ᠥᠪᠥᠷ ᠮᠣᠩᠭᠤᠯ ᠤᠨ ᠰᠠᠨ ᠸᠧᠶ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ BDO᠎ ᠶᠢ ᠨᠢᠭᠡ ᠴᠤᠭᠴᠠᠵᠢᠭᠤᠯᠬᠤ ᠲᠥᠷᠥᠯ ᠵᠦᠢᠯ ᠤᠨ ᠠᠵᠢᠯ ᠡᠬᠢᠯᠡᠬᠦ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2022/3/15
      3 ᠰᠠᠷ᠎ᠠ ᠶᠢᠨ 13᠎ ᠤ ᠡᠳᠦᠷ᠂ ᠥᠪᠥᠷ ᠮᠣᠩᠭᠤᠯ ᠤᠨ ᠰᠠᠨ ᠸᠧᠶ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ BDO᠎ ᠶᠢ ᠨᠢᠭᠡ ᠴᠤᠭᠴᠠᠵᠢᠭᠤᠯᠬᠤ ᠲᠥᠷᠥᠯ ᠵᠦᠢᠯ ᠤᠨ ᠠᠵᠢᠯ ᠡᠬᠢᠯᠡᠬᠦ ᠶᠣᠰᠣᠯᠠᠯ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ᠂ ᠬᠤᠲᠠ ᠶᠢᠨ ᠤᠳᠤᠷᠢᠳᠤᠯᠭ᠎ᠠ ᠹᠧᠩ ᠰᠢᠤᠸᠠᠢ ᠲᠤᠤ᠂ ᠸᠠᠩ ᠸᠧᠨ ᠵᠢᠶᠧ᠂ ᠵᠢᠶᠠ ᠴᠢᠩ ᠳ᠋ᠦᠩ᠂ ᠯᠢ ᠴᠦᠨ ᠰᠢᠶᠤᠤ᠂ ᠸᠠᠩ ᠵᠢᠶ ᠫᠢᠩ ᠠᠵᠢᠯ ᠡᠭᠢᠯᠡᠬᠦ ᠶᠣᠰᠣᠯᠠᠯ ᠳᠤ ᠣᠷᠣᠯᠴᠠᠪᠠ᠃ ᠵᠢᠶᠠ ᠴᠢᠩ ᠳ᠋ᠦᠩ ᠠᠵᠢᠯ ᠡᠬᠢᠯᠡᠬᠦ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠪᠡ᠃      ᠲᠡᠷᠡ ᠬᠡᠯᠡᠭᠰᠡᠨ ᠨᠢ᠂ ᠣᠳᠣᠬᠠᠨ ᠳᠤ ᠮᠠᠨ ᠤ ᠬᠤᠲᠠ ᠪᠥᠬᠦ ᠤᠯᠤᠰ ᠤᠨ ᠨᠡᠭᠦᠷᠡᠰᠦ ᠪᠠᠷ ᠰᠠᠭᠤᠷᠢ ᠪᠣᠯᠭᠠᠭᠰᠠᠨ ᠠᠮᠢᠳᠤ ᠪᠣᠳᠠᠰ ᠤᠨ ᠵᠠᠳᠠᠷᠠᠵᠤ ᠪᠣᠯᠬᠤ ᠰᠦᠯᠢᠶᠣᠣ ᠶᠢᠨ ᠠᠵᠤ ᠦᠢᠯᠡᠰ ᠤᠨ ᠴᠢᠬᠤᠯᠠ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠪᠥᠬᠦ ᠬᠡᠯᠬᠢᠶᠡᠵᠢᠭᠰᠡᠨ᠂ ᠳᠡᠭᠡᠳᠦ ᠮᠡᠷᠭᠡᠵᠢᠯ ᠤᠨ᠂ ᠤᠷᠴᠢᠯᠵᠢᠭᠰᠠᠨ᠂ ᠥᠷᠭᠡᠨ ᠢᠶᠠᠷ ᠢᠵᠢ ᠪᠥᠷᠢᠳᠦᠭᠰᠡᠨ ᠪᠣᠬᠢᠷᠲᠤᠯ ᠥᠬᠡᠶ ᠠᠵᠤ ᠦᠢᠯᠡᠰ ᠤᠨ ᠰᠢᠰᠲ᠋ᠧᠮ ᠢ ᠢᠳᠡᠪᠬᠢᠲᠡᠶ ᠪᠠᠶᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ ᠪᠠᠶᠢᠨ᠎ᠠ᠃ ᠥᠪᠥᠷ ᠮᠣᠩᠭᠤᠯ ᠤᠨ ᠰᠠᠨ ᠸᠧᠶ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ BDO᠎ ᠶᠢ ᠨᠢᠭᠡ ᠴᠤᠭᠴᠠᠵᠢᠭᠤᠯᠬᠤ ᠲᠥᠷᠥᠯ ᠵᠦᠢᠯ ᠨᠢ ᠮᠠᠨ ᠤ ᠬᠤᠲᠠ ᠶᠢᠨ ᠪᠥᠬᠦ ᠤᠯᠤᠰ ᠤᠨ ᠨᠡᠭᠦᠷᠡᠰᠦ ᠪᠠᠷ ᠰᠠᠭᠤᠷᠢ ᠪᠣᠯᠭᠠᠭᠰᠠᠨ ᠠᠮᠢᠳᠤ ᠪᠣᠳᠠᠰ ᠤᠨ ᠵᠠᠳᠠᠷᠠᠵᠤ ᠪᠣᠯᠬᠤ ᠰᠦᠯᠢᠶᠣᠣ ᠶᠢᠨ ᠠᠵᠤ ᠦᠢᠯᠡᠰ ᠤᠨ ᠴᠢᠬᠤᠯᠠ ᠰᠠᠭᠤᠷᠢᠨ ᠭᠠᠵᠠᠷ ᠪᠣᠯᠭᠠᠨ ᠪᠥᠲᠥᠭᠡᠨ ᠪᠠᠶᠢᠭᠤᠯᠬᠤ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠦ᠂ ᠢᠳᠡᠪᠬᠢᠲᠡᠶ ᠬᠤᠪᠢ ᠨᠡᠮᠡᠷᠢ ᠦᠵᠡᠭᠦᠯᠬᠦ ᠪᠣᠯᠤᠨ᠎ᠠ᠃ ᠰᠠᠨ ᠸᠧᠢ ᠰᠢᠨ᠎ᠡ ᠮᠠᠲ᠋ᠧᠷᠢᠶᠠᠯ ᠤᠨ ᠺᠣᠮᠫᠠᠨᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠭᠰᠡᠨ ᠰᠠᠭᠤᠷᠢᠨ ᠳᠡᠭᠡᠷ᠎ᠡ᠂ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠪᠣᠬᠢᠷᠲᠤᠯ ᠥᠬᠡᠶ᠂ ᠤᠶᠤᠨᠴᠢᠯᠠᠭᠰᠠᠨ᠂ ᠳᠡᠭᠡᠳᠦ ᠦᠵᠦᠭᠦᠷᠵᠢᠭᠰᠡᠨ ᠬᠡᠪ ᠳᠠᠭᠤᠷᠢᠶᠠᠯ ᠪᠣᠯᠬᠤ ᠠᠵᠤ ᠠᠬᠤᠶᠢᠯᠠᠯ ᠢ ᠪᠠᠶᠢᠭᠤᠯᠬᠤ ᠶᠢ ᠬᠦᠰᠡᠵᠦ ᠪᠠᠶᠢᠨ᠎ᠠ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠰᠠᠨ ᠸᠧᠶ ᠰᠢᠨ᠎ᠡ ᠮᠠᠲ᠋ᠧᠷᠢᠶᠠᠯ ᠤᠨ ᠺᠣᠮᠫᠠᠨᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠦᠢᠯᠡᠴᠢᠯᠡᠭᠡ ᠶᠢ ᠳᠡᠭᠡᠳᠦᠯᠡᠬᠦ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠥᠨᠳᠥᠷ ᠪᠦᠲᠦᠮᠵᠢᠲᠡᠢ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠪᠦᠬᠦ ᠲᠠᠯ᠎ᠠ ᠶᠢᠨ ᠵᠥᠪ ᠣᠨᠣᠪᠴᠢᠲᠠᠢ ᠲᠦᠷᠦ ᠶᠢᠨ ᠪᠤᠳᠤᠯᠭ᠎ᠠ ᠶᠢᠨ ᠦᠢᠯᠡᠴᠢᠯᠡᠭᠡ᠂ ᠴᠠᠭ ᠲᠤᠬᠠᠢ ᠳᠤᠨᠢ ᠪᠣᠳᠠᠲᠠᠶᠢᠵᠢᠭᠤᠯᠤᠭᠰᠠᠨ ᠡᠯᠧᠮᠧᠨ᠋ᠲ ᠤᠨ ᠦᠢᠯᠡᠴᠢᠯᠡᠭᠡ ᠶᠢ ᠪᠦᠬᠦ ᠬᠦᠴᠦᠨ ᠢᠶᠠᠷ ᠢᠶᠠᠨ ᠬᠠᠩᠭᠠᠵᠤ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢ ᠰᠠᠨᠠᠭ᠎ᠠ ᠠᠮᠤᠷ᠂ ᠡᠵᠡᠩᠨᠡᠯᠲᠡ ᠶᠢ ᠰᠠᠨᠠᠭ᠎ᠠ ᠠᠮᠤᠷ᠂ ᠬᠥᠭᠵᠢᠯᠲᠡ ᠶᠢ ᠤᠷᠤᠭᠰᠢᠲᠠᠢ ᠪᠣᠯᠭᠠᠵᠤ᠂ ᠠᠵᠤ ᠦᠢᠯᠡᠰ ᠢ ᠤᠷᠲᠤᠳᠬᠠᠬᠤ ᠪᠠ ᠲᠦᠷᠦᠯ ᠵᠦᠢᠯ ᠢ ᠰᠠᠭᠤᠷᠢᠨᠵᠢᠭᠤᠯᠬᠤ ᠪᠦᠳᠦᠭᠡᠨ ᠪᠠᠶᠢᠭᠤᠯᠤᠯᠲᠠ᠂ ᠪᠦᠯᠦᠭᠯᠡᠯ ᠤᠨ ᠮᠠᠶ᠋ᠢᠭ ᠤᠨ ᠬᠥᠭᠵᠢᠯᠲᠡ ᠶᠢ ᠠᠬᠢᠭᠤᠯᠤᠨ᠎ᠠ ᠭᠡᠵᠡᠢ᠃     ᠥᠪᠥᠷ ᠮᠣᠩᠭᠤᠯ ᠤᠨ ᠰᠠᠨ ᠸᠧᠶ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ BDO᠎ ᠶᠢ ᠨᠢᠭᠡ ᠴᠤᠭᠴᠠᠵᠢᠭᠤᠯᠬᠤ ᠲᠥᠷᠥᠯ ᠵᠦᠢᠯ ᠨᠢ ᠰᠠᠨ ᠸᠧᠶ ᠬᠤᠪᠢ ᠡᠵᠡᠮᠳᠡᠭᠰᠡᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠥᠷᠥᠩᠭᠡ ᠶᠢᠨ ᠳᠠᠪᠠᠭᠤᠯᠢᠭ᠂ ᠮᠡᠷᠭᠡᠵᠢᠯ ᠤᠨ ᠳᠠᠪᠠᠭᠤᠯᠢᠭ ᠪᠠ ᠴᠢᠳᠠᠪᠤᠷᠢᠲᠠᠨ ᠤ ᠳᠠᠪᠠᠭᠤᠯᠢᠭ ᠲᠠᠭᠠᠨ ᠲᠦᠰᠢᠭᠯᠡᠵᠦ᠂ ᠦᠬᠠᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠣᠷᠣᠨ ᠪᠠᠶᠢᠷᠢ ᠶᠢᠨ ᠳᠠᠪᠠᠭᠤᠯᠢᠭ ᠪᠠ ᠡᠬᠢ ᠪᠠᠶᠠᠯᠢᠭ ᠤᠨ ᠳᠠᠪᠠᠭᠤᠯᠢᠭ ᠢ ᠬᠦᠢᠴᠡᠳ ᠠᠰᠢᠭᠯᠠᠨ᠂ ︽ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠴᠢᠳᠠᠮᠵᠢ ᠶᠢᠨ ᠴᠢᠨᠠᠷᠲᠠᠶ ᠲᠣᠮᠣ ᠮᠣᠯᠧᠺᠦ᠋ᠯ ᠤᠨ ᠲᠡᠷᠢᠭᠦᠨ ᠤ ᠮᠠᠲ᠋ᠧᠷᠢᠶᠠᠯ᠂ ᠡᠯᠧᠺᠳ᠋ᠷᠣᠨ ᠲᠠᠰ ᠤᠨ ᠰᠢᠨ᠎ᠡ ᠮᠠᠲ᠋ᠧᠷᠢᠶᠠᠯ︾᠎ ᠢ ᠨᠢᠭᠡ ᠴᠣᠠᠠᠴᠠᠵᠢᠭᠤᠯᠥᠠᠠᠰᠠᠨ ᠠᠵᠤ ᠦᠢᠯᠡᠰ ᠤᠨ ᠬᠡᠯᠬᠢᠶ᠎ᠡ ᠶᠢ ᠴᠢᠷᠮᠠᠶᠢᠨ ᠪᠣᠶ ᠪᠣᠯᠭᠠᠵᠤ᠂ ᠠᠵᠤ ᠦᠢᠯᠡᠰ ᠤᠨ ᠬᠠᠷᠢᠯᠴᠠᠨ ᠨᠥᠬᠦᠪᠥᠷᠢᠯᠡᠭᠰᠡᠨ᠂ ᠰᠠᠶᠢᠨ ᠨᠥᠬᠦᠴᠡᠯᠳᠦᠭᠰᠡᠨ᠂ ᠵᠣᠬᠢᠴᠠᠩᠭᠤᠶ ᠪᠠᠷ ᠬᠥᠭᠵᠢᠭᠰᠡᠨ ᠠᠵᠤ ᠦᠢᠯᠡᠰ ᠤᠨ ᠪᠠᠶᠢᠷᠢᠰᠢᠯ ᠢ ᠪᠣᠶ ᠪᠤᠯᠭᠠᠬᠤ ᠪᠤᠯᠤᠨ᠎ᠠ᠃ ᠲᠤᠰ ᠣᠳᠠᠭᠠᠨ ᠤ ᠠᠵᠢᠯ ᠡᠬᠢᠯᠡᠭᠦᠯᠬᠦ ᠲᠦᠷᠦᠯ ᠵᠦᠢᠯ ᠪᠣᠯ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠪᠣᠯᠤᠨ᠎ᠠ᠂ ᠪᠦᠳᠦᠭᠡᠨ ᠪᠠᠶᠢᠭᠤᠯᠬᠤ ᠠᠭᠤᠯᠭ᠎ᠠ ᠳᠤ ᠵᠢᠯ ᠳᠤ 30 ᠲᠦᠮᠡᠨ ᠲᠣᠨ ᠦᠢᠯᠡᠳᠪᠦᠷᠢᠯᠡᠬᠦ 1.4 ᠳ᠋ᠢᠤᠯ ︵BDO︶᠂ ᠵᠢᠯ ᠳᠤ 10 ᠲᠦᠮᠡᠨ ᠲᠣᠨ ᠦᠢᠯᠡᠳᠪᠦᠷᠢᠯᠡᠬᠦ ᠵᠠᠳᠠᠷᠠᠵᠤ ᠪᠣᠯᠬᠤ ᠰᠦᠯᠢᠶᠣᠣ PBAT᠂ ᠵᠢᠯ ᠳᠤ 6 ᠲᠦᠮᠡᠨ ᠲᠣᠨ ᠦᠢᠯᠡᠳᠪᠦᠷᠢᠯᠡᠬᠦ ᠳᠡᠭᠡᠳᠦ ᠲᠡᠰ ᠤᠨ ᠪᠥᠭᠡᠭᠡᠨᠡᠷᠡᠯ ᠡᠲ᠋ᠧᠷ ᠤᠨ ᠮᠠᠲ᠋ᠧᠷᠢᠶᠠᠯ PTMEG᠂ ᠵᠢᠯ ᠳᠤ 60 ᠲᠦᠮᠡᠨ ᠲᠣᠨ ᠦᠢᠯᠡᠳᠪᠦᠷᠢᠯᠡᠬᠦ ᠮᠧᠲ᠋ᠠᠨᠢᠯ ᠤᠨ ᠲᠣᠨᠣᠭᠯᠠᠯ᠂ ᠵᠢᠯ ᠳᠤ 36 ᠲᠦᠮᠡᠨ ᠲᠣᠨ ᠡᠲ᠋ᠢᠨ ᠤ ᠲᠦᠭᠦᠬᠡᠢ ᠮᠠᠲ᠋ᠧᠷᠢᠶᠠᠯ ︵ᠴᠠᠬᠢᠯᠠᠭᠤᠷ ᠴᠢᠯᠠᠭᠤ︶᠎ ᠤᠨ ᠬᠠᠮ ᠲᠣᠨᠣᠭᠯᠠᠯ ᠢ ᠢᠵᠢ ᠪᠦᠷᠢᠳᠦᠭᠦᠯᠵᠦ᠂ ᠵᠢᠱᠢᠯᠲᠡ ᠪᠠᠷ 43.66 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠤᠯᠤᠨ᠎ᠠ᠃ ᠲᠤᠰ ᠲᠦᠷᠦᠯ ᠵᠦᠢᠯ ᠨᠢ ᠡᠨᠧᠷᠭᠢ ᠶᠢᠨ ᠬᠤᠷᠣᠭᠳᠠᠯ ᠢᠶᠠᠷ ᠪᠠᠭ᠎ᠠ᠂ ᠦᠷ᠎ᠡ ᠠᠰᠢᠭ ᠢᠶᠠᠷ ᠥᠨᠳᠥᠷ᠂ ᠨᠡᠭᠦᠷᠡᠰᠦᠲᠥ᠋ᠷᠥᠭᠴᠢ ᠪᠠᠭ᠎ᠠ ᠠᠷᠢᠭᠤᠨ ᠴᠡᠪᠡᠷ ᠪᠠᠶᠢᠬᠤ ᠣᠨᠴᠠᠯᠢᠭ ᠲᠠᠢ ᠪᠠᠶᠢᠵᠤ᠂ ᠲᠦᠷᠦᠯ ᠵᠦᠢᠯ ᠨᠢ ᠪᠦᠬᠦᠨ ᠢᠶᠠᠷ ᠢᠶᠠᠨ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠬᠡᠪᠴᠢᠶ᠎ᠡ᠂ ᠶᠠᠰᠤ ᠴᠢᠨᠠᠷ᠂ ᠡᠨᠧᠷᠭᠢ ᠶᠢᠨ ᠬᠤᠷᠣᠭᠳᠠᠯ᠂ ᠦᠷ᠎ᠡ ᠠᠰᠢᠭ ᠨᠢ ᠴᠥᠮ ᠲᠡᠷᠢᠭᠦᠨ ᠤ ᠠᠵᠢᠯ ᠲᠦᠷᠦᠯ ᠤᠨ ᠬᠡᠪ ᠳᠠᠭᠤᠷᠢᠶᠠᠯ ᠪᠣᠯᠬᠤ ᠪᠣᠯᠤᠮᠵᠢ ᠲᠠᠢ ᠪᠠᠶᠢᠨ᠎ᠠ᠃     
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号