3 ᠰᠠᠷ᠎ᠠ ᠶᠢᠨ 14 ᠤ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠰᠦᠨ ᠬᠤᠤ ᠴᠡᠭᠡᠯ ᠠᠭᠤᠯᠠ | ᠪᠠᠯᠭᠠᠰᠤᠨ ᠤ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ | ᠰᠤᠳᠤᠯᠤᠯᠲᠠ ᠬᠢᠵᠦ᠂ ᠬᠠᠶᠢᠷᠤᠪ ᠤᠨ ᠲᠤᠬᠤᠢ ᠲᠣᠭᠤᠷᠢᠭ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠠᠵᠢᠯ ᠤᠨ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠵᠠᠢ᠃ | | | | ᠤᠷᠢᠬᠠᠨ ᠬᠠᠪᠤᠷ ᠤᠨ ᠭᠤᠷᠪᠠᠨ ᠰᠠᠷ᠎ᠠ ᠳᠤ᠂ ᠲᠦᠮᠡᠨ ᠪᠣᠳᠠᠰ ᠰᠣᠶᠣᠭᠠᠯᠠᠨ᠎ᠠ᠃ ᠰᠦᠨ ᠬᠤᠤ ᠨᠠᠷ ᠤᠷᠢᠳ | ᠬᠤᠵᠢᠳ ᠴᠡᠭᠡᠯ ᠠᠭᠤᠯᠠ ᠪᠠᠯᠭᠠᠰᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠳᠡᠯᠭᠡᠭᠦᠷ᠂ ᠸᠠᠩ | ᠶᠤᠸᠠᠨ ᠳ᠋ᠢ ᠲᠣᠰᠬᠤᠨ ᠤ ᠰᠠᠭᠤᠷᠢ ᠲᠠᠷᠢᠶᠠᠨ ᠭᠠᠵᠠᠷ ᠲᠤ ᠬᠦᠷᠴᠦ᠂ ᠠᠵᠢᠯ ᠤᠨ ᠬᠠᠷᠢᠭᠤ ᠮᠡᠳᠡᠭᠦᠯᠦᠯᠲᠡ ᠶᠢ ᠨᠠᠷᠢᠨ | ᠬᠢᠨᠠᠮᠠᠭᠠᠢ ᠰᠣᠨᠣᠰᠴᠤ᠂ ᠲᠠᠷᠢᠶᠠᠨ ᠭᠠᠵᠠᠷ ᠲᠤ ᠬᠦᠷᠴᠦ ᠬᠥᠷᠥᠰᠥᠨ ᠤ ᠴᠢᠭᠢᠭ ᠤᠨ ᠪᠠᠶᠢᠳᠠᠯ ᠢ ᠪᠠᠶᠢᠴᠠᠭᠠᠨ ᠦᠵᠡᠵᠦ | ᠂ ᠲᠠᠷᠢᠶᠠᠨ ᠭᠠᠵᠠᠷ ᠤᠨ ᠬᠠᠮᠢᠶᠠᠷᠤᠯᠲᠠ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ᠂ | ᠤᠨᠴᠠᠯᠢᠭᠳᠤ ᠲᠠᠷᠢᠮᠠᠯ ᠵᠡᠷᠭᠡ ᠪᠠᠶᠢᠳᠠᠯ ᠢ ᠣᠶᠢᠯᠠᠭᠠᠪᠠ᠃ | | | | ᠰᠦᠨ ᠬᠤᠤ᠂ ᠣᠳᠣᠬᠠᠨ ᠳᠤ᠂ ᠶᠠᠭ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠠᠩᠭᠢᠯᠠᠭ᠎ᠠ ᠶᠢᠨ ᠴᠠᠭ | ᠦᠶ᠎ᠡ ᠳᠤ ᠪᠠᠶᠢᠨ᠎ᠠ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠠᠵᠢᠯ ᠢ ᠰᠠᠶᠢᠲᠤᠷ ᠲᠤᠬᠢᠷᠠᠭᠤᠯᠵᠤ᠂ ᠡᠯ᠎ᠡ | ᠵᠦᠢᠯ ᠤᠨ ᠪᠡᠯᠡᠳᠬᠡᠯ ᠠᠵᠢᠯ ᠢ ᠴᠠᠭ ᠲᠤᠬᠠᠢ ᠳᠤᠨᠢ ᠰᠠᠶᠢᠲᠤᠷ ᠬᠢᠬᠦ ᠬᠡᠷᠡᠭᠲᠡᠢ᠃ ᠬᠠᠪᠤᠷ ᠤᠨ ᠲᠠᠷᠢᠶᠠᠯᠠᠭ᠎ᠠ ᠶᠢᠨ | ᠪᠡᠯᠡᠳᠬᠡᠯ ᠲᠠᠷᠢᠶᠠᠯᠠᠭ᠎ᠠ ᠳᠤ ᠬᠡᠷᠡᠭᠰᠡᠬᠦ ᠦᠷ᠎ᠡ᠂ ᠬᠢᠮᠢ ᠶᠢᠨ ᠪᠤᠷᠳᠤᠭᠤᠷ᠂ ᠲᠠᠷᠢᠶᠠᠨ ᠡᠮ ᠵᠡᠷᠭᠡ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠦᠨᠡᠨ ᠬᠦ ᠪᠠᠲᠤᠯᠠᠵᠤ᠂ ᠬᠠᠪᠤᠷ ᠤᠨ ᠲᠠᠷᠢᠶᠠᠯᠠᠭ᠎ᠠ ᠶᠢᠨ ᠶᠠᠰᠤ | ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠲᠠᠷᠢᠶᠠᠴᠢᠳ ᠢ ᠬᠥᠲᠥᠯᠥᠨ ᠵᠢᠯᠣᠭᠤᠳᠴᠤ ᠵᠣᠷᠢᠭᠵᠢᠭᠤᠯᠵᠤ ᠪᠠᠶᠢᠭᠠᠳ ᠴᠢᠨᠠᠷ | ᠰᠠᠶᠢᠲᠠᠶ ᠡᠭᠦᠯᠳᠡᠷ ᠳᠠᠷᠢᠭᠤᠯᠵᠤ᠂ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠦᠨ᠂ ᠲᠠᠷᠢᠶᠠᠴᠢᠳ ᠤᠨ | ᠦᠢᠯᠡᠳᠪᠦᠷᠢᠯᠡᠯ ᠤᠨ ᠢᠳᠡᠪᠬᠢᠵᠢᠯ ᠢ ᠬᠥᠭᠵᠢᠭᠡᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠶ᠃ | ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠭᠰᠠᠨ ᠰᠠᠭᠤᠷᠢᠨ ᠳᠡᠭᠡᠷ᠎ᠡ᠂ ᠲᠠᠷᠢᠶᠠᠯᠠᠩ ᠤᠨ ᠪᠦᠲᠦᠴᠡ ᠶᠢᠨ | ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠮᠠᠯ ᠤᠨ ᠪᠦᠲᠦᠴᠡ ᠶᠢ ᠶᠡᠭᠡ ᠪᠠᠷ ᠲᠣᠬᠢᠷᠠᠭᠤᠯᠵᠤ᠂ | ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠭᠠᠴᠠᠭᠠᠨ ᠤ ᠬᠠᠮᠲᠤ ᠶᠢᠨ ᠠᠵᠤ | ᠠᠬᠤᠶ ᠶᠢ ᠪᠤᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠶ ᠭᠡᠵᠤ ᠱᠠᠭᠠᠷᠳᠠᠪᠠ᠃ | | | | ᠰᠦᠨ ᠬᠤᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠪᠣᠯᠤᠨ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠬᠦᠴᠦᠯᠡᠨ ᠰᠠᠶᠢᠲᠤᠷ ᠬᠢᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠳᠡᠭᠡ ᠠᠵᠤ ᠠᠬᠤᠢ ᠶᠢᠨ | ᠣᠳᠣᠬᠢᠴᠢᠯᠠᠯᠲᠠ ᠶᠢ ᠶᠡᠬᠡᠪᠡᠷ ᠠᠬᠢᠭᠤᠯᠬᠤ ᠬᠡᠷᠡᠭᠲᠡᠢ᠃ ᠬᠠᠶᠢᠷᠤᠪ ᠤᠨ ᠲᠤᠬᠤᠢ ᠶᠢᠨ ᠪᠣᠳᠠᠲᠤ ᠪᠠᠶᠢᠳᠠᠯ ᠲᠠᠢ | ᠨᠢᠭᠲᠠ ᠤᠶᠠᠯᠳᠤᠭᠤᠯᠵᠤ᠂ ᠤᠨᠴᠠᠯᠢᠬᠳᠤ ᠲᠠᠷᠢᠶᠠᠯᠠᠩ ᠢ ᠢᠳᠡᠪᠬᠢᠲᠡᠢ ᠬᠥᠭᠵᠢᠭᠦᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠤᠨᠴᠠᠯᠢᠭᠳᠤ | ᠲᠠᠷᠢᠮᠠᠯ ᠢ ᠶᠡᠬᠡᠪᠡᠷ ᠬᠥᠭᠵᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠢ ᠴᠢᠨᠠᠷ ᠰᠠᠶᠢᠲᠠᠢ᠂ ᠥᠨᠳᠥᠷ ᠤᠨᠠᠯᠲᠠ ᠲᠠᠢ᠂ | ᠥᠨᠳᠥᠷ ᠦᠷ᠎ᠡ ᠠᠰᠢᠭ ᠲᠠᠢ ᠴᠢᠭᠯᠡᠯ ᠲᠡᠰᠢ ᠬᠥᠭᠵᠢᠭᠦᠯᠬᠦ ᠶᠢ ᠬᠦᠳᠦᠯᠦᠨ ᠵᠢᠯᠣᠭᠤᠳᠴᠤ᠂ ᠬᠠᠶᠢᠷᠤᠪ ᠤᠨ ᠲᠤᠬᠤᠢ | ᠲᠤᠭᠤᠷᠢᠭ ᠤᠨ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠦᠨᠡᠨᠬᠦ ᠠᠬᠢᠭᠤᠯᠬᠤ ᠬᠡᠷᠡᠭᠲᠡᠢ ᠭᠡᠵᠤ | ᠴᠢᠬᠤᠯᠠᠴᠢᠯᠠᠪᠠ᠃ |