ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠬᠠᠪᠤᠷ ᠤᠨ ᠤᠯᠠᠷᠢᠯ ᠤᠨ ᠰᠢᠨ᠎ᠡ ᠪᠠᠷ ᠳᠡᠯᠭᠡᠷᠡᠬᠦ ᠬᠢᠵᠢᠭ ᠤᠨ ᠪᠠᠶᠢᠳᠠᠯ ᠵᠢᠴᠢ ᠪᠠᠶᠢᠩᠭᠤ ᠲᠣᠬᠢᠶᠠᠯᠳᠤᠬᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠲᠤᠰᠬᠠᠢ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/14
      2022 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠪᠥᠭᠡᠳ ᠪᠣᠳᠠᠲᠠᠢ ᠪᠥᠭᠡᠳ ᠨᠠᠷᠢᠯᠢᠭ ᠰᠠᠶᠢᠲᠤᠷ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠬᠡᠪ ᠤᠨ ᠡᠮᠬᠢ ᠳᠢᠭᠯᠢᠮ ᠪᠣᠯᠤᠨ ᠠᠮᠤᠷ ᠲᠦᠪᠰᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠶᠢᠨ ᠲᠥᠯᠥᠭᠡ 3 ᠰᠠᠷ᠎ᠠ ᠶᠢᠨ 11᠎ ᠤ ᠦᠳᠡ ᠶᠢᠨ ᠡᠮᠦᠨ᠎ᠡ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠠᠪᠤᠷ ᠤᠨ ᠤᠯᠠᠷᠢᠯ ᠤᠨ ᠰᠢᠨ᠎ᠡ ᠪᠠᠷ ᠳᠡᠯᠭᠡᠷᠡᠬᠦ ᠬᠢᠵᠢᠭ ᠤᠨ ᠪᠠᠶᠢᠳᠠᠯ ᠵᠢᠴᠢ ᠪᠠᠶᠢᠩᠭᠤ ᠲᠣᠬᠢᠶᠠᠯᠳᠤᠬᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠲᠤᠰᠬᠠᠢ ᠬᠤᠷᠠᠯ ᠢ ᠬᠤᠷᠠᠯᠳᠤᠭᠤᠯᠪᠠ᠃
1646993540414093459.jpg     
      ᠬᠤᠷᠠᠯ ᠳᠡᠭᠡᠷ᠎ᠡ᠂ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠷᠧᠨ ᠫᠸᠢ ᠵᠢᠶᠦ᠋ᠨ ᠨᠥᠬᠦᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠷᠠᠯ ᠪᠠ  ᠲᠤᠭᠤᠷᠢᠭ ᠤᠨ ᠵᠢᠯᠣᠭᠤᠳᠬᠤ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠣᠶᠢᠷ᠎ᠠ ᠶᠢᠨ ᠬᠤᠭᠤᠴᠠᠭᠠᠨ ᠳᠤ ᠲᠣᠬᠢᠷᠠᠭᠤᠯᠤᠯᠲᠠ ᠬᠢᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢᠨ ᠲᠤᠬᠠᠶ ᠨᠠᠷᠢᠨ ᠲᠠᠶᠢᠯᠪᠤᠷᠢᠯᠠᠯᠲᠠ ᠬᠢᠵᠦ᠂ ᠣᠶᠢᠷ᠎ᠠ ᠶᠢᠨ ᠬᠤᠭᠤᠴᠠᠭᠠᠨ ᠤ ᠪᠦᠬᠦ ᠤᠯᠤᠰ ᠤᠨ ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠢ ᠵᠠᠳᠠᠯᠵᠤ᠂ ᠢᠯᠠᠩᠭᠤᠶ᠎ᠠ ᠣᠷᠴᠢᠮᠬᠠᠨ ᠳᠤ ᠭᠠᠷᠤᠭᠰᠠᠨ ᠭᠢᠷᠢᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠡᠭᠡᠳᠦ ᠰᠤᠷᠭᠠᠭᠤᠯᠢ᠂ ᠴᠢᠩᠳᠣᠤ ᠶᠢᠨ ᠯᠠᠶ ᠰᠢ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠠᠮᠲᠤ ᠪᠠᠷ ᠯᠡᠪᠡᠷᠡᠭᠰᠡᠨ ᠠᠴᠠ ᠡᠭᠦᠰᠦᠭᠰᠡᠨ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠳᠤ ᠴᠢᠭᠯᠡᠭᠦᠯᠦᠨ ᠴᠢᠬᠤᠯᠠ ᠰᠠᠨᠠᠭᠤᠯᠤᠮᠵᠢ ᠭᠠᠷᠭᠠᠵᠤ᠂ ᠬᠠᠶᠢᠷᠤᠪ ᠤᠨ ᠲᠤᠬᠤᠢ ᠲᠤᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠳᠠᠬᠢᠨ ᠲᠣᠬᠢᠷᠠᠭᠤᠯᠵᠤ ᠳᠠᠬᠢᠨ ᠪᠠᠶᠢᠷᠢᠯᠠᠭᠤᠯᠵᠠᠶ᠃ ᠬᠠᠪᠤᠷ ᠤᠨ ᠤᠯᠠᠷᠢᠯ ᠤᠨ ᠨᠦᠷᠦ᠋ ᠸᠢᠷᠦ᠋ᠰ᠂ ᠲᠦᠭᠦᠰᠢ ᠶᠢᠨ ᠪᠤᠯᠴᠢᠷᠬᠠᠢ ᠶᠢᠨ ᠦᠷᠪᠢᠰᠦᠯ ᠵᠡᠷᠭᠡ ᠬᠠᠯᠳᠠᠪᠤᠷᠢᠲᠤ ᠡᠪᠡᠳᠴᠢᠨ ᠤ ᠲᠤᠬᠠᠢ ᠴᠢᠬᠤᠯᠠ ᠪᠠᠶᠢᠷᠢᠯᠠᠭᠤᠯᠤᠯᠲᠠ ᠬᠢᠵᠦ᠂ ᠡᠪᠡᠳᠴᠢᠨ ᠠᠴᠠ ᠪᠤᠯᠵᠤ ᠠᠵᠢᠯ ᠠᠴᠠ ᠰᠠᠭᠠᠲᠠᠭᠰᠠᠨ ᠢ ᠨᠡᠬᠡᠮᠵᠢᠯᠡᠨ ᠪᠠᠶᠢᠴᠠᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠷᠢᠳᠴᠢᠯᠠᠨ ᠰᠠᠶᠢᠲᠤᠷ ᠬᠢᠵᠦ᠂ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠣᠨᠣᠰᠢᠯᠠᠬᠤ᠂ ᠡᠷᠲᠡ ᠡᠮᠨᠡᠨ ᠵᠠᠰᠠᠬᠤ ︽ᠲᠦᠷᠪᠡᠡ ᠡᠷᠲᠡ︾᠎ ᠶᠢᠨ ᠵᠠᠷᠴᠢᠮ ᠢ ᠪᠠᠷᠢᠮᠲᠠᠯᠠᠨ᠎ᠠ᠃ ᠪᠠᠭᠰᠢ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠮᠢᠨᠴᠦᠭᠦᠷᠡᠨ ᠲᠠᠶᠢᠪᠤᠰᠢᠷᠠᠬᠤ ᠦᠵᠡᠯ ᠰᠠᠨᠠᠭ᠎ᠠ᠂ ᠳᠠᠶᠢᠨ ᠳᠤ ᠳᠤᠷ᠎ᠠ ᠦᠭᠡᠶᠢᠴᠡᠬᠦ ᠪᠤᠳᠤᠯ᠂ ᠭᠤᠷᠢᠳᠠᠬᠤ ᠪᠤᠳᠤᠯ ᠢ ᠡᠷᠡᠰ ᠲᠡᠪᠴᠢᠬᠦ ᠬᠡᠷᠡᠭᠲᠡᠢ᠃    ᠲᠣᠰ ᠤᠳᠠᠭᠠᠨ ᠤ ᠬᠤᠷᠠᠯ ᠨᠢ ᠰᠤᠷᠭᠠᠭᠤᠯᠢ ᠶᠢᠨ ᠬᠢᠵᠢᠭ ᠤᠨ ᠪᠠᠶᠢᠳᠠᠯ ᠪᠠ ᠬᠠᠪᠤᠷ ᠤᠨ ᠤᠯᠠᠷᠢᠯ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ  ᠵᠤᠶᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠪᠠᠴᠢᠮ ᠪᠠᠶᠢᠳᠠᠯ ᠢ ᠠᠷᠭᠠᠴᠠᠨ  ᠰᠢᠢᠤᠡᠪᠤᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠡᠷ ᠤᠨ ᠠᠬᠠᠮᠠᠳ ᠪᠠ ᠰᠤᠷᠭᠠᠭᠤᠯᠢ ᠶᠢᠨ ᠨᠡᠶᠢᠯᠡᠮᠡᠯ ᠬᠦᠴᠦᠨ ᠢ  ᠭᠦᠢᠴᠡᠤᠡ ᠪᠠᠳᠠᠷᠠᠭᠤᠯᠤᠨ᠂ ᠰᠢᠨ᠎ᠡ ᠲᠢᠲᠢᠮᠲᠦ ᠠᠭᠤᠰᠬᠢᠨ ᠦᠷᠪᠢᠰᠦᠯ ᠪᠠ ᠪᠤᠰᠤᠳ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠶᠡᠭᠡ ᠪᠠᠷ ᠤᠬᠠᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠬᠠᠯᠬᠠᠪᠴᠢ ᠶᠢ ᠦᠨᠡᠨ ᠬᠦ ᠪᠠᠬᠢᠵᠢᠭᠦᠯᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号