢᠵᠢᠭᠦᠷᠯᠡᠬᠦ ᠲᠦᠷᠢᠮ ᠢ ᠪᠠᠶᠢᠭᠤᠯᠤᠨ᠂ 24 ᠴᠠᠭ ᠤᠨ ᠳᠣᠲᠣᠷ᠎ᠠ ᠭᠠᠷ ᠤᠲᠠᠰᠤᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ᠃ ᠬᠡᠷᠡᠭ ᠡᠷᠬᠢᠯᠡᠬᠦ ᠭᠠᠵᠠᠷ ᠨᠢ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠡᠭ ᠤᠨ ᠪᠠᠶᠢᠳᠠᠯ ᠢ ᠦᠨᠳᠦᠰᠦᠯᠡᠨ ᠡᠳ᠋ ᠪᠣᠳᠠᠰ ᠢ ᠴᠠᠭ ᠲᠤᠬᠠᠶ ᠳᠤᠨᠢ ᠰᠢᠨᠡᠳᠬᠡᠬᠦ ᠶᠢᠨ ᠬᠠᠮᠲᠤ ᠨᠥᠬᠦᠪᠥᠷᠢᠯᠡᠬᠦ ᠬᠡᠷᠡᠭᠲᠡᠶ᠂ ᠡᠭᠦᠨ ᠳᠤ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠴᠤ ᠤᠷᠢᠳᠴᠢᠯᠠᠨ ᠪᠡᠯᠡᠳᠬᠡᠬᠦ ᠬᠡᠷᠡᠭᠲᠡᠶ᠃ ᠨᠢᠭᠡᠴᠡ ᠶᠢᠨ ᠪᠠᠴᠢᠮ ᠪᠠᠶᠢᠳᠠᠯ ᠢ ᠠᠷᠭᠠᠴᠠᠬᠤ ᠭᠠᠷ ᠳᠡᠪᠲᠡᠷ ᠪᠠᠶᠢᠭᠤᠯᠬᠤ ᠶᠢᠨ ᠬᠠᠮᠲᠤ ᠰᠠᠶᠢᠨ ᠳᠤᠷ᠎ᠠ ᠶᠢᠨ ᠠᠵᠢᠯᠯᠠᠭᠴᠢ ᠵᠢᠴᠢ ᠬᠠᠶᠢᠷ᠎ᠠ ᠬᠠᠯᠠᠮᠵᠢ ᠬᠦᠷᠭᠡᠬᠦ ᠲᠡᠷᠭᠡᠨ ᠠᠩᠭᠢ ᠶᠢ ᠡᠯᠰᠡᠨ᠎ᠡ ᠡᠯ᠎ᠡ ᠰᠦᠯᠵᠢᠶᠡᠨ ᠤ ᠲᠠᠰᠤᠯᠪᠤᠷᠢ ᠨᠢ ᠬᠠᠷᠢᠶ᠎ᠠ ᠣᠷᠣᠨ ᠤ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠪᠠᠶᠢᠭ᠎ᠠ ᠰᠦᠯᠵᠢᠶᠡᠨ ᠤ ᠲᠠᠰᠤᠯᠪᠤᠷᠢ ᠶᠢᠨ ᠬᠥᠮᠦᠨ ᠤ ᠲᠤᠭ᠎ᠠ ᠶᠢ ᠲᠣᠳᠣᠷᠬᠠᠶᠢᠯᠠᠵᠤ᠂ ᠰᠠᠭᠤᠷᠢ ᠲᠤᠭ᠎ᠠ ᠶᠢ ᠲᠣᠳᠣᠷᠬᠠᠶᠢᠯᠠᠵᠤ᠂ ᠨᠢᠭᠡᠳᠦᠭᠡᠷ ᠹᠷᠣᠨᠲ ᠤᠨ ᠠᠵᠢᠯᠲᠠᠳ ᠡᠷᠬᠡᠪᠰᠢ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠬᠡᠷᠡᠭᠲᠡᠢ ᠭᠡᠵᠠᠢ᠃
20220222165217595.png
20220222170438450.png
     ᠬᠤᠷᠠᠯ ᠠᠴᠠ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠪᠠᠶᠢᠨ᠎ᠠ᠂ ᠵᠡᠭᠡᠯᠢ ᠭᠤᠳᠤᠮᠵᠢ ᠶᠢᠨ ᠬᠢᠨ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠨᠢᠭᠡᠳᠬᠡᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢᠨ ᠪᠤᠳᠤᠯᠢᠶᠠᠨᠲᠤ ᠴᠢᠨᠠᠷ᠂ ᠬᠦᠨᠳᠦ ᠨᠣᠴᠢᠲᠠᠢ ᠴᠢᠨᠠᠷ᠂ ᠤᠷᠳᠤ ᠬᠤᠭᠤᠴᠠᠭᠠᠲᠤ ᠴᠢᠨᠠᠷ ᠢ ᠭᠦᠢᠴᠡᠳ ᠲᠠᠨᠢᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠢ  ᠭᠡᠵᠠᠢ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号