3 ᠳ᠋ᠤᠭᠠᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ | ᠵᠥᠪᠯᠡᠯ ᠤᠨ ᠨᠠᠶᠢᠳᠠᠯᠭ᠎ᠠ ᠪᠠᠷ᠂ ᠦᠬᠠᠶ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠯᠢᠨ ᠶᠢᠨ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ︽2021 ᠣᠨ ᠤ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ︾ ᠫᠠᠶᠢᠰᠠ ᠣᠯᠭᠤᠵᠤ᠂ ᠬᠤᠲᠠ | ᠲᠣᠭᠤᠷᠢᠭ ᠬᠤᠶᠠᠷ ᠱᠠᠲᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ | ᠨᠥᠬᠦᠳ ᠫᠠᠶᠢᠰᠠ ᠣᠯᠭᠤᠬᠤ ᠶᠣᠰᠣᠯᠠᠯ ᠳᠤ ᠣᠷᠣᠯᠴᠠᠪᠠ᠃ | | | ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠳᠡᠳ᠋ ᠡᠷᠬᠢᠯᠡᠭᠴᠢ ᠪᠠᠲᠤ | ᠴᠢᠬᠤᠯᠠᠴᠢᠯᠠᠬᠤ ᠳᠠᠭᠠᠨ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ | ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ | ᠪᠤᠢ ᠪᠣᠯᠭᠠᠬᠤ ᠡᠨᠡᠬᠦ ᠭᠤᠣᠯ ᠰᠢᠵᠢᠮ ᠢ ᠪᠠᠲᠤ ᠡᠵᠡᠮᠳᠡᠵᠦ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ | ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | | ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ | ᠬᠡᠷᠡᠭ ᠡᠷᠬᠢᠯᠡᠬᠦ ᠭᠠᠵᠠᠷ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ | ᠱᠤᠭᠤᠮ ᠢ ᠪᠠᠲᠤ ᠪᠠᠬᠢ ᠪᠤᠢ ᠪᠣᠯᠭᠠᠬᠤ ᠶᠢᠨ ᠲᠣᠭᠤᠷᠢᠨ ᠳᠤ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠵᠢᠯ ᠤᠨ ᠪᠦᠬᠦ ᠶᠠᠪᠤᠴᠠ ᠳᠤ | ᠲᠤᠤᠱᠯᠠᠭᠤᠯᠵᠤ᠂ ᠡᠯ᠎ᠡ ᠵᠦᠢᠯ ᠤᠨ ᠠᠴᠢᠶᠠᠯᠠᠪᠤᠷᠢ ᠳᠤ ᠲᠦᠰᠢᠭᠯᠡᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠪᠦᠯᠬᠦᠮᠳᠡᠯ ᠤᠨ ᠠᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠤᠨ᠎ᠠ ᠭᠡᠵᠦ | ᠢᠯᠡᠳᠬᠡᠪᠡ᠃ |