ᠰᠦᠨ ᠬᠤᠤ᠄ ᠦᠵᠡᠭᠳᠡᠯ ᠤᠨ ᠳᠡᠰ ᠤᠨ ᠰᠣᠨᠢᠨ ᠮᠡᠳᠡᠭᠡᠨ ᠤ ᠪᠦᠲᠦᠭᠡᠭᠳᠡᠬᠦᠨ ᠢᠶᠠᠷ ᠬᠠᠶᠢᠷᠤᠪ ᠤᠨ ᠲᠤᠬᠤᠢ ᠶᠢᠨ ᠥᠪᠡᠷᠮᠢᠴᠡ ᠷᠢᠳᠢ ᠰᠢᠳᠢ ᠶᠢ ᠢᠯᠡᠷᠡᠭᠦᠯᠦᠨ᠎ᠡ
ᠨᠡᠶᠢᠲᠡᠯᠡᠭᠰᠡᠨ ᠴᠠᠭ᠄
2022/3/14
      3 ᠰᠠᠷ᠎ᠠ ᠶᠢᠨ 13᠎ ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠰᠦᠨ ᠬᠤᠤ ᠬᠠᠶᠢᠷᠤᠪ ᠤᠨ ᠲᠤᠬᠤᠢ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃
微信图片_20220314102828.jpg
           ᠪᠠᠶᠢᠴᠠᠭᠠᠨ ᠰᠤᠳᠤᠯᠤᠯᠲᠠ ᠶᠢᠨ ᠳᠤᠮᠳᠠ᠂ ᠰᠦᠨ ᠬᠤᠤ ᠨᠠᠷ ᠬᠠᠶᠢᠷᠤᠪ ᠤᠨ ᠲᠤᠬᠤᠢ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠰᠣᠨᠢᠨ ᠮᠡᠳᠡᠭᠡᠨ ᠤ ᠰᠤᠷᠪᠤᠯᠵᠢᠯᠠᠨ ᠨᠠᠶᠢᠷᠠᠭᠤᠯᠬᠤ ᠲᠣᠭᠤᠷᠢᠭ᠂ ᠵᠢᠯᠣᠭᠤᠳᠤᠨ ᠲᠤᠬᠢᠷᠠᠭᠤᠯᠬᠤ ᠲᠣᠭᠤᠷᠢᠭ᠂ ᠲᠣᠭᠯᠠᠯᠲᠠ ᠨᠡᠪᠲᠡᠷᠡᠭᠦᠯᠭᠡ ᠶᠢᠨ ᠲᠠᠰᠤᠭ ᠵᠡᠷᠭᠡ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢ ᠪᠠᠶᠢᠴᠠᠭᠠᠨ ᠦᠵᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ᠂ ᠰᠣᠨᠢᠨ ᠮᠡᠳᠡᠭᠡᠨ ᠤ ᠳᠠᠮᠵᠢᠭᠤᠯᠭ᠎ᠠ ᠶᠢᠨ ︽ᠲᠦᠷᠪᠡᠨ ᠬᠦᠴᠦᠨ︾᠎ ᠤ ᠪᠠᠶᠢᠳᠠᠯ ᠪᠣᠯᠤᠨ ︽ᠲᠦᠷᠪᠡᠨ ᠲᠥᠪ︾᠎ ᠢ ᠨᠡᠪᠲᠡᠷᠡᠭᠦᠯᠦᠭᠰᠡᠨ ᠪᠠᠶᠢᠳᠠᠯ ᠢ ᠨᠠᠷᠢᠨ ᠣᠶᠢᠯᠠᠭᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠪᠠ᠃
微信图片_20220314102833.jpg    
       ᠰᠦᠨ ᠬᠤᠤ᠂ ᠬᠠᠶᠢᠷᠤᠪ ᠤᠨ ᠲᠤᠬᠤᠢ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠨᠢ ᠣᠯᠤᠭᠰᠠᠨ ᠠᠮᠵᠢᠯᠲᠠ ᠶᠢᠨ ᠢᠶᠠᠨ ᠰᠠᠭᠤᠷᠢᠨ ᠳᠡᠭᠡᠷ᠎ᠡ᠂ ᠪᠦᠬᠦ ᠤᠯᠤᠰ ᠤᠨ ᠲᠡᠷᠢᠭᠦᠨ ᠤ ᠰᠢᠶᠠᠨ ᠤ ᠳᠡᠰ ᠤᠨ ᠬᠠᠮ ᠵᠠᠭᠤᠴᠢᠯᠠᠭᠤᠷ ᠤᠨ ᠲᠥᠪ ᠲᠠᠢ ᠬᠠᠷᠭᠤᠭᠤᠯᠵᠤ᠂ ᠬᠦᠯᠢᠶᠡᠨ ᠠᠪᠤᠭᠴᠢᠳ ᠢ ᠦᠬᠠᠢ ᠶᠢᠨ ᠡᠷᠬᠢᠨ ᠲᠣᠭᠤᠷᠢᠨ ᠤ ᠭᠠᠵᠠᠷ ᠣᠷᠣᠨ ᠳᠤ ᠪᠦᠷᠬᠦᠭᠦᠯᠵᠦ᠂ ᠵᠤᠭᠠᠴᠠᠯ ᠤᠨ ᠦᠢᠯᠡᠰ ᠢ ᠬᠥᠭᠵᠢᠭᠦᠯᠬᠦ ᠳᠤ ᠤᠬᠠᠭᠤᠯᠭ᠎ᠠ ᠶᠢ ᠰᠠᠶᠢᠲᠤᠷ ᠬᠢᠵᠦ᠂ ᠵᠠᠭᠤᠴᠢᠯᠠᠭᠤᠷ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ︔ ᠰᠢᠯᠢᠳᠡᠭ ᠳᠠᠮᠵᠢᠭᠤᠯᠭ᠎ᠠ ᠶᠢᠨ ᠪᠦᠲᠦᠭᠡᠭᠳᠡᠬᠦᠨ ᠳᠤ ᠰᠤᠳᠤᠯᠭᠠᠨ ᠬᠢᠵᠦ᠂ ᠦᠵᠡᠭᠳᠡᠯ ᠤᠨ ᠳᠡᠰ ᠤᠨ ᠰᠣᠨᠢᠨ ᠮᠡᠳᠡᠭᠡᠨ ᠤ ᠪᠦᠲᠦᠭᠡᠭᠳᠡᠬᠦᠨ ᠢ ᠪᠠᠶᠢᠩᠭᠤᠵᠢᠭᠤᠯᠵᠤ᠂ ᠬᠠᠶᠢᠷᠤᠪ ᠤᠨ ᠲᠤᠬᠤᠢ ᠶᠢᠨ ᠥᠪᠡᠷᠮᠢᠴᠡ ᠣᠨᠴᠠᠯᠢᠭ ᠲᠠᠢ ᠰᠣᠨᠢᠨ ᠮᠡᠳᠡᠭᠡᠨ ᠤ ᠪᠦᠲᠦᠭᠡᠭᠳᠡᠬᠦᠨ ᠢᠶᠠᠷ ᠳᠠᠮᠵᠢᠭᠤᠯᠵᠤ᠂ ᠨᠡᠶᠢᠭᠡᠮ ᠤᠨ ᠨᠡᠶᠢᠲᠡᠯᠢᠭ ᠴᠢᠨᠠᠷ ᠲᠠᠢ ᠦᠷᠳᠡᠭ ᠤᠨ ᠦᠵᠡᠯᠲᠡ᠂ ᠢᠳᠡᠪᠬᠢ ᠬᠦᠴᠦᠨ ᠢ ᠳᠠᠮᠵᠢᠭᠤᠯᠬᠤ ᠬᠡᠷᠡᠭᠲᠡᠢ︔ ᠬᠠᠶᠢᠷᠤᠪ ᠤᠨ ᠲᠤᠬᠤᠢ ᠶᠢᠨ ᠬᠤᠲᠠᠴᠢᠯᠠᠯᠲᠠ ᠶᠢᠨ ᠨᠤᠷᠮ᠎ᠠ ᠪᠠᠷ ᠥᠨᠳᠥᠷ᠂ ᠭᠠᠵᠠᠷ ᠤᠨ ᠲᠥᠷᠬᠦ ᠪᠠᠷ ᠥᠪᠡᠷᠮᠢᠴᠡ᠂ ᠠᠵᠤ ᠠᠬᠤᠢ ᠶᠢᠨ ᠬᠥᠭᠵᠢᠯᠲᠡ ᠶᠢᠨ ᠪᠦᠬᠦ ᠣᠷᠣᠨ ᠪᠦᠰᠡ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠪᠠ ᠪᠣᠬᠢᠷᠲᠤᠯ ᠦᠭᠡᠢ ᠠᠮᠢᠳᠤᠷᠠᠯ ᠢ ᠳᠠᠮᠵᠢᠭᠤᠯᠬᠤ ᠵᠡᠷᠭᠡ ᠲᠠᠯ᠎ᠠ ᠠᠴᠠ ᠬᠠᠶᠢᠷᠤᠪ ᠤᠨ ᠲᠤᠬᠤᠢ ᠶᠢᠨ ᠦᠯᠢᠭᠡᠷ ᠢ ᠰᠠᠶᠢᠲᠤᠷ ᠶᠠᠷᠢᠵᠤ᠂ ᠰᠣᠨᠢᠨ ᠮᠡᠳᠡᠭᠡᠨ ᠤ ᠪᠦᠲᠦᠭᠡᠭᠳᠡᠬᠦᠨ ᠢᠶᠠᠷ ᠬᠠᠶᠢᠷᠤᠪ ᠤᠨ ᠲᠤᠬᠤᠢ ᠶᠢᠨ ᠥᠪᠡᠷᠮᠢᠴᠡ ᠷᠢᠳᠢ ᠰᠢᠳᠢ ᠶᠢ ᠢᠯᠡᠷᠡᠭᠦᠯᠬᠦ ᠬᠡᠷᠡᠭᠲᠡᠢ︔ ᠠᠷᠠᠳ ᠤᠯᠠᠨ᠂ ᠠᠵᠤ ᠠᠬᠤᠶᠢᠯᠠᠯᠲᠠᠨ ᠤ ᠬᠠᠮ ᠵᠠᠭᠤᠴᠢᠯᠠᠭᠤᠷ ᠤᠨ ᠪᠦᠲᠦᠭᠡᠭᠳᠡᠬᠦᠨ ᠤ ᠲᠤᠬᠠᠢ ᠠᠩᠬᠠᠷᠤᠯ ᠤᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠡᠳᠡᠨ ᠳᠤ ᠬᠠᠶᠢᠷᠤᠪ ᠤᠨ ᠲᠤᠬᠤᠢ ᠢ ᠨᠡᠩ ᠰᠠᠶᠢᠲᠤᠷ ᠣᠶᠢᠯᠠᠭᠠᠭᠤᠯᠵᠤ᠂ ᠣᠳᠣᠬᠢᠴᠢᠯᠠᠭᠰᠠᠨ ᠬᠠᠶᠢᠷᠤᠪ ᠤᠨ ᠲᠤᠬᠤᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ ᠬᠡᠷᠡᠭᠲᠡᠢ ᠭᠡᠵᠤ ᠱᠠᠭᠠᠷᠳᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号