ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠬᠠᠤᠯᠢ ᠪᠠᠷ ᠵᠠᠰᠠᠬᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠢᠳᠡᠪᠬᠢᠲᠡᠶ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2022/3/10
      ᠪᠦᠬᠦ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠤᠯᠭ᠎ᠠ ︽ᠬᠤᠷᠢᠳᠤᠭᠠᠷ ᠶᠡᠭᠡ ᠬᠤᠷᠠᠯ ᠢ ᠤᠭᠲᠤᠵᠤ᠂ ᠬᠠᠤᠯᠢᠵᠢᠯ ᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ︾ ᠶᠡᠭᠡ ᠶᠠᠷᠢᠯᠴᠠᠭ᠎ᠠ ᠶᠢ ᠥᠷᠨᠢᠭᠦᠯᠦᠭᠰᠡᠨ ᠠᠴᠠ ᠨᠠᠰᠢ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠰᠢᠭᠦᠬᠦ  ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠳᠲᠡᠷ ᠲᠦᠷᠭᠡᠨ ᠪᠠᠶᠢᠷᠢᠯᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠢᠳᠡᠪᠬᠢᠲᠡᠢ ᠬᠤᠷᠢᠶᠠᠵᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠬᠦ ᠶᠢᠨ ᠬᠠᠮᠲᠤ ᠲᠡᠭᠦᠯᠳᠡᠷᠵᠢᠭᠦᠯᠵᠦ᠂ ᠬᠠᠤᠯᠢᠵᠢᠯ ᠤᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠪᠡ᠃      ᠤᠢᠢᠷ᠎ᠠ ᠳᠤ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠰᠢᠭᠦᠬᠦ  ᠬᠤᠷᠢᠶ᠎ᠠ ᠮᠠᠨ ᠤ ᠬᠤᠲᠠ ᠶᠢᠨ 7 ᠠᠵᠤ ᠠᠬᠤᠶᠢᠯᠠᠯ ᠤᠨ ᠲᠥᠯᠥᠭᠡᠯᠡᠭᠴᠢ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ ᠤᠷᠢᠵᠤ ᠶᠠᠷᠢᠯᠴᠠᠬᠤ ᠬᠤᠷᠠᠯ ᠬᠢᠵᠦ ᠰᠠᠨᠠᠯ ᠢᠶᠠᠨ ᠰᠣᠯᠢᠯᠴᠠᠭᠤᠯᠪᠠ᠃ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠪᠠ ᠡᠯ᠎ᠡ ᠲᠢᠩᠬᠢᠮ ᠲᠠᠰᠤᠭ ᠤᠨ ᠬᠠᠷᠢᠭᠤᠴᠠᠯᠭᠠᠲᠠᠨ ᠲᠤᠬᠠᠢ ᠶᠢᠨ ᠲᠠᠯᠠᠪᠠᠢ ᠳᠤ ᠠᠵᠤ ᠠᠬᠤᠶᠢᠯᠠᠯ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠠᠴᠠ ᠰᠢᠭᠦᠬᠦ ᠬᠤᠷᠢᠶᠠᠨ ᠤ ᠰᠢᠭᠦᠨ ᠭᠦᠢᠴᠡᠳᠬᠡᠬᠦ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠬᠤᠷᠢᠶᠠᠭᠰᠠᠨ ᠪᠥᠭᠡᠳ ᠡᠯ᠎ᠡ ᠠᠵᠤ ᠠᠬᠤᠶᠢᠯᠠᠯ ᠤᠨ ᠡᠵᠡᠩᠨᠡᠯᠲᠡ ᠶᠢᠨ ᠶᠠᠪᠤᠴᠠ ᠳᠤ ᠲᠣᠬᠢᠶᠠᠯᠳᠤᠭᠰᠠᠨ ᠬᠠᠤᠯᠢ ᠴᠠᠭᠠᠵᠠ ᠶᠢᠨ ᠠᠰᠠᠭᠤᠳᠠᠯ ᠳᠤ ᠴᠢᠭᠯᠡᠭᠦᠯᠦᠨ ᠨᠠᠷᠢᠨ ᠨᠢᠮᠪᠠᠢ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠲᠥᠭᠡᠷᠢᠭᠳᠡᠯ ᠲᠠᠢ ᠠᠰᠠᠭᠤᠳᠠᠯ ᠢ ᠲᠠᠶᠢᠯᠪᠤᠷᠢᠯᠠᠵᠠᠢ᠃      ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠪᠠᠰᠠ ᠲᠣᠰ ᠬᠤᠷᠢᠶᠠᠨ ᠤ ᠵᠠᠷᠭᠤ ᠶᠢᠨ  ᠤᠶᠢᠯᠡᠴᠢᠯᠡᠭᠡᠨ ᠤ ᠴᠣᠩᠬᠤ᠂ 12368 ᠤᠶᠢᠯᠡᠴᠢᠯᠡᠭᠡᠨ ᠤ ᠬᠠᠯᠠᠭᠤᠨ ᠤᠲᠠᠰᠤ᠂ ︽ᠪᠢᠴᠢᠯ ᠪᠦᠷᠭᠡ ︾ ᠵᠡᠷᠭᠡ ᠠᠷᠭ᠎ᠠ ᠵᠠᠮ ᠢᠶᠠᠷ ᠰᠠᠨᠠᠯ ᠰᠠᠨᠠᠭᠤᠯᠭ᠎ᠠ ᠶᠢ ᠬᠤᠷᠢᠶᠠᠨ ᠴᠤᠭᠯᠠᠭᠤᠯᠬᠤ ᠶᠢᠨ ᠬᠠᠮᠲᠤ ᠬᠤᠷᠢᠶᠠᠨ ᠣᠯᠤᠭᠰᠠᠨ ᠰᠠᠨᠠᠯ ᠰᠠᠨᠠᠭᠤᠯᠭ᠎ᠠ ᠶᠢ ᠦᠨᠳᠦᠰᠦᠯᠡᠨ᠂ ᠰᠢᠭᠦᠬᠦ ᠬᠤᠷᠢᠶᠠᠨ ᠤ ᠠᠵᠢᠯ ᠢ ᠪᠠᠶᠢᠴᠠᠭᠠᠨ ᠦᠵᠡᠵᠦ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠢᠳᠡᠪᠬᠢᠲᠡᠶ ᠪᠠᠷ ᠰᠢᠯᠢᠳᠡᠭᠵᠢᠭᠦᠯᠦᠨ᠎ᠡ᠃ ᠠᠵᠤ ᠠᠬᠤᠶᠢᠯᠠᠯ ᠤᠨ ᠬᠥᠭᠵᠢᠯᠲᠡ ᠶᠢ ᠨᠥᠯᠥᠭᠡᠯᠡᠬᠦ ᠬᠡᠷᠡᠭ ᠢ ᠤᠷᠢᠳ ᠢᠶᠠᠷ  ᠰᠢᠢᠤᠡᠪᠤᠷᠢᠯᠡᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠳᠤ ᠬᠠᠮᠤᠭ ᠤᠨ ᠶᠡᠭᠡ ᠬᠡᠮᠵᠢᠶ᠎ᠡ ᠪᠠᠷ ᠬᠦᠴᠦᠨ ᠨᠡᠮᠡᠷᠢᠯᠡᠵᠦ᠂ ︽ᠨᠢᠭᠡ ᠬᠡᠷᠡᠭ ᠢ ᠰᠢᠢᠤᠡᠪᠤᠷᠢᠯᠡᠵᠤ᠂ ᠨᠢᠭᠡ ᠲᠦᠷᠦᠯ ᠤᠨ ᠠᠰᠠᠭᠤᠳᠠᠯ ᠢ ᠰᠢᠢᠤᠡᠪᠤᠷᠢᠯᠡᠵᠤ᠂ ᠨᠢᠭᠡ ᠲᠠᠯ᠎ᠠ ᠶᠢᠨ ᠲᠦᠷᠢᠮ ᠢ ᠲᠡᠭᠦᠯᠳᠡᠷᠵᠢᠭᠦᠯᠬᠦ︾ ᠰᠠᠶᠢᠨ ᠦᠷ᠎ᠡ ᠪᠦᠲᠦᠮᠵᠢ ᠶᠢ ᠪᠡᠶᠡᠯᠡᠭᠦᠯᠦᠨ᠎ᠡ     ᠳᠠᠷᠠᠭ᠎ᠠ ᠠᠯᠬᠤᠮ ᠳᠤ᠂ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠰᠢᠭᠦᠬᠦ ᠬᠤᠷᠢᠶᠠᠨ ᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠢᠳᠡᠪᠬᠢᠲᠡᠢ ᠰᠢᠯᠢᠳᠡᠭᠵᠢᠭᠦᠯᠵᠦ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ᠂ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ︽ᠬᠤᠷᠢᠳᠤᠭᠠᠷ ᠶᠡᠭᠡ ᠬᠤᠷᠠᠯ ᠢ ᠤᠭᠲᠤᠬᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠵᠦ ᠪᠠᠲᠤᠯᠠᠬᠤ︾ ᠶᠡᠭᠡ ᠶᠠᠷᠢᠯᠴᠠᠭᠠᠨ ᠤ ᠠᠵᠢᠯᠯᠠᠭ᠎ᠠ ᠶᠢ ᠠᠮᠤᠷ ᠲᠦᠪᠰᠢᠨ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠲᠠᠢ ᠨᠢᠭᠲᠠ ᠤᠶᠠᠯᠳᠤᠭᠤᠯᠵᠤ᠂ ᠬᠠᠶᠢᠷᠤᠪ ᠤᠨ ᠲᠤᠬᠤᠢ  ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号