ᠪᠦᠬᠦ ᠬᠤᠳᠠ ᠶᠢᠨ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠭ᠎ᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/3/14
      3 ᠰᠠᠷ᠎ᠠ ᠶᠢᠨ 11᠎ ᠤ ᠡᠳᠦᠷ᠂ ᠪᠥᠬᠦ ᠬᠤᠲᠠ ᠶᠢᠨ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠤ᠂ ᠪᠥᠬᠦ ᠬᠤᠲᠠ ᠶᠢᠨ 1 — 2 ᠰᠠᠷ᠎ᠠ ᠶᠢᠨ ᠠᠵᠤ ᠠᠬᠤᠶ ᠶᠢᠨ ᠠᠵᠢᠯᠯᠠᠭᠠᠨ ᠪᠠ ᠨᠢᠭᠡᠳᠦᠭᠡᠷ ᠤᠯᠠᠷᠢᠯ ᠤᠨ ᠭᠤᠤᠯ ᠪᠣᠯᠬᠤ ᠠᠵᠤ ᠠᠬᠤᠶ ᠶᠢᠨ ᠬᠦᠢᠴᠡᠳᠬᠡᠯ ᠲᠤᠭᠠᠨ ᠤ ᠵᠢᠱᠢᠯᠳᠡ ᠶᠢ ᠪᠡᠶᠡᠯᠡᠭᠦᠯᠦᠭᠰᠡᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠳᠤ ᠵᠠᠳᠠᠯᠤᠯᠲᠠ ᠬᠢᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠢᠶᠠ ᠴᠢᠩ ᠳ᠋ᠦᠩ ᠬᠤᠷᠠᠯ ᠡᠷᠭᠢᠯᠡᠪᠡ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ᠂ ᠬᠤᠤ ᠰᠢ ᠬᠤᠩ᠂ ᠴᠢᠶᠣᠤ ᠢᠦᠶ᠂ ᠭᠦᠸᠧ ᠢ ᠵᠢᠶᠧ᠂ ᠸᠠᠩ ᠵᠢᠶ ᠫᠢᠩ ᠬᠤᠷᠠᠯ ᠳᠤ ᠣᠷᠣᠯᠴᠠᠵᠠᠶ᠃      ᠲᠠᠩ ᠢ ᠵᠢᠭᠠᠵᠤ ᠭᠠᠷᠭᠠᠭᠰᠠᠨ ᠨᠢ᠂ ᠡᠨᠡ ᠵᠢᠯ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ ᠪᠣᠯᠤᠨ᠎ᠠ᠂ ᠡᠨᠡ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠪᠣᠯ ᠠᠵᠤ ᠠᠬᠤᠢ ᠶᠢᠨ ᠲᠠᠯ᠎ᠠ ᠠᠴᠠ ᠠᠪᠴᠤ ᠦᠵᠡᠪᠡᠯ᠂ ᠮᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠤᠨ᠎ᠠ᠂ ᠤᠯᠤᠰ ᠲᠦᠷᠦ ᠶᠢᠨ ᠲᠠᠯ᠎ᠠ ᠠᠴᠠ ᠠᠪᠴᠤ ᠦᠵᠡᠪᠡᠯ᠂ ᠪᠢᠳᠡ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠳᠤ ᠪᠡᠯᠡᠭ ᠡᠷᠭᠦᠵᠦ ᠪᠠᠶᠢᠭ᠎ᠠ ᠶᠠᠪᠤᠳᠠᠯ ᠪᠣᠯᠤᠨ᠎ᠠ᠂ ᠡᠨᠡ ᠨᠢ ᠶᠡᠷᠦ ᠪᠤᠰᠤ ᠶᠢᠨ ᠠᠴᠢ ᠬᠤᠯᠪᠣᠭᠳᠠᠯ ᠲᠠᠢ ᠶᠤᠮ᠃ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠢᠲᠡᠭᠡᠯ ᠵᠣᠷᠢᠭ ᠢᠶᠠᠨ ᠪᠠᠲᠤᠳᠬᠠᠨ᠂ ᠬᠠᠷᠠᠯᠲᠠ ᠪᠠᠨ ᠪᠠᠲᠤ ᠪᠠᠷᠢᠮᠲᠠᠯᠠᠵᠤ ᠠᠵᠢᠯᠯᠠᠭᠠᠨ ᠢ ᠠᠳᠬᠤᠵᠤ᠂ ᠡᠷᠴᠢ ᠵᠣᠷᠢᠭ᠂ ᠭᠠᠪᠰᠢᠭᠠᠶᠢᠯᠠᠬᠤ ᠵᠣᠷᠢᠭ᠂ ᠮᠡᠷᠡᠶᠢᠨ ᠴᠢᠷᠮᠠᠶᠢᠬᠤ ᠵᠣᠷᠢᠭ ᠭᠠᠷᠭᠠᠵᠤ᠂ ᠦᠨᠡᠨᠬᠦ ︽ᠦᠨᠳᠦᠷ ᠭᠠᠷᠤᠭ᠎ᠠ ᠲᠡᠭᠡᠷ᠎ᠡ ᠵᠤᠭᠰᠣᠬᠤ︾ ᠪᠠᠶᠢᠳᠠᠯ ᠢᠶᠠᠷ ᠠᠯᠢᠪᠠ ᠬᠦᠴᠢᠷ ᠪᠡᠷᠬᠡᠰᠢᠶᠡᠯ ᠢ ᠠᠷᠢᠯᠭᠠᠵᠤ᠂ ᠠᠵᠤ ᠠᠬᠤᠶ ᠶᠢᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠣᠭᠲᠠᠭᠰᠠᠨ ᠬᠠᠷᠠᠯᠲᠠ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠶ ᠭᠡᠵᠡᠢ᠃      ᠲᠠᠩ ᠢ ᠴᠢᠬᠤᠯᠠᠴᠢᠯᠠᠭᠰᠠᠨ ᠨᠢ᠂ ᠲᠥᠷᠥᠯ ᠵᠦᠢᠯ ᠢ ᠬᠦᠴᠦ ᠣᠷᠣᠭᠤᠯᠤᠨ ᠠᠳᠬᠤᠵᠤ᠂ ᠬᠡᠪᠰᠢᠭᠰᠡᠨ ᠰᠡᠳᠬᠢᠬᠦᠢ ᠪᠠᠨ ᠡᠪᠳᠡᠵᠦ᠂ ︽ᠪᠡᠯᠡᠳᠬᠡᠭᠰᠡᠨ ᠲᠦᠷᠦᠯ ᠵᠦᠢᠯ ᠢ ᠠᠵᠢᠯ ᠡᠬᠢᠯᠡᠭᠦᠯᠬᠦ ᠪᠠᠷ ᠠᠳᠬᠤᠬᠤ᠂ ᠪᠠᠶᠢᠭᠤᠯᠵᠤ ᠪᠠᠶᠢᠭ᠎ᠠ ᠲᠦᠷᠦᠯ ᠵᠦᠢᠯ ᠢ ᠠᠰᠢᠭᠯᠠᠯᠲᠠ ᠳᠤ ᠣᠷᠣᠭᠤᠯᠬᠤ ᠪᠠᠷ ᠠᠳᠬᠤᠬᠤ᠂ ᠠᠰᠢᠭᠯᠠᠯᠲᠠ ᠳᠤ ᠤᠷᠤᠭᠰᠠᠨ ᠲᠦᠷᠦᠯ ᠵᠦᠢᠯ ᠢ ᠦᠢᠯᠡᠳᠪᠦᠷᠢᠯᠡᠯ ᠳᠤ ᠣᠷᠣᠭᠤᠯᠬᠤ ᠪᠠᠷ ᠠᠳᠬᠤᠬᠤ︾ ᠰᠡᠳᠬᠢᠴᠡ ᠪᠠᠷ᠂ ᠪᠠᠷᠢᠯᠭ᠎ᠠ ᠶᠢᠨ ᠬᠤᠭᠤᠴᠠᠭ᠎ᠠ ᠪᠠᠨ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠭᠠᠨ ᠬᠢᠵᠦ᠂ ᠡᠯ᠎ᠡ ᠱᠠᠲᠤᠨ ᠤ ᠳᠠᠭᠠᠭᠠᠴᠢᠯᠠᠨ ᠬᠤᠯᠪᠣᠭᠠᠯᠠᠬᠤ ᠤᠳᠤᠷᠢᠳᠬᠤ ᠺᠠᠳ᠋ᠷ ᠪᠣᠯᠤᠨ ᠲᠦᠷᠦᠯ ᠵᠦᠢᠯ ᠤᠨ ᠲᠤᠰᠬᠠᠢ ᠪᠠᠭ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠠᠵᠢᠯᠯᠠᠭᠠᠨ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠬᠢᠵᠠᠭᠠᠷᠯᠠᠵᠤ ᠪᠠᠶᠢᠭ᠎ᠠ ᠬᠦᠴᠢᠷ ᠲᠦᠪᠡᠭᠲᠡᠢ ᠠᠰᠠᠭᠤᠳᠠᠯ ᠢ ᠪᠦᠬᠦ ᠬᠦᠴᠦᠨ ᠢᠶᠠᠷ ᠢᠶᠠᠨ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ︽ᠤᠷᠤᠭᠰᠢᠯᠠᠯᠲᠠ︾᠎ ᠪᠠᠷ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ︽ᠲᠣᠭᠲᠠᠭᠤᠨ︾ ᠪᠠᠶᠢᠬᠤ ᠶᠢ ᠪᠠᠲᠤᠯᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠬᠦ ᠶᠢ ᠤᠨᠢᠨ ᠳᠡᠭᠡᠷ᠎ᠡ ᠨᠢ ᠡᠷᠴᠢᠮᠲᠡᠢ ᠠᠳᠬᠤᠵᠤ᠂ ︽ᠠᠷᠪᠠᠨ ᠬᠤᠷᠤᠭᠤ ᠪᠠᠷ ᠬᠥᠭᠵᠢᠮ ᠴᠢᠪᠬᠠᠳᠠᠬᠤ ︾᠎ ᠳᠠᠭᠠᠨ ᠴᠢᠳᠠᠮᠠᠭᠠᠢ ᠪᠠᠶᠢᠵᠤ᠂ ᠠᠶᠢᠵᠠᠮ ᠴᠣᠬᠢᠯᠭ᠎ᠠ ᠲᠠᠢ᠂ ᠠᠯᠬᠤᠮ ᠳᠠᠷᠠᠭ᠎ᠠ ᠲᠠᠢ ᠪᠠᠷ ᠨᠠᠷᠢᠯᠢᠭ ᠭᠦᠨᠵᠡᠭᠡᠢ ᠪᠣᠳᠠᠲᠠᠢ ᠠᠳᠬᠤᠵᠤ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠯᠠᠪᠳᠠᠭᠤᠨ ᠲᠣᠭᠲᠠᠭᠤᠨ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠪᠣᠯᠤᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠷᠭ᠎ᠠ ᠤᠬᠠᠭᠠᠨ ᠭᠠᠷᠭᠠᠵᠤ᠂ ᠠᠷᠭ᠎ᠠ ᠬᠡᠮᠵᠢᠶ᠎ᠡ ᠠᠪᠴᠤ᠂ ᠬᠦᠴᠦᠯᠡᠨ ᠴᠢᠷᠮᠠᠶᠢᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠤᠯᠠᠨ ᠢ ᠳᠠᠭᠠᠭᠤᠯᠤᠨ ᠠᠵᠢᠯᠯᠠᠵᠤ ᠂ ᠡᠯ᠎ᠡ ᠵᠦᠢᠯ ᠤᠨ ᠠᠵᠢᠯ ᠢᠶᠠᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠣᠭᠲᠠᠭᠰᠠᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠬᠡᠵᠡᠢ᠃      ᠲᠠᠩ ᠢ ᠱᠠᠭᠠᠷᠳᠠᠭᠰᠠᠨ ᠨᠢ᠂ ᠬᠤᠲᠠ᠂ ᠲᠣᠭᠤᠷᠢᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠥᠬᠡᠶ ᠰᠠᠶᠢᠲᠤᠷ ᠠᠳᠬᠤᠵᠤ᠂ ᠤᠷᠢᠳᠴᠢᠯᠠᠨ ᠠᠷᠭ᠎ᠠ ᠰᠦᠪᠡᠭᠴᠢᠯᠡᠵᠦ᠂ ᠤᠷᠢᠳᠴᠢᠯᠠᠨ ᠪᠠᠶᠢᠷᠢᠯᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢᠶᠠᠨ ᠲᠡᠭᠦᠯᠳᠡᠷᠵᠢᠭᠦᠯᠦᠨ᠂ ᠠᠷᠭᠠᠴᠠᠭᠠᠬᠤ ᠠᠷᠭ᠎ᠠ ᠬᠡᠮᠵᠢᠶ᠎ᠡ ᠠᠪᠴᠤ᠂ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠡᠵᠡᠮᠳᠡᠵᠦ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠢᠵᠢᠭ ᠤᠨ ᠪᠠᠶᠢᠳᠠᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠬᠡᠷᠡᠭᠲᠡᠶ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号