︽ᠡᠭᠦᠳᠡ ᠲᠣᠭᠰᠢᠬᠤ ᠠᠵᠢᠯᠯᠠᠭ᠎ᠠ︾ ᠲᠦᠮᠡᠨ ᠡᠷᠦᠬᠡ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2022/3/11
   ᠣᠳᠣᠬᠠᠨ ᠤ ᠪᠠᠶᠢᠩᠭᠤ ᠶᠢᠨ ᠴᠢᠨᠠᠷᠲᠠᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠠᠮᠲᠤᠷᠠᠭᠰᠠᠨ ᠬᠠᠷᠢᠶ᠎ᠠ ᠣᠷᠣᠨ ᠤ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ 3 ᠰᠠᠷ᠎ᠠ ᠶᠢᠨ 9᠎ ᠤ ᠡᠳᠦᠷ ᠠᠴᠠ ᠡᠬᠢᠯᠡᠨ ︽ᠡᠭᠦᠳᠡ ᠲᠣᠭᠰᠢᠬᠤ ᠠᠵᠢᠯᠯᠠᠭ᠎ᠠ︾᠎ ᠶᠢ ᠵᠢᠩᠬᠢᠨᠢ ᠪᠠᠷ ᠥᠷᠨᠢᠭᠦᠯᠵᠦ᠂ ᠠᠶᠤᠯ ᠲᠦᠭᠰᠢᠭᠦᠷᠢ ᠲᠠᠢ ᠬᠥᠮᠦᠰ ᠢ ᠵᠢᠭᠰᠠᠭᠠᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠶᠢ ᠨᠠᠶᠢᠳᠠᠪᠤᠷᠢᠵᠢᠭᠤᠯᠤᠨ᠂ ᠰᠠᠭᠤᠭᠠᠯᠢ ᠠᠷᠠᠳ ᠤᠨ ᠠᠮᠤᠷ ᠲᠦᠪᠰᠢᠨ ᠢ ᠪᠠᠲᠤᠯᠠᠪᠠ᠃     ᠬᠤᠲᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂  ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠢᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ︽ᠡᠭᠦᠳᠡ ᠲᠣᠭᠰᠢᠬᠤ ᠠᠵᠢᠯᠯᠠᠭ᠎ᠠ︾᠎ ᠶᠢᠨ ᠠᠵᠢᠯ ᠢ ᠪᠠᠶᠢᠷᠢᠯᠠᠭᠤᠯᠪᠠ᠃ ᠡᠭᠦᠨ ᠤ ᠬᠠᠮᠲᠤ᠂ ᠠᠷᠠᠳ ᠤᠨ ᠴᠠᠭᠳᠠᠭ᠎ᠠ ᠠᠴᠠ ᠬᠠᠷᠢᠶ᠎ᠠ ᠣᠷᠣᠨ ᠤ ᠳᠠᠭᠠᠭᠠᠴᠢᠯᠠᠨ ᠬᠤᠯᠪᠣᠭᠰᠠᠨ ᠨᠢᠭᠡᠴᠡ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠪᠠ ᠨᠡᠶᠢᠭᠡᠮ ᠲᠣᠭᠤᠷᠢᠭ ᠤᠨ ᠠᠵᠢᠯᠲᠠᠨ ᠳᠤ ᠲᠤᠰᠬᠠᠶ ᠰᠡᠳᠦᠪᠲᠦ ᠪᠣᠯᠪᠠᠰᠤᠷᠠᠭᠤᠯᠤᠯ ᠬᠢᠵᠦ᠂ ᠡᠯ᠎ᠡ ᠲᠥᠷᠥᠯ ᠤᠨ ᠬᠦᠰᠦᠨᠦᠭ ᠲᠠᠭᠯᠠᠬᠤ ᠠᠷᠭ᠎ᠠ ᠪᠠ ᠡᠷᠦᠬᠡ ᠳᠤ ᠣᠷᠣᠬᠤ ᠳᠤ ᠠᠩᠬᠠᠷᠬᠤ ᠵᠤᠶᠢᠯᠡᠰ ᠢ ᠴᠢᠬᠤᠯᠠᠴᠢᠯᠠᠪᠠ᠃
20220310095444353.png   
       ︽ᠡᠭᠦᠳᠡ ᠲᠣᠭᠰᠢᠬᠤ ᠠᠵᠢᠯᠯᠠᠭ᠎ᠠ︾᠎ ᠶᠢᠨ ᠠᠵᠢᠯᠯᠠᠬᠤ ᠳᠤᠭᠤᠶᠢᠯᠠᠩ ᠨᠢ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠪᠠᠶᠢᠳᠠᠯ ᠳᠣᠤᠷ᠎ᠠ᠂ ᠡᠭᠦᠳᠡ ᠲᠣᠭᠰᠢᠵᠤ ᠡᠷᠦᠬᠡ ᠳᠤ ᠣᠷᠣᠬᠤ ᠪᠠᠷ ᠳᠠᠮᠵᠢᠭᠤᠯᠤᠨ ᠬᠠᠷᠢᠶ᠎ᠠ ᠣᠷᠣᠨ ᠤ ᠬᠥᠮᠦᠰ ᠤᠨ ᠪᠠᠶᠢᠳᠠᠯ ᠢ ᠨᠢᠭᠡᠳ ᠨᠢᠭᠡ ᠪᠠᠷ ᠣᠶᠢᠯᠠᠭᠠᠬᠤ ᠪᠠ ᠵᠢᠭᠰᠠᠭᠠᠨ ᠪᠠᠶᠢᠴᠠᠭᠠᠵᠤ᠂ ᠮᠡᠳᠡᠭᠡ ᠵᠠᠩᠭᠢ ᠶᠢ ᠨᠢᠭᠡᠳ ᠨᠢᠭᠡ ᠪᠠᠷ ᠪᠦᠷᠢᠳᠬᠡᠨ᠂ ︽ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ︾ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠠᠭᠤᠭᠠᠯᠢ ᠠᠷᠠᠳ ᠲᠤ ᠴᠠᠭ ᠲᠤᠬᠠᠶ ᠳᠤᠨᠢ ᠸᠠᠺᠼᠢᠨ ᠤ ᠲᠠᠷᠢᠯᠭ᠎ᠠ ᠬᠢᠬᠦ ᠶᠢ ᠰᠠᠨᠠᠭᠤᠯᠵᠤ᠂ ︽ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠰᠠᠯᠬᠢ ᠢᠯᠡᠭᠦᠬᠡᠨ ᠨᠡᠪᠲᠡᠷᠡᠭᠦᠯᠬᠦ︾ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃
20220310095455624.png   
       ᠳᠠᠷᠠᠭᠠᠴᠢ ᠶᠢᠨ ᠠᠯᠬᠤᠮ ᠳᠤ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠢᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠦᠷᠭᠦᠯᠵᠢᠯᠡᠨ ᠪᠣᠳᠠᠲᠠᠢ ᠳᠤ ᠨᠠᠶᠢᠳᠠᠪᠤᠷᠢᠵᠢᠭᠤᠯᠵᠤ᠂ ︽ᠲᠤᠮᠤ ᠳ᠋ᠠᠶᠢᠲ᠋ᠠ ᠪᠠᠷ ᠬᠦᠷᠭᠡᠬᠦ + ᠲᠣᠣᠷᠵᠢᠭᠤᠯᠤᠨ ᠵᠢᠭᠰᠠᠭᠠᠨ ᠪᠠᠶᠢᠴᠠᠭᠠᠬᠤ︾᠎ ᠶᠢ ᠦᠨᠳᠦᠰᠦᠯᠡᠨ᠂ ᠥᠴᠦᠬᠡᠨ ᠴᠦ ᠰᠤᠯᠠᠷᠠᠭᠤᠯᠤᠯ ᠦᠭᠡᠢ ᠪᠠᠷ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠠᠳᠬᠤᠵᠤ ᠨᠠᠷᠢᠨ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠣᠷ ᠢ ᠪᠠᠲᠤ ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠪᠠᠲᠤ ᠪᠠᠬᠢ ᠰᠠᠭᠤᠷᠢ ᠲᠠᠯᠪᠢᠨ᠎ᠠ᠃
20220310095506593.png
20220310095514196.png
   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号