ᠵᠠᠰᠠᠭ ᠤᠨ ᠣᠷᠳᠣᠨ ᠤ ᠠᠯᠪᠠᠨ ᠮᠡᠳᠡᠭᠡ 2021 ᠣᠨ ᠤ 4 ᠳ᠋ᠤᠭᠡᠷ ᠬᠤᠭᠤᠴᠠᠭ᠎ᠠ ︵ᠶᠡᠷᠣᠩᠬᠡᠢ 1 ᠳ᠋ᠤᠭᠡᠷ ᠬᠤᠭᠤᠴᠠᠭ᠎ᠠ ᠬᠤᠣᠰ ᠰᠠᠷ᠎ᠠ ᠶᠢᠨ ᠰᠡᠳᠭᠦᠯ︶
ᠨᠡᠶᠢᠲᠡᠯᠡᠭᠰᠡᠨ ᠴᠠᠭ᠄
2022/2/9
海区政府公报封面(4).jpg
ᠦᠬᠠᠶ ᠶᠢᠨ ᠨᠢᠩ ᠱᠧᠩ ᠴᠠᠬᠢᠯᠭᠠᠨ ᠬᠦᠴᠦᠨ ᠤ ᠨᠡᠭᠡᠭᠡᠨ ᠬᠥᠭᠵᠢᠭᠦᠯᠦᠯᠲᠡ ᠶᠢᠨ ᠺᠣᠮᠫᠠᠨᠢ ᠶᠢᠨ 50 ᠰᠠᠶ᠎ᠠ ᠸᠠᠲ ᠤᠨ ᠬᠡᠷᠡᠯ ᠸᠣᠯᠲ ᠤᠨ ᠰᠠᠭᠤᠷᠢᠨ ᠭᠠᠵᠠᠷ ᠤᠨ ᠲᠥᠷᠥᠯ ᠵᠤᠶᠢᠯ ᠤᠨ ᠳᠡᠩᠰᠡᠯᠡᠯᠲᠡ ᠵᠢᠴᠢ ᠭᠠᠵᠠᠷ ᠬᠡᠷᠡᠭᠯᠡᠭᠰᠡᠨ ᠪᠠᠶᠢᠳᠠᠯ ᠤᠨ ᠲᠤᠬᠠᠶ ᠲᠣᠳᠣᠷᠬᠠᠶᠢᠯᠠᠯᠲᠠ                                           ﹇2021﹈ 118 ᠳ᠋ᠤᠭᠠᠷ ᠲᠣᠭᠠᠲᠤ         ᠦᠬᠠᠶ ᠶᠢᠨ ᠨᠢᠩ ᠱᠧᠩ ᠴᠠᠬᠢᠯᠭᠠᠨ ᠬᠦᠴᠦᠨ ᠤ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠨᠡᠭᠡᠭᠡᠨ ᠬᠥᠭᠵᠢᠭᠦᠯᠦᠭᠰᠡᠨ ᠦᠬᠠᠶ ᠶᠢᠨ ᠨᠢᠩ ᠱᠧᠩ ᠴᠠᠬᠢᠯᠭᠠᠨ ᠬᠦᠴᠦᠨ ᠤ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ 50 ᠰᠠᠶ᠎ᠠ ᠸᠠᠲ ᠤᠨ ᠭᠡᠷᠡᠯ ᠸᠣᠯᠲ ᠤᠨ ᠰᠠᠭᠤᠷᠢᠨ ᠭᠠᠵᠠᠷ ᠤᠨ ᠲᠥᠷᠥᠯ ᠵᠦᠢᠯ ᠲᠣᠰ ᠲᠥᠷᠥᠯ ᠵᠤᠶᠢᠯ ᠢ 2017 ᠣᠨ ᠤ 1 ᠰᠠᠷ᠎ᠠ ᠶᠢᠨ 5᠎ ᠤ ᠡᠳᠦᠷ︽ᠦᠬᠠᠶ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠦᠬᠠᠶ ᠬᠤᠲᠠ ᠶᠢᠨ 2016 ᠣᠨ ᠤ ᠬᠡᠷᠡᠯ ᠴᠡᠨᠡᠭ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠭᠦᠢᠴᠡᠤᠡᠭᠡᠯ ᠲᠤᠭ᠎ᠠ ᠶᠢᠨ ᠬ᠊ ‍ᠤᠪᠢᠶᠠᠷᠢᠯᠠᠯᠲᠠ ᠶᠢᠨ ᠪᠠᠶᠢᠳᠠᠯ ᠤᠨ ᠲᠤᠬᠠᠶ ᠮᠡᠳᠡᠭᠳᠡᠯ︾ ︵ᠦᠬᠠᠶ ᠬᠥᠭᠵᠢᠭᠦᠯᠦᠯᠲᠡ ᠥᠭᠡᠷᠡᠴᠢᠯᠡᠯᠲᠡ ᠡᠨᠧᠷᠭᠢ ᠥᠰᠥᠭ ︹2017︺5 ᠳ᠋ᠤᠭᠠᠷ ᠲᠣᠭᠠᠲᠤ︶ ᠵᠢᠴᠢ 2017 ᠣᠨ ᠤ 3 ᠳ᠋ᠤᠭᠠᠷ ᠰᠠᠷ᠎ᠠ ᠶᠢᠨ 31᠎ ᠤ ᠡᠳᠦᠷ ︽ᠦᠬᠠᠶ ᠨᠢᠩ ᠱᠧᠩ ᠴᠠᠬᠢᠯᠭᠠᠨ ᠬᠦᠴᠦᠨ ᠤ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠶᠢᠨ 50 ᠰᠠᠶ᠎ᠠ ᠸᠠᠲ ᠤᠨ ᠬᠡᠷᠡᠯ ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠶ᠋ᠯ ᠢ ᠳᠠᠩᠰᠠᠯᠠᠬᠤ ᠲᠤᠬᠠᠶ ᠦᠬᠠᠶ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ︵ᠦᠬᠠᠶ ᠬᠥᠭᠵᠢᠭᠦᠯᠦᠯᠲᠡ ᠥᠭᠡᠷᠡᠴᠢᠯᠡᠯᠲᠡ ᠡᠨᠧᠷᠭᠢ ᠥᠰᠥᠭ ︹ 2017 ︺ 75 ᠳ᠋ᠤᠭᠠᠷ ᠲᠣᠭᠠᠲᠤ︶᠎ ᠢ ᠤᠯᠪᠠ᠃     ᠲᠣᠰ ᠲᠥᠷᠥᠯ ᠵᠤᠶᠢᠯ ᠤᠨ ᠳᠠᠷᠤᠯᠲᠠ ᠳᠡᠭᠡᠭᠰᠢᠯᠡᠭᠦᠯᠬᠦ ᠥᠷᠲᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠨᠢ ᠦᠬᠠᠶ ᠬᠤᠲᠠ ᠶᠢᠨ ᠬᠢᠯᠢ ᠶᠢᠨ ᠳᠣᠲᠣᠷ᠎ᠠ ᠪᠠᠶᠢᠳᠠᠭ᠂ ᠦᠬᠠᠶ ᠬᠤᠲᠠ ᠶᠢᠨ ᠬᠢᠯᠢ ᠶᠢᠨ ᠳᠣᠲᠣᠷᠠᠬᠢ ᠭᠠᠵᠠᠷ ᠰᠢᠷᠣᠶ ᠨᠢ ᠲᠣᠰ ᠲᠥᠷᠥᠯ ᠵᠦᠶ᠋ᠯ ᠤᠨ ᠬᠡᠷᠡᠯ ᠴᠡᠨᠡᠭ ᠤᠨ ᠣᠷᠣᠨ ᠤ ᠪᠥᠲᠥᠭᠡᠨ ᠪᠠᠶᠢᠭᠤᠯᠤᠯᠲᠠ ᠶᠢᠨ ᠬᠡᠷᠡᠭᠴᠡᠭᠡ ᠶᠢ ᠬᠠᠩᠭᠠᠵᠤ ᠳᠡᠶᠢᠯᠬᠦ ᠥᠬᠡᠶ ᠠᠴᠠ ᠪᠣᠯᠵᠣ᠂ ᠲᠣᠰ ᠺᠣᠮᠫᠠᠨᠢ ᠨᠢ ᠬᠥᠷᠰᠢ ᠵᠡᠷᠭᠡᠯᠡᠳᠡᠭᠡ ᠣᠷᠳᠣᠰ ᠬᠤᠲᠠ ᠶᠢᠨ ᠣᠲᠤᠭ ᠬᠤᠰᠢᠭᠤᠨ ᠤ ᠮᠧᠩ ᠰᠢ ᠪᠠᠯᠭᠠᠰᠤᠨ ᠤ ᠪᠠᠶᠠᠨᠦᠨᠲᠦᠷ ᠭᠠᠴᠠᠭ᠎ᠠ ᠵᠢᠴᠢ ᠮᠠᠯᠴᠢᠳ ᠲᠤ ᠭᠠᠵᠠᠷ ᠰᠢᠷᠣᠶ ᠲᠦᠷᠢᠶᠡᠰᠦᠯᠡᠨ ᠬᠡᠷᠡᠭᠯᠡᠭᠰᠡᠨ ᠪᠥᠭᠡᠳ ᠮᠠᠯᠴᠢᠨ ᠭᠠᠴᠠᠭ᠎ᠠ ᠳᠤ ᠨᠥᠬᠦᠪᠥᠷᠢ ᠮᠥᠩᠭᠦ ᠥᠭᠴᠦ᠂ ᠨᠡᠷᠡᠨ ᠡᠨᠧᠷᠭᠢ ᠶᠢᠨ ᠨᠢᠭᠤᠷ ᠤᠨ ᠬᠠᠪᠲᠠᠰᠤ ᠶᠢ ᠡᠵᠡᠯᠡᠨ ᠬᠡᠷᠡᠭᠯᠡᠭᠰᠡᠨ ᠪᠠᠶᠢᠨ᠎ᠠ᠃ ᠬᠡᠷᠪᠡ ᠣᠷᠳᠣᠰ ᠬᠤᠲᠠ ᠬᠡᠷᠡᠯ ᠴᠡᠨᠡᠭ ᠤᠨ ᠲᠣᠭᠤᠷᠢᠭ ᠤᠨ ᠭᠠᠵᠠᠷ ᠰᠢᠷᠣᠶ ᠳᠤ ᠬᠠᠮᠢᠶ᠎ᠠ ᠪᠥᠬᠦᠶ ᠬᠢᠨᠠᠨ ᠵᠥᠪᠰᠢᠶᠡᠷᠡᠭᠦᠯᠬᠦ ᠭᠠᠷᠳᠠᠮ ᠭᠦᠢᠴᠡᠤᠡᠭᠡᠬᠦ ᠪᠠᠷ ᠱᠠᠭᠠᠷᠳᠠᠭᠰᠠᠨ ᠪᠠᠶᠢᠪᠠᠯ᠂ ᠲᠣᠰ ᠺᠣᠮᠫᠠᠨᠢ ᠨᠢ ᠲᠤᠬᠠᠶ ᠶᠢᠨ ᠭᠠᠵᠠᠷ ᠤᠨ ᠱᠠᠭᠠᠷᠳᠠᠯᠭ᠎ᠠ ᠶᠣᠰᠣᠭᠠᠷ ᠬᠠᠮᠢᠶ᠎ᠠ ᠪᠥᠬᠦᠶ ᠭᠠᠷᠳᠠᠮ ᠢ ᠭᠦᠢᠴᠡᠤᠡᠭᠡᠬᠦ ᠬᠡᠷᠡᠭᠲᠡᠶ᠃         ᠡᠭᠦᠨ ᠤ ᠲᠤᠯᠠ ᠣᠨᠴᠠᠭᠠᠶᠢᠯᠠᠨ ᠲᠣᠳᠣᠷᠬᠠᠶᠢᠯᠠᠪᠠ᠃                                                                          2021 ᠣᠨ ᠤ 6 ᠰᠠᠷ᠎ᠠ ᠶᠢᠨ 25 ᠎ ᠤ ᠡᠳᠤᠷ                ᠴᠠᠬᠢᠯᠭᠠᠨ ᠬᠡᠷᠡᠭᠯᠡᠬᠦ ᠭᠠᠷᠳᠠᠮ ᠭᠦᠢᠴᠡᠳᠬᠡᠬᠦ ᠲᠤᠬᠠᠶ ᠵᠠᠬᠢᠳᠠᠯ                               ﹇2021﹈ 129 ᠳ᠋ᠦᠭᠡᠷ ᠲᠣᠭᠠᠲᠤ     ᠴᠡᠭᠡᠯ ᠠᠭᠤᠯᠠ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠳᠤ᠄     ᠬᠠᠶᠢᠷᠤᠪ ᠤᠨ ᠲᠤᠬᠤᠢ ᠲᠣᠭᠤᠷᠢᠭ ᠤᠨ ᠦᠵᠦᠮᠦ ᠶᠢᠨ ᠵᠠᠮ ᠪᠣᠯᠤᠨ ᠱᠤᠸᠠᠩ ᠶᠥᠩ ᠪᠠᠷᠠᠭᠤᠨ ᠵᠡᠭᠡᠯᠢ ᠶᠢᠨ ᠠᠭᠤᠯᠵᠠᠷ ︵2800 ᠲᠡᠭᠰᠢ ᠳᠥᠷᠪᠡᠯᠵᠢᠨ ᠮᠧᠲᠷ ᠲᠠᠯᠠᠪᠠᠢ ᠲᠠᠢ︶᠎ ᠤᠨ ᠭᠠᠵᠠᠷ ᠰᠢᠷᠣᠢ ᠨᠢ ᠮᠠᠨ ᠤ ᠲᠤᠭᠤᠷᠢᠭ ᠎ ᠤᠨ ᠤᠯᠤᠰ ᠤᠨ ᠬᠡᠷᠡᠭᠯᠡᠭᠡᠨ ᠤ ᠭᠠᠵᠠᠷ ᠲᠤ ᠬᠠᠷᠢᠶᠠᠯᠠᠭᠳᠠᠨ᠎ᠠ᠂ 2020 ᠣᠨ ᠤ 5 ᠰᠠᠷ᠎ᠠ ᠳᠤ ᠮᠠᠨ ᠤ ᠲᠤᠭᠤᠷᠢᠭ ᠎ ᠤᠨ ᠬᠥᠳᠡᠯᠮᠦᠷᠢ ᠦᠢᠯᠡᠴᠢᠯᠡᠭᠡᠨ ᠤ ᠵᠠᠬ᠎ᠠ ᠳᠡᠯᠭᠡᠭᠦᠷ ᠢ ᠪᠠᠶᠢᠭᠤᠯᠵᠤ ᠳᠠᠭᠤᠰᠬᠠᠨ᠎ᠠ᠂ ᠣᠳᠣᠬᠠᠨ ᠳᠤ ᠲᠤᠰ ᠵᠠᠬ᠎ᠠ ᠳᠡᠯᠭᠡᠭᠦᠷ ᠢ ᠬᠠᠶᠢᠷᠤᠪ ᠤᠨ ᠲᠤᠬᠤᠢ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠪᠴᠢᠶ᠎ᠠ ᠠᠴᠠ ᠬᠠᠷᠢᠭᠤᠴᠠᠨ ᠬᠠᠮᠢᠶᠠᠷᠤᠨ᠎ᠠ᠃ ᠵᠠᠬ᠎ᠠ ᠳᠡᠯᠭᠡᠭᠦᠷ ᠤᠨ ᠬᠡᠪ ᠤᠨ ᠡᠵᠡᠩᠨᠡᠯᠲᠡ ᠳᠤ ᠳᠥᠭᠦᠮ ᠦᠵᠡᠭᠦᠯᠬᠦ ᠶᠢᠨ ᠲᠥᠯᠥᠭᠡ᠂ ᠲᠠᠨ ᠤ ᠲᠣᠪᠴᠢᠶ᠎ᠠ ᠠᠴᠠ ᠴᠠᠬᠢᠯᠭᠠᠨ ᠬᠡᠷᠡᠭᠯᠡᠬᠦ ᠭᠠᠷ ᠭᠦᠢᠴᠡᠳᠬᠡᠯ ᠬᠢᠵᠦ ᠥᠭᠬᠦ ᠪᠣᠯᠪᠠᠤ᠃                                                           2021 ᠣᠨ ᠤ 7 ᠰᠠᠷ᠎ᠠ ᠶᠢᠨ 20 ᠎ ᠤ ᠡᠳᠤᠷᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠰᠡᠷᠡᠮᠵᠢ ᠶᠢᠨ ᠹᠢᠯᠢᠮ ᠤᠨ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠲᠤᠬᠠᠶ ᠬᠠᠷᠢᠭᠤ ᠵᠠᠬᠢᠳᠠᠯ            ﹇2021﹈ 62 ᠳ᠋ᠤᠭᠠᠷ ᠲᠣᠭᠠᠲᠤ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ᠄     ︽ᠮᠠᠨ ᠤ ᠬᠤᠲᠠ ᠶᠢᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠰᠡᠷᠡᠮᠵᠢ ᠶᠢᠨ ᠹᠢᠯᠢᠮ ᠤᠨ ᠲᠤᠰᠬᠠᠭᠰᠠᠨ ᠠᠰᠠᠭᠤᠳᠠᠯ ᠤᠨ ᠨᠢᠭᠡ ᠠᠴᠠ ᠵᠦᠶ᠋ᠴᠢᠯᠡᠵᠦ ᠭᠤᠷᠪᠠ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠲᠤᠬᠠᠶ ᠵᠠᠬᠢᠳᠠᠯ︾᠎ ᠢ ᠨᠢᠭᠡᠨᠲᠡ ᠣᠯᠵᠤ ᠣᠶᠢᠯᠠᠭᠠᠪᠠ᠃ ᠮᠠᠨ ᠤ  ᠲᠤᠭᠤᠷᠢᠭ ᠵᠦᠢᠯ ᠳᠠᠷᠠᠭᠠᠯᠠᠨ ᠬᠠᠷᠢᠴᠠᠭᠤᠯᠵᠤ᠂ ᠨᠠᠷᠢᠨ ᠬᠢᠨᠠᠮᠠᠭᠠᠶ ᠰᠤᠳᠤᠯᠤᠭᠠᠳ᠂ ᠢᠷᠡᠭᠦᠯᠦᠭᠰᠡᠨ ᠵᠠᠬᠢᠳᠠᠯ ᠳᠤ ᠵᠢᠭᠠᠵᠤ ᠭᠠᠷᠭᠠᠭᠰᠠᠨ ︽ᠬᠠᠲᠤᠨ ᠭᠤᠣᠯ ᠳᠠᠭᠠᠤ ᠶᠢᠨ ᠡᠯ᠎ᠡ ᠮᠤᠵᠢ ᠣᠷᠣᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠠᠯ᠎ᠠ ᠪᠠᠷ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ︾᠎ ᠢ ᠣᠯᠵᠤ ᠮᠡᠳᠡᠭᠰᠡᠨ ᠦᠭᠡᠶ᠃ ᠬᠤᠶᠢᠰᠢᠳᠠ ᠮᠠᠨ ᠤ ᠲᠤᠭᠤᠷᠢᠭ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨᠬᠦ ᠪᠠᠲᠤ ᠡᠭᠦᠷᠭᠡᠯᠡᠵᠦ᠂  ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠣᠶᠢᠯᠠᠭᠠᠯᠲᠠ ᠲᠠᠨᠢᠯᠲᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠡᠮᠬᠢ ᠵᠢᠷᠤᠮ ᠲᠠᠢ ᠪᠦᠲᠦᠮᠵᠢᠲᠡᠢ ᠠᠬᠢᠭᠤᠯᠵᠤ᠂ ᠡᠯ᠎ᠡ ᠵᠦᠢᠯ ᠤᠨ ᠠᠵᠢᠯ ᠢᠳᠡᠪᠬᠢᠲᠡᠢ ᠠᠬᠢᠴᠠ ᠲᠠᠢ  ᠪᠤᠯᠭᠠᠨ᠎ᠠ᠃                                                                                    2021 ᠣᠨ ᠤ 8 ᠰᠠᠷ᠎ᠠ ᠶᠢᠨ 3᠎ ᠤ ᠡᠳᠤᠷᠨᠠᠮ ᠤᠨ ᠰᠤᠷᠭᠠᠭᠤᠯᠢ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠬᠤ ᠲᠤᠬᠠᠶ ᠵᠠᠬᠢᠲᠡᠯ                                  ﹇2021﹈ 150 ᠳ᠋ᠤᠭᠠᠷ ᠲᠣᠭᠠᠲᠤ         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ       ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠰᠤᠷᠭᠠᠭᠤᠯᠢ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠲᠤᠬᠠᠢ ᠭᠤᠶᠤᠴᠢᠯᠠᠭᠰᠠᠨ ᠭᠠᠵᠠᠷ ᠰᠢᠷᠣᠢ ᠶᠢᠨ ᠶᠡᠷᠦᠩᠬᠡᠢ ᠬᠡᠪᠴᠢᠶ᠎ᠡ ᠨᠢ 0.1975 ᠾᠧᠺᠲ᠋ᠠᠷ᠂ ᠨᠡᠶᠢᠳᠡ ᠨᠢᠭᠡ ᠲᠦᠷᠦᠯ ᠵᠦᠢᠯ ᠪᠣᠯᠤᠨ᠎ᠠ᠃ ᠭᠠᠵᠠᠷ ᠰᠢᠷᠣᠶ ᠶᠢᠨ ᠠᠰᠢᠭᠯᠠᠯᠲᠠ ᠶᠢᠨ ᠣᠳᠣᠬᠢ ᠪᠠᠶᠢᠳᠠᠯ ᠪᠣᠯ᠄ ᠡᠯᠡᠰᠦᠷᠬᠡᠭ ᠭᠠᠵᠠᠷ 0.1975 ᠾᠧᠺᠲ᠋ᠠᠷ᠃      ᠮᠠᠨ ᠤ ᠲᠤᠭᠤᠷᠢᠭ᠄ ᠲᠣᠰ ᠲᠥᠷᠥᠯ ᠵᠤᠶᠢᠯ ᠤᠨ ᠬᠡᠷᠡᠭᠯᠡᠬᠦ ᠭᠠᠵᠠᠷ ᠤᠨ ᠪᠠᠶᠢᠷᠢᠰᠢᠭᠤᠯᠤᠯᠲᠠ ᠵᠢᠴᠢ ᠬᠡᠪᠴᠢᠶ᠎ᠡ ᠶᠢ ᠶᠠᠭ ᠰᠠᠶᠢᠬᠠᠨ ᠨᠠᠶᠢᠷᠠᠭᠤᠯᠤᠨ ᠵᠣᠬᠢᠶᠠᠵᠤ ᠪᠠᠶᠢᠭ᠎ᠠ ᠲᠥᠯᠥᠪᠵᠢᠭᠦᠯᠭᠡ ᠶᠢᠨ ᠬᠤᠭᠤᠴᠠᠭ᠎ᠠ ᠠᠴᠠ 2035 ᠣᠨ ᠬᠦᠷᠲᠡᠯᠡᠬᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠤᠨ᠎ᠠ ᠭᠡᠵᠦ ᠠᠮᠠᠯᠳᠠᠪᠠ᠃                                              2021 ᠣᠨ ᠤ 8 ᠰᠠᠷ᠎ᠠ ᠶᠢᠨ 31
政府公报内页(1).jpg
 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号