ᠹᠧᠩ ᠬᠤᠸᠠᠩ ᠯᠢᠩ ᠵᠡᠭᠡᠯᠢ ᠭᠤᠳᠤᠮᠵᠢ ᠳᠤ ᠳᠠᠬᠢᠯᠲᠠ ᠡᠬᠢ ᠪᠠᠶᠠᠯᠢᠭ ᠢ ᠪᠤᠴᠠᠭᠠᠨ ᠬᠤᠷᠢᠶᠠᠬᠤ ᠥᠷᠲᠡᠭᠡ ︵ᠴᠡᠭ︶᠎ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2022/3/11
      ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠶᠣᠰᠣᠭᠠᠷ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠲᠦᠷᠭᠡᠳᠬᠡᠨ ᠠᠬᠢᠭᠤᠯᠬᠤ ᠳᠤ ᠦᠷ᠎ᠡ ᠪᠦᠲᠦᠮᠵᠢ ᠤᠯᠬᠤ ᠶᠢᠨ ᠲᠥᠯᠥᠭᠡ᠂ ᠤᠢᠢᠷ᠎ᠠ ᠳᠤ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠢᠨ ᠬᠠᠶᠢᠷᠤᠪ ᠤᠨ ᠲᠤᠬᠤᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ᠂ ᠲᠣᠭᠤᠷᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠬᠢ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ᠲᠠᠢ ᠬᠠᠮᠲᠤᠷᠠᠨ ᠬᠠᠮᠲᠤᠷᠠᠭᠰᠠᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠠᠷᠢᠶ᠎ᠠ ᠣᠷᠣᠨ ᠤ ᠳᠠᠬᠢᠯᠲᠠ ᠡᠬᠢ ᠪᠠᠶᠠᠯᠢᠭ ᠢ ᠬᠤᠷᠢᠶᠠᠨ ᠠᠪᠬᠤ ᠦᠷᠳᠡᠭᠡ ︵ᠴᠡᠭ︶᠎ ᠶᠢ ᠪᠦᠬᠦ ᠲᠠᠯ᠎ᠠ ᠪᠠᠷ᠂ ᠲᠦᠢᠯᠪᠤᠷᠢᠲᠠᠢ ᠵᠢᠭᠰᠠᠭᠠᠨ ᠪᠠᠶᠢᠴᠠᠭᠠᠪᠠ᠃
20220310095028744.png
20220310095040306.png
           ᠬᠠᠮᠲᠤᠷᠠᠨ ᠰᠢᠪᠠᠳᠠᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠬᠠᠷᠢᠶ᠎ᠠ ᠣᠷᠣᠨ ᠤ ᠪᠠᠨ 12 ᠳᠠᠬᠢᠯᠲᠠ ᠡᠬᠢ ᠪᠠᠶᠠᠯᠢᠭ ᠤᠨ ᠪᠤᠴᠠᠭᠠᠨ ᠬᠤᠷᠢᠶᠠᠬᠤ ᠥᠷᠲᠡᠭᠡ ︵ᠴᠡᠭ︶᠎ ᠶᠢ ᠪᠦᠬᠦ ᠲᠠᠯ᠎ᠠ ᠪᠠᠷ ᠰᠢᠪᠠᠳᠠᠨ ᠪᠠᠶᠢᠴᠠᠭᠠᠵᠤ᠂ ᠭᠤᠣᠯᠳᠠᠭᠤ ᠣᠷᠴᠢᠨ ᠲᠣᠭᠤᠷᠢᠨ ᠤ ᠪᠤᠵᠠᠷ ᠰᠠᠮᠠᠭᠤᠨ ᠮᠠᠭᠤ᠂ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ᠂ ᠭᠠᠯ ᠰᠡᠷᠭᠡᠶᠢᠯᠡᠬᠦ ᠠᠮᠤᠷ ᠲᠦᠪᠰᠢᠨ ᠤ ᠠᠵᠢᠯ ᠵᠡᠷᠭᠡ ᠲᠠᠯ᠎ᠠ ᠪᠠᠷ ᠲᠤᠰᠬᠠᠶ ᠪᠠᠶᠢᠴᠠᠭᠠᠯᠲᠠ ᠬᠢᠵᠦ᠂  ᠦᠨᠡᠮᠯᠡᠯ ᠥᠬᠡᠶ ᠪᠠᠷ ᠡᠵᠡᠩᠨᠡᠭᠰᠡᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠳᠠᠩᠰᠠᠯᠠᠭᠤᠯᠤᠭᠰᠠᠨ ᠥᠬᠡᠶ᠂ ᠭᠠᠯ ᠤᠨᠲᠠᠷᠠᠭᠠᠬᠤ ᠳᠠᠯᠳᠠ ᠬᠡᠮ ᠣᠷᠣᠰᠢᠵᠤ ᠪᠠᠶᠢᠬᠤ᠂ ᠬᠤᠭ ᠨᠣᠪᠰᠢ ᠶᠢ ᠴᠠᠭ ᠲᠤᠬᠠᠶ ᠳᠤᠨᠢ ᠴᠡᠪᠡᠷᠯᠡᠨ ᠲᠡᠭᠡᠭᠡᠪᠦᠷᠢᠯᠡᠭᠰᠡᠨ ᠥᠬᠡᠶ ᠵᠡᠷᠭᠡ ᠠᠰᠠᠭᠤᠳᠠᠯ ᠳᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠵᠤ᠂ ᠪᠠᠶᠢᠴᠠᠭᠠᠨ  ᠰᠢᠢᠤᠡᠪᠤᠷᠢᠯᠡᠭᠰᠡᠨ ᠳᠠᠬᠢᠯᠲᠠ ᠡᠬᠢ ᠪᠠᠶᠠᠯᠢᠭ ᠢ ᠪᠤᠴᠠᠭᠠᠨ ᠬᠤᠷᠢᠶᠠᠬᠤ ᠥᠷᠲᠡᠭᠡ ︵ᠴᠡᠭ ︶᠎ ᠨᠤᠭᠤᠳ ᠡᠷᠬᠡᠪᠰᠢ ᠱᠠᠭᠠᠷᠳᠠᠯᠭ᠎ᠠ ᠶᠣᠰᠣᠭᠠᠷ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠬᠢᠵᠠᠭᠠᠷ ᠤᠨ ᠳᠣᠲᠣᠷ᠎ᠠ ᠵᠢᠷᠤᠮᠵᠢᠭᠤᠯᠤᠨ ᠴᠡᠭᠴᠡᠯᠡᠨ ᠵᠠᠰᠠᠬᠤ ᠶᠢ ᠪᠡᠶᠡᠯᠡᠭᠦᠯᠬᠦ ᠬᠡᠷᠡᠭᠲᠡᠶ᠃
20220310095050473.png
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号