ᠰᠦᠨ ᠬᠤᠤ᠄ ᠡᠬᠡ ᠲᠠᠩᠰᠠ ᠶᠢᠨ ᠬᠡᠯᠪᠡᠷᠢ ᠪᠠᠷ ᠬᠠᠮᠢᠶᠠᠷᠴᠤ᠂ ᠨᠠᠷᠢᠨ ᠲᠠᠩᠰᠠᠴᠢᠯᠠᠨ ᠲᠤᠬᠢᠷᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ
ᠨᠡᠶᠢᠲᠡᠯᠡᠭᠰᠡᠨ ᠴᠠᠭ᠄
2022/3/14
      ᠤᠢᠢᠷ᠎ᠠ ᠶᠢᠨ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2022 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ᠃
微信图片_20220314104714.jpg    
      ᠬᠤᠷᠠᠯ ᠠᠴᠠ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ︽ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ︾᠎ ᠶᠢ ᠭᠦᠨᠵᠡᠭᠡᠢ ᠰᠤᠷᠤᠯᠴᠠᠪᠠ᠃ ᠰᠢ ᠶᠢᠨ ᠫᠢᠩ  ᠶᠡᠷᠦᠩᠬᠡᠢ ᠱᠦᠵᠢ ᠶᠢᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠶᠢᠨ ᠲᠣᠭᠤᠷᠢᠨ ᠳᠤ᠂ ᠬᠠᠶᠢᠷᠤᠪ ᠤᠨ ᠲᠤᠬᠤᠢ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠰᠡᠳᠬᠢᠴᠡ ᠲᠠᠢ ᠤᠶᠠᠯᠳᠤᠭᠤᠯᠵᠤ᠂ ᠲᠤᠰᠬᠠᠢ ᠰᠡᠳᠦᠪᠲᠦ ᠰᠤᠳᠤᠯᠤᠨ ᠶᠠᠷᠢᠯᠴᠠᠭ᠎ᠠ ᠰᠣᠯᠢᠯᠴᠠᠭ᠎ᠠ ᠶᠢ ᠥᠷᠨᠢᠭᠦᠯᠪᠡ᠃
微信图片_20220314104719.jpg   
      ᠰᠦᠨ ᠬᠤᠤ᠂ ᠪᠦᠬᠦ ᠲᠤᠬᠤᠷᠢᠭ ᠢᠶᠠᠷ ᠢᠶᠠᠨ ᠶᠠᠷᠢᠶᠠᠨ ᠤ ᠵᠣᠷᠢᠭ ᠰᠠᠨᠠᠭᠠᠨ ᠤ ᠮᠥᠨ ᠴᠢᠨᠠᠷ ᠢ ᠨᠠᠷᠢᠨ ᠬᠢᠨᠠᠮᠠᠭᠠᠢ ᠰᠤᠷᠤᠯᠴᠠᠵᠤ᠂ ᠭᠦᠨᠵᠡᠭᠡᠢ ᠣᠶᠢᠯᠠᠭᠠᠵᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠬᠦ ᠬᠡᠷᠡᠭᠲᠡᠢ︔ ︽ᠲᠦᠷᠪᠡᠨ ᠤᠰᠤ ᠪᠠᠷ ᠲᠦᠷᠪᠡ ᠶᠢ ᠲᠣᠭᠲᠠᠭᠠᠬᠤ︾ ᠬᠠᠲᠠᠭᠤ ᠬᠢᠵᠠᠭᠠᠷᠯᠠᠯ ᠢ ᠦᠷᠭᠦᠯᠵᠢᠯᠡᠨ ᠴᠢᠩᠭᠠᠳᠬᠠᠵᠤ᠂ ᠤᠰᠤᠨ ᠤ ᠡᠬᠢ ᠪᠠᠶᠠᠯᠢᠭ ᠤᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠣᠯᠤᠨ ᠬᠦᠴᠦᠯᠡᠴᠡ ᠶᠢᠨ ᠬᠤᠣᠰ ᠬᠢᠵᠠᠭᠠᠷᠯᠠᠯ ᠢ ᠡᠷᠡᠰ ᠨᠠᠶᠢᠳᠠᠪᠤᠷᠢᠵᠢᠭᠤᠯᠵᠤ᠂ ᠤᠰᠤ ᠶᠢ ᠭᠦᠨ ᠠᠷᠪᠢᠯᠠᠵᠤ ᠤᠰᠤ ᠶᠢ ᠬᠢᠵᠠᠭᠠᠷᠯᠠᠬᠤ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠠᠬᠢᠭᠤᠯᠵᠤ᠂ ︽ᠭᠤᠣᠯ ᠮᠥᠷᠡᠨ ᠤ ᠳᠠᠷᠤᠭ᠎ᠠ ᠶᠢᠨ ᠲᠦᠷᠢᠮ︾᠎ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠰᠠᠮᠠᠭᠤᠨ ᠶᠢ ᠠᠷᠢᠯᠭᠠᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠢ︔ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠬᠦᠴᠦᠯᠡᠨ ᠰᠠᠶᠢᠲᠤᠷ ᠠᠳᠬᠤᠵᠤ᠂ ᠡᠬᠡ ᠲᠠᠩᠰᠠ ᠶᠢᠨ ᠬᠡᠯᠪᠡᠷᠢ ᠪᠠᠷ ᠬᠠᠮᠢᠶᠠᠷᠬᠤ᠂ ᠨᠠᠷᠢᠨ ᠲᠠᠩᠰᠠᠴᠢᠯᠠᠨ ᠲᠤᠬᠢᠷᠠᠭᠤᠯᠬᠤ ᠶᠢ ᠪᠠᠷᠢᠮᠲᠠᠯᠠᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠵᠠᠰᠠᠬᠤ ᠶᠢ ᠦᠨᠡᠨᠬᠦ ᠰᠠᠶᠢᠲᠤᠷ ᠠᠳᠬᠤᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ  ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ︔ ᠬᠠᠲᠤᠨ ᠭᠤᠤᠯ ᠤᠨ ᠰᠣᠶᠣᠯ ᠤᠨ ᠴᠠᠭ ᠦᠶ᠎ᠡ ᠶᠢᠨ ᠦᠨ᠎ᠡ ᠥᠷᠲᠡᠭ ᠢ ᠭᠦᠨᠵᠡᠭᠡᠶ ᠠᠭᠤᠳᠠᠯᠵᠤ᠂ ᠡᠵᠢ ᠭᠤᠤᠯ ᠤᠨ ᠪᠡᠶ᠎ᠡ ᠶᠢᠨ ᠲᠠᠮᠢᠷ ᠤᠨ ᠰᠣᠶᠣᠯ᠂ ᠠᠮᠢ ᠠᠬᠤᠶ ᠶᠢᠨ ᠰᠣᠶᠣᠯ᠂ ᠲᠡᠤᠬᠡ ᠰᠣᠶᠣᠯ᠂ ᠢᠳᠡᠭᠡᠨ ᠤᠮᠳᠠᠭᠠᠨ ᠤ ᠰᠣᠶᠣᠯ ᠵᠡᠷᠭᠡ ᠤᠨᠴᠠᠯᠢᠬᠳᠤ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ᠂ ᠡᠵᠢ ᠭᠤᠤᠯ ᠤᠨ ᠷᠢᠳᠢ ᠰᠢᠳᠢ ᠶᠢ ᠪᠥᠬᠦ ᠲᠠᠯ᠎ᠠ ᠪᠠᠷ ᠢᠯᠡᠷᠡᠭᠦᠯᠬᠦ ᠬᠡᠷᠡᠭᠲᠡᠶ ᠭᠡᠵᠤ ᠱᠠᠭᠠᠷᠳᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号