︽ᠬᠤᠶᠠᠷ ᠢ ᠢᠯᠡ ᠪᠣᠯᠭᠠᠬᠤ︾ ᠶᠠᠪᠤᠳᠠᠯ ᠢ ᠲᠤᠰᠬᠠᠶᠢᠯᠠᠨ ᠰᠤᠷᠪᠤᠯᠵᠢᠯᠠᠵᠤ ᠠᠮᠵᠢᠯᠲᠠ ᠪᠦᠲᠦᠮᠵᠢ ᠪᠠᠨ ᠢᠯᠡ ᠪᠣᠯᠭᠠᠪᠠ
ᠨᠡᠶᠢᠲᠡᠯᠡᠭᠰᠡᠨ ᠴᠠᠭ᠄
2022/2/25
   ︽ᠪᠥᠬᠦ ᠬᠤᠲᠠ ᠳᠤ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶᠎ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︿ᠨᠠᠮ ᠤᠨ ᠪᠠᠶᠢᠭᠤᠯᠤᠯᠲᠠ ᠶᠢ ᠢᠯᠡ ᠪᠣᠯᠭᠠᠬᠤ᠂ ᠠᠮᠵᠢᠯᠲᠠ ᠪᠦᠲᠦᠮᠵᠢ ᠶᠢ ᠢᠯᠡ ᠪᠣᠯᠭᠠᠬᠤ﹀ ᠠᠵᠢᠯᠯᠠᠭ᠎ᠠ ᠥᠷᠨᠢᠭᠦᠯᠬᠦ ᠪᠣᠯ ᠬᠤᠲᠠ ᠶᠢᠨ ᠨᠠᠮ ᠤᠨ ᠬᠤᠷᠢᠶ᠎ᠠ ᠶᠢᠨ ᠲᠠᠩ ᠢ ᠱᠦᠵᠢ ᠶᠢᠨ 2021 ᠣᠨ ᠤ ᠪᠥᠬᠦ ᠣᠷᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠠᠵᠢᠯ ᠤᠨ ᠮᠡᠳᠡᠭᠦᠯᠦᠯᠲᠡ ᠶᠢᠨ ᠬᠤᠷᠠᠯ ᠳᠡᠭᠡᠷ᠎ᠡ ᠱᠢ ᠲᠠᠢ  ᠹᠧᠩ ᠱᠦᠵᠢ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠤ ᠬᠢᠭᠰᠡᠨ ᠲᠥᠪ ᠴᠢᠩᠭ᠎ᠠ ᠠᠮᠠᠯᠠᠯᠲᠠ ᠮᠥᠨ᠃ ᠮᠥᠨ ᠴᠦ ᠬᠤᠲᠠ ᠶᠢᠨ ᠨᠠᠮ ᠤᠨ ᠬᠤᠷᠢᠶᠠᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ᠂ ︿ᠬᠠᠮᠤᠭ ᠤᠨ ᠬᠦᠴᠦᠷᠬᠡᠭ ᠨᠠᠮ ᠤᠨ ᠡᠭᠦᠷ﹀᠎ ᠤᠨ ᠪᠠᠶᠢᠭᠤᠯᠤᠯᠲᠠ ᠶᠢ ᠠᠬᠢᠭᠤᠯᠬᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠮᠤᠷᠬᠤ ᠬᠡᠪᠴᠢᠶ᠎ᠡ ᠪᠣᠯᠤᠨ ᠨᠥᠯᠥᠭᠡᠯᠡᠬᠦ ᠬᠦᠴᠦᠨ ᠢ ᠥᠷᠭᠡᠳᠬᠡᠬᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠤ  ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠪᠤᠯᠤᠨ᠎ᠠ ᠂ 2 ᠰᠠᠷ᠎ᠠ ᠶᠢᠨ 14᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠵᠣᠣ ᡁᠢ ᠶᠦᠩ ᠪᠥᠬᠦ ᠬᠤᠲᠠ ᠳᠤ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶᠎ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠨᠠᠮ ᠤᠨ ᠪᠠᠶᠢᠭᠤᠯᠤᠯᠲᠠ ᠶᠢ ᠢᠯᠡ ᠪᠣᠯᠭᠠᠬᠤ᠂ ᠠᠮᠵᠢᠯᠲᠠ ᠪᠦᠲᠦᠮᠵᠢ ᠶᠢ ᠢᠯᠡ ᠪᠣᠯᠭᠠᠬᠤ︾ ᠠᠵᠢᠯᠯᠠᠭ᠎ᠠ ᠶᠢ ᠬᠡᠷᠬᠢᠨ ᠰᠠᠶᠢᠲᠤᠷ ᠥᠷᠨᠢᠭᠦᠯᠬᠦ ᠲᠤᠬᠠᠶ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠭᠰᠡᠨ ᠨᠢ᠂    ᠵᠣᠣ ᡁᠢ ᠶᠦᠩ ᠢᠯᠡᠷᠬᠡᠶᠢᠯᠡᠬᠦ ᠳᠡᠭᠡᠨ᠂ ᠲᠣᠰ ᠠᠵᠢᠯᠯᠠᠭ᠎ᠠ ᠶᠢ ᠬᠤᠲᠠ ᠶᠢᠨ ᠨᠠᠮ ᠤᠨ ᠬᠤᠷᠢᠶᠠᠨ ᠤ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠬᠠᠮᠲᠤ ᠪᠠᠷ ᠵᠣᠬᠢᠶᠠᠨ ᠪᠠᠶᠢᠭᠤᠯᠵᠤ ᠶᠠᠪᠤᠭᠳᠠᠭᠤᠯᠤᠨ᠎ᠠ᠃ ᠠᠵᠢᠯᠯᠠᠭ᠎ᠠ ᠶᠢᠨ ᠦᠨᠳᠦᠰᠦᠨ ᠵᠠᠷᠴᠢᠮ ᠪᠣᠯ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ︽ᠬᠤᠶᠠᠷ ᠢ ᠢᠯᠠ ᠪᠣᠯᠭᠠᠬᠤ︾ ᠠᠵᠢᠯᠯᠠᠭ᠎ᠠ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶᠎ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠬᠤ ᠬᠠᠷᠢᠭᠤᠴᠠᠯᠭ᠎ᠠ ᠶᠢᠨ ᠤᠬᠠᠮᠰᠠᠷ ᠢ ᠦᠨᠡᠨᠬᠦ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠬᠦ ᠲᠠᠯ᠎ᠠ ᠪᠠᠷ ᠳᠠᠪᠰᠢᠬᠤ᠂ ᠪᠦᠬᠦ ᠲᠠᠯ᠎ᠠ ᠪᠠᠷ ᠰᠢᠯᠭᠠᠷᠠᠬᠤ ᠶᠢ ᠠᠬᠢᠭᠤᠯᠬᠤ ᠬᠡᠷᠡᠭᠲᠡᠢ︔ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ ᠳᠤ᠂ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠪᠠᠷ ᠡᠭᠦᠰᠭᠡᠯ ᠪᠠ ᠲᠡᠭᠦᠰᠬᠡᠯ ᠪᠣᠯᠭᠠᠵᠤ᠂ ᠤᠯᠠᠨ ᠲᠦᠮᠡᠨ ᠢ ᠨᠡᠩ ᠤᠯᠠᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠲᠠᠢ ᠪᠣᠯᠭᠠᠬᠤ ᠬᠡᠷᠡᠭᠲᠡᠢ︔ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠶᠢ ᠪᠠᠷᠢᠮᠲᠠᠯᠠᠵᠤ᠂ ᠦᠢᠯᠡᠳᠦᠯᠭᠡᠵᠢᠭᠦᠯᠬᠦ᠂ ᠪᠣᠳᠠᠲᠠᠢ ᠠᠵᠢᠯᠯᠠᠬᠤ᠂ ᠪᠣᠳᠠᠲᠠᠢ ᠦᠷ᠎ᠡ ᠪᠦᠲᠦᠮᠵᠢ ᠤᠯᠬᠤ ᠶᠢ ᠲᠤᠪᠤᠶᠢᠯᠭᠠᠬᠤ ᠵᠠᠷᠴᠢᠮ ᠢ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠢᠯᠡ ᠪᠣᠯᠭᠠᠬᠤ᠂ ᠪᠣᠳᠠᠲᠠᠢ ᠠᠵᠢᠯᠯᠠᠬᠤ᠂ ᠬᠥᠭᠵᠢᠯᠲᠡ ᠪᠠᠨ ᠢᠯᠡ ᠪᠣᠯᠭᠠᠬᠤ᠂ ᠬᠤᠪᠢᠷᠠᠯᠲᠠ ᠪᠠᠨ ᠢᠯᠡ ᠪᠣᠯᠭᠠᠬᠤ᠂ ᠦᠨᠡᠨ ᠠᠴᠠ ᠵᠥᠪ ᠢ ᠡᠷᠢᠬᠦ ᠪᠠᠷ ᠭᠤᠣᠯᠳᠠᠭᠤᠯᠵᠤ᠂ ᠶᠣᠰᠣᠨ ᠲᠡᠳᠦᠢ ᠥᠩᠭᠡᠷᠡᠭᠦᠯᠬᠦ᠂ ᠬᠡᠯᠪᠡᠷᠢ ᠶᠢ ᠬᠥᠭᠡᠭᠡᠴᠡᠯᠳᠦᠬᠦ ᠠᠴᠠ ᠵᠠᠶᠢᠯᠠᠰᠬᠢᠬᠦ ᠬᠡᠷᠡᠭᠲᠡᠢ︔ ᠵᠢᠱᠢᠶ᠎ᠡ ᠦᠵᠡᠭᠦᠯᠦᠨ ᠳᠠᠶᠢᠴᠢᠯᠠᠬᠤ ᠶᠢ ᠪᠠᠷᠢᠮᠲᠠᠯᠠᠵᠤ᠂ ︽ᠬᠤᠶᠠᠷ ᠢ ᠢᠯᠡ ᠪᠣᠯᠭᠠᠬᠤ︾ ᠠᠵᠢᠯᠯᠠᠭ᠎ᠠ ᠪᠠᠷ ᠳᠠᠮᠵᠢᠭᠤᠯᠤᠨ ᠴᠡᠭ ᠢᠶᠠᠷ ᠨᠡᠶᠢᠳᠡᠮ ᠢ ᠳᠠᠶᠢᠴᠢᠯᠠᠨ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠤᠶᠢᠯᠡᠳᠤᠯ ᠢ ᠪᠠᠳᠠᠷᠠᠭᠤᠯᠬᠤ ᠬᠡᠷᠡᠭᠲᠡᠶ︔ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠬᠤ ᠶᠢ ᠪᠠᠷᠢᠮᠲᠠᠯᠠᠵᠤ᠂ ︽ᠬᠤᠶᠠᠷ ᠢ ᠢᠯᠠ ᠪᠣᠯᠭᠠᠬᠤ︾ ᠠᠵᠢᠯᠯᠠᠭ᠎ᠠ ᠪᠠᠷ ᠰᠢᠯᠢᠳᠡᠭ ᠺᠠᠳ᠋ᠷ ᠢ ᠢᠯᠡᠷᠡᠭᠦᠯᠬᠦ᠂ ᠬᠥᠮᠦᠵᠢᠭᠦᠯᠬᠦ ᠪᠠ ᠰᠢᠯᠢᠨ ᠳᠡᠪᠰᠢᠭᠦᠯᠬᠦ ᠲᠠᠪᠴᠠᠩ ᠪᠠ ᠠᠴᠢᠶᠠᠯᠠᠪᠤᠷᠢ ᠪᠣᠯᠭᠠᠵᠤ᠂ ᠡᠯ᠎ᠡ ᠬᠦᠷᠢᠶᠡᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠠᠵᠢᠯ ᠬᠢᠵᠦ ᠦᠢᠯᠡᠰ ᠪᠤᠰᠬᠠᠬᠤ᠂ ᠡᠷᠡᠯᠬᠡᠭᠯᠡᠨ ᠲᠡᠮᠡᠴᠡᠬᠦ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠬᠤ ᠬᠡᠷᠡᠭᠲᠡᠢ᠃ ᠡᠭᠦᠨ ᠤ ᠵᠣᠷᠢᠯᠭ᠎ᠠ ᠨᠢ ︽ᠬᠤᠶᠠᠷ ᠢ ᠢᠯᠠ ᠪᠣᠯᠭᠠᠬᠤ︾ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠪᠦᠬᠦ ᠬᠤᠲᠠ ᠶᠢᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠢᠬᠦ᠂ ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠬᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠢᠲᠡᠭᠡᠯ ᠵᠣᠷᠢᠭ ᠢᠶᠠᠨ ᠴᠢᠩᠭᠠᠷᠠᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠭᠡᠯ ᠪᠠ ᠣᠨᠴᠠᠯᠢᠭ ᠲᠠᠢ ᠭᠢᠯᠠᠰ ᠴᠡᠭ ᠢ ᠢᠯᠡᠷᠡᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠨᠥᠯᠥᠭᠡᠯᠡᠬᠦ ᠬᠦᠴᠦᠨ ᠢ ᠥᠷᠭᠡᠳᠬᠡᠬᠦ ᠨᠠᠮ ᠣᠯᠠᠨ ᠲᠦᠮᠡᠨ ᠺᠠᠳ᠋ᠷ ᠣᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠤ᠂ ᠣᠯᠠᠨ ᠲᠦᠮᠡᠨ ᠤ ᠦᠨᠡᠯᠡᠯᠲᠡ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠣᠯᠤᠨ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠶᠢ ᠦᠨᠡᠨᠬᠦ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠨᠠᠮ ᠤᠨ ᠵᠣᠷᠢᠯᠲᠠ ᠶᠢ ᠤᠬᠠᠭᠤᠯᠬᠤ᠂ ᠨᠠᠮ ᠤᠨ ᠲᠣᠭᠲᠠᠭᠠᠯ ᠢ ᠲᠤᠤᠱᠯᠠᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠤᠳᠤᠷᠢᠳᠬᠤ᠂ ᠤᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠬᠤ᠂ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠪᠠᠲᠤ ᠴᠢᠩᠭ᠎ᠠ ᠳᠠᠶᠢᠴᠢᠨ ᠪᠠᠬᠢᠯᠡᠯᠲᠡ ᠪᠣᠯᠭᠠᠨ ᠪᠠᠶᠢᠭᠤᠯᠵᠤ᠂ ᠪᠦᠬᠦ ᠬᠤᠳᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠦᠨ᠎ᠡ ᠭᠡᠵᠠᠢ᠃     ᠰᠤᠷᠪᠤᠯᠵᠢᠯᠠᠭ᠎ᠠ ᠶᠢᠨ ᠳᠤᠮᠳᠠ᠂ ᠬᠡᠷᠬᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠤᠲᠠᠳᠠᠶᠢᠵᠢᠭᠤᠯᠬᠤ ᠲᠤᠬᠠᠢ᠂ ᠵᠣᠣ ᡁᠢ ᠶᠦᠩ ᠭᠤᠣᠯᠳᠠᠯᠭ᠎ᠠ ᠲᠠᠢ ᠪᠠᠷ ᠲᠠᠨᠢᠯᠴᠠᠭᠤᠯᠵᠤ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠵᠢᠯᠯᠠᠭ᠎ᠠ ᠶᠢᠨ ᠠᠭᠤᠯᠭ᠎ᠠ ᠶᠢ ᠨᠠᠷᠢᠯᠢᠬᠵᠢᠭᠤᠯᠬᠤ ᠪᠠᠷ ᠳᠠᠮᠵᠢᠭᠤᠯᠤᠨ᠂ ︽ᠬᠤᠶᠠᠷ ᠢ ᠢᠯᠡ ᠪᠣᠯᠭᠠᠬᠤ︾ ᠠᠵᠢᠯᠯᠠᠭ᠎ᠠ ᠳᠤ ︽ᠭᠤᠤᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ  ᠤᠶᠢᠯᠡᠴᠢᠯᠡᠬᠦ︾᠎ ᠶᠢ ᠪᠠᠷᠢᠮᠲᠠᠯᠠᠵᠤ᠂ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶᠎ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠬᠤ ᠰᠡᠳᠬᠢᠴᠡ ᠠᠷᠭ᠎ᠠ ᠬᠡᠮᠵᠢᠶ᠎ᠡ᠂ ᠠᠵᠢᠯ ᠤᠨ ᠦᠷ᠎ᠡ ᠪᠦᠲᠦᠮᠵᠢ᠂ ᠥᠪᠡᠷᠮᠢᠴᠡ ᠣᠨᠴᠠᠯᠢᠭ ᠲᠠᠢ ᠬᠢᠯᠠᠰ ᠴᠡᠭ ᠵᠢᠴᠢ ᠠᠷᠠᠳ ᠲᠦᠮᠡᠨ ᠳᠤ ᠤᠶᠢᠯᠡᠴᠢᠯᠡᠬᠦ᠂ ᠪᠣᠳᠠᠲᠠᠶ ᠠᠵᠢᠯ ᠬᠢᠬᠦ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠭᠦᠢᠴᠡᠤᠡ ᠢᠯᠡᠷᠡᠭᠦᠯᠵᠦ᠂ ᠠᠵᠢᠯᠯᠠᠭ᠎ᠠ ᠶᠢᠨ ᠬᠠᠷᠠᠯᠲᠠ ᠴᠢᠭᠯᠡᠯ ᠢ ᠲᠣᠳᠣᠷᠬᠠᠶ ᠪᠣᠯᠭᠠᠵᠤ᠂ ᠬᠠᠷᠢᠭᠤᠴᠠᠯᠭ᠎ᠠ ᠶᠢ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠲᠣᠳᠣᠷᠬᠠᠶ ᠲᠣᠭᠲᠠᠭᠠᠵᠠᠶ᠃     ᠳᠠᠷᠠᠭ᠎ᠠ ᠠᠯᠬᠤᠮ ᠳᠤ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠠᠵᠢᠯ ᠤᠨ ᠲᠤᠷᠰᠢᠯᠭ᠎ᠠ ᠪᠠᠨ ᠴᠠᠭ ᠲᠤᠬᠠᠶ ᠳᠤᠨᠢ ︽ᠬᠤᠶᠠᠷ ᠢ ᠢᠯᠡ ᠪᠣᠯᠭᠠᠬᠤ︾ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ︽ᠬᠤᠶᠠᠷ ᠢ ᠢᠯᠡ ᠪᠣᠯᠭᠠᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠬᠦ ᠲᠣᠭᠲᠠᠴᠠ ᠶᠢ ᠪᠠᠶᠢᠭᠤᠯᠤᠨ᠂ ᠦᠨᠳᠦᠰᠦᠨ ᠱᠠᠲᠤᠨ ᠤ ᠬᠦᠴᠢᠷᠳᠡᠯᠲᠡᠶ ᠤᠴᠢᠷ ᠶᠠᠪᠤᠳᠠᠯ᠂ ᠣᠯᠠᠨ ᠲᠦᠮᠡᠨ ᠤ ᠰᠡᠳᠬᠢᠯ ᠵᠣᠪᠠᠵᠤ ᠪᠠᠶᠢᠭ᠎ᠠ ᠤᠴᠢᠷ ᠶᠠᠪᠤᠳᠠᠯ ᠢ ᠦᠨᠡᠨ ᠬᠦ ᠰᠢᠢᠤᠡᠪᠤᠷᠢᠯᠡᠵᠤ᠂ ︽ᠬᠤᠶᠠᠷ ᠢ ᠢᠯᠡ ᠪᠣᠯᠭᠠᠬᠤ︾ ᠠᠵᠢᠯᠯᠠᠭ᠎ᠠ ᠶᠢᠨ ᠦᠷ᠎ᠡ ᠪᠦᠲᠦᠮᠵᠢ ᠶᠢ ᠬᠦᠴᠦᠷᠬᠡᠭ ᠶᠡᠭᠡ ᠠᠵᠢᠯ ᠤᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ᠃  
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号