ᠲᠠᠩ ᠢ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠥᠪ ᠤᠨ ᠪᠦᠳᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/2/23
      2 ᠰᠠᠷ᠎ᠠ ᠶᠢᠨ 18᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠲᠥᠪ ︵ᠬᠤᠲᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠲᠥᠪ︶᠎ ᠢ ᠨᠡᠭᠦᠯᠭᠡᠬᠦ ᠠᠵᠢᠯ ᠢ ᠳᠥᠯᠭᠢᠨ ᠠᠬᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠶᠢᠨ ᠬᠠᠮᠲᠤ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠵᠠᠶ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠠᠩ ᠶᠢᠨ᠂ ᠬᠤᠲᠠ ᠶᠢᠨ ᠤᠳᠤᠷᠢᠳᠤᠯᠭ᠎ᠠ ᠼᠦᠢ ᠵᠢᠩ ᠶᠢᠩ᠂ ᠯᠢ ᠴᠦᠨ ᠰᠢᠶᠤᠤ᠂ ᠬᠤᠤ ᠰᠢ ᠬᠤᠩ᠂ ᠮᠤᠤ ᠵᠧᠨ ᠬᠠᠶ᠂ ᠭᠦᠸᠧ ᠴᠠᠩ ᠠᠨ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠭᠰᠡᠨ ᠪᠤᠶᠤ ᠬᠤᠷᠠᠯ ᠳᠤ ᠣᠷᠣᠯᠴᠠᠵᠠᠶ᠃      ᠲᠠᠩ ᠢ ᠨᠡᠷ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠥᠪ ︵ᠬᠤᠳᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠲᠥᠪ︶᠎ ᠤᠨ ᠨᠡᠭᠦᠯᠭᠡᠬᠦ ᠪᠠᠷ ᠪᠠᠶᠢᠭ᠎ᠠ ᠭᠠᠵᠠᠷ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠦᠬᠦᠯᠢ ᠴᠣᠭᠴᠠ ᠶᠢᠨ ᠵᠢᠷᠤᠭ ᠲᠥᠯᠥᠪᠯᠡᠭᠡ ᠶᠢᠨ ᠲᠥᠰᠦᠯ᠂ ᠣᠷᠣᠨ ᠪᠦᠰᠡ ᠶᠢᠨ ᠬᠤᠪᠢᠶᠠᠷᠢᠯᠠᠯ᠂ ᠴᠢᠳᠠᠪᠬᠢ ᠶᠢᠨ ᠪᠠᠶᠢᠷᠢᠰᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠳᠠᠷᠠᠭ᠎ᠠ ᠨᠢ᠂ ᠲᠠᠩ ᠢ ᠬᠤᠳᠠ ᠶᠢᠨ ᠨᠠᠮ ᠤᠨ ᠬᠤᠷᠢᠶᠠᠨ ᠤ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠨᠡᠭᠦᠯᠭᠡᠬᠦ ᠠᠴᠠ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠤᠭᠳᠠᠯ ᠪᠦᠬᠦᠢ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠵᠠᠢ᠃     ᠲᠠᠩ ᠢ ᠵᠢᠭᠠᠵᠤ ᠭᠠᠷᠭᠠᠭᠰᠠᠨ ᠨᠢ᠂ ᠨᠡᠭᠦᠯᠭᠡᠬᠦ ᠠᠵᠢᠯ ᠢ ᠰᠠᠶᠢᠲᠤᠷ ᠠᠳᠬᠤᠵᠤ᠂ ᠬᠤᠲᠠ ᠶᠢᠨ ᠶᠡᠭᠡ ᠲᠠᠷᠢᠬᠢᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ 12345 ᠰᠢᠰᠲ᠋ᠧᠮ ᠢ ᠥᠭᠡᠷᠡᠴᠢᠯᠡᠨ ᠲᠠᠰ ᠳᠡᠪᠰᠢᠭᠦᠯᠬᠦ ᠶᠢ ᠠᠬᠢᠭᠤᠯᠬᠤ ᠪᠣᠯ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠬᠤᠲᠠ ᠶᠢ ᠡᠭᠦᠳᠦᠨ ᠪᠠᠶᠢᠭᠤᠯᠬᠤ ᠶᠢᠨ ᠪᠣᠳᠠᠲᠤ ᠬᠡᠷᠡᠭᠴᠡᠭᠡ ᠮᠥᠨ᠂ ᠪᠠᠰᠠ ᠴᠤ ᠬᠤᠲᠠ ᠶᠢᠨ ᠤᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠬᠤᠯᠪᠤᠭᠳᠠᠯ ᠪᠥᠬᠦᠶ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠮᠲᠤᠷᠠᠯ ᠤᠨ ᠬᠦᠴᠦᠨ ᠢᠶᠠᠨ ᠨᠢᠭᠲᠠᠷᠠᠭᠤᠯᠤᠨ᠂ ᠬᠠᠷᠢᠯᠴᠠᠨ ᠬᠠᠮᠵᠢᠯᠴᠠᠵᠤ᠂ ᠨᠡᠭᠦᠯᠭᠡᠬᠦ ᠲᠥᠰᠦᠯ ᠢᠶᠠᠨ ᠱᠠᠯᠠᠪᠳᠠᠨ ᠲᠡᠭᠦᠯᠳᠡᠷᠵᠢᠭᠦᠯᠵᠦ᠂ ᠠᠵᠢᠯ ᠶᠠᠪᠤᠳᠠᠯ ᠬᠦᠢᠴᠡᠳᠭᠡᠬᠦ ᠴᠤᠪᠤᠷᠠᠯ ᠢᠶᠠᠨ ᠰᠢᠯᠢᠳᠡᠭᠵᠢᠭᠦᠯᠦᠨ᠂ ᠨᠡᠭᠦᠯᠭᠡᠬᠦ ᠬᠤᠷᠳᠤᠴᠠ ᠪᠠᠨ ᠲᠦᠷᠭᠡᠳᠬᠡᠵᠦ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠥᠪ ᠤᠨ ᠲᠣᠭᠲᠠᠭᠰᠠᠨ ᠬᠤᠭᠤᠴᠠᠭᠠᠨ ᠳᠤ ᠠᠰᠢᠭᠯᠠᠯᠲᠠ ᠳᠤ ᠣᠷᠣᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃       ᠲᠠᠩ ᠢ ᠱᠠᠭᠠᠷᠳᠠᠭᠰᠠᠨ ᠨᠢ᠂ ᠡᠯ᠎ᠡ ᠲᠠᠯ᠎ᠠ ᠶᠢᠨ ᠡᠬᠢ ᠪᠠᠶᠠᠯᠢᠭ ᠢ ᠪᠦᠲᠦᠮᠵᠢᠲᠡᠢ ᠨᠡᠶᠢᠳᠬᠡᠵᠦ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠪᠠ ᠡᠷᠴᠢᠮᠵᠢᠭᠦᠯᠦᠨ ᠠᠰᠢᠭᠯᠠᠬᠤ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠥᠨᠳᠥᠷ ᠪᠦᠲᠦᠮᠵᠢᠲᠡᠢ ᠪᠠᠷ ᠳᠠᠮᠵᠢᠭᠤᠯᠬᠤ ᠶᠢ ᠠᠬᠢᠭᠤᠯᠵᠤ᠂ ︽ᠨᠢᠭᠡ ᠳᠡᠯᠭᠡᠴᠡ ᠪᠠᠷ ᠪᠦᠬᠦ ᠬᠤᠳᠠ ᠶᠢ ᠠᠵᠢᠭᠯᠠᠵᠤ᠂ ᠨᠢᠭᠡ ᠰᠦᠯᠵᠢᠶ᠎ᠡ ᠪᠠᠷ ᠬᠠᠮᠢᠶᠠᠷᠴᠤ ᠵᠠᠰᠠᠬᠤ︾᠎ ᠶᠢ ᠪᠡᠶᠡᠯᠡᠭᠦᠯᠬᠦ ᠬᠡᠷᠡᠭᠲᠡᠢ᠃ ᠠᠵᠢᠯ ᠤᠨ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠨᠡᠭᠦᠯᠭᠡᠬᠦ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢᠶᠠᠨ ᠰᠢᠢᠳᠪᠦᠷᠢᠯᠡᠬᠦ ᠶᠢ ᠢᠳᠡᠪᠬᠢᠲᠡᠶ ᠠᠬᠢᠭᠤᠯᠬᠤ ᠬᠡᠷᠡᠭᠲᠡᠶ᠃ ︽ᠵᠣᠬᠢᠰᠲᠠᠶ ᠪᠠᠷ ᠤᠷᠢᠳᠴᠢᠯᠠᠭᠤᠯᠵᠤ᠂ ᠠᠯᠢ ᠴᠢᠳᠠᠬᠤ ᠪᠠᠷ ᠠᠷᠪᠢᠯᠠᠨ ᠭᠠᠮᠨᠠᠬᠤ︾ ᠵᠠᠷᠴᠢᠮ ᠢ ᠪᠠᠷᠢᠮᠲᠠᠯᠠᠨ᠂ ᠨᠡᠶᠢᠭᠡᠮ ᠤᠨ ᠵᠠᠰᠠᠯᠲᠠ ᠶᠢᠨ ᠤᠶᠤᠨᠴᠢᠯᠠᠯᠲᠠ᠂ ᠮᠡᠳᠡᠭᠡ ᠵᠠᠩᠭᠢᠵᠢᠯᠲᠠ ᠶᠢᠨ ᠴᠢᠳᠠᠪᠤᠷᠢ ᠣᠯᠭᠤᠬᠤ ᠪᠠᠨ ᠴᠢᠩᠭᠠᠳᠬᠠᠵᠤ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠥᠪ ︵ᠬᠤᠲᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠲᠥᠪ︶᠎ ᠢ ︽ᠣᠶᠤᠨ ᠤ ᠵᠠᠰᠠᠯᠲᠠ ᠶᠢᠨ ᠲᠤᠯᠭᠠᠭᠤᠷᠢᠯᠠᠯ︾᠎ ᠤᠨ ᠲᠥᠷᠥᠯ ᠵᠦᠢᠯ ᠪᠣᠯᠭᠠᠨ ᠪᠠᠶᠢᠭᠤᠯᠬᠤ ᠪᠠᠷ ᠬᠦᠴᠦᠯᠡᠨ ᠴᠢᠷᠮᠠᠶᠢᠬᠤ ᠬᠡᠷᠡᠭᠲᠡᠶ ᠬᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号