ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ  ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠭᠡᠨᠡᠳᠲᠡ ᠶᠢᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2022/3/17
      ᠣᠶᠢᠷ᠎ᠠ ᠶᠢᠨ ᠬᠤᠭᠤᠴᠠᠭᠠᠨ ᠳᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠣᠯᠠᠨ ᠭᠠᠵᠠᠷ ᠲᠤ ᠳᠡᠯᠭᠡᠷᠡᠬᠦ ᠪᠠ ᠬᠡᠰᠡᠭ ᠭᠠᠵᠠᠷ ᠲᠤ ᠭᠡᠨᠡᠳᠲᠡ ᠡᠭᠦᠰᠬᠦ ᠪᠠᠶᠢᠳᠠᠯ ᠰᠣᠯᠪᠢᠴᠠᠬᠤ ᠪᠠᠶᠢᠳᠠᠯ ᠢᠯᠡᠷᠡᠵᠦ᠂ ᠬᠡᠰᠡᠭ ᠮᠤᠵᠢ ᠬᠤᠲᠠ ᠶᠢᠨ ᠰᠤᠷᠭᠠᠭᠤᠯᠢ᠂ ᠬᠡᠤᠬᠡᠳ ᠤᠨ ᠴᠡᠴᠡᠷᠯᠢᠭ ᠲᠤ ᠵᠠᠯᠭᠠᠭ᠎ᠠ ᠪᠠᠷ ᠴᠤᠭᠯᠠᠷᠠᠯ ᠤᠨ ᠴᠢᠨᠠᠷᠲᠠᠶ ᠣᠨᠣᠰᠢᠯᠠᠭᠰᠠᠨ ᠡᠪᠡᠳᠴᠢᠨ ᠤ ᠵᠢᠱᠢᠶ᠎ᠡ ᠢᠯᠡᠷᠡᠵᠡᠶ᠃ ︽ᠪᠥᠬᠦ ᠬᠤᠲᠠ ᠶᠢᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠦᠯᠵᠢᠶᠡᠨ ᠠᠴᠠ ᠭᠠᠳᠠᠭᠤᠷᠬᠢ ᠪᠣᠯᠪᠠᠰᠤᠷᠠᠭᠤᠯᠤᠯ ᠤᠨ ᠠᠵᠢᠯᠯᠠᠭ᠎ᠠ ᠶᠢ ᠲᠦᠷ ᠵᠣᠭᠰᠣᠭᠠᠬᠤ ᠲᠤᠬᠠᠶ ᠦᠬᠠᠶ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠮᠡᠳᠡᠭᠳᠡᠯ︾᠎ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠰᠠᠶᠢᠲᠤᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ ᠰᠦᠯᠵᠢᠶᠡᠨ ᠠᠴᠠ ᠭᠠᠳᠠᠭᠤᠷᠬᠢ ᠪᠣᠯᠪᠠᠰᠤᠷᠠᠭᠤᠯᠤᠯ ᠢ ᠲᠦᠷ ᠵᠣᠭᠰᠣᠭᠠᠬᠤ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠶᠢᠨ ᠲᠥᠯᠥᠭᠡ᠂ 3 ᠰᠠᠷ᠎ᠠ ᠶᠢᠨ 15᠎ ᠤ ᠡᠳᠦᠷ ᠤᠨ ᠣᠷᠣᠶ ᠶᠢᠨ 19᠄ 30 ᠮᠢᠨᠦ᠋ᠲ ᠲᠤ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ︽ᠳᠥᠷᠪᠡᠨ ᠥᠬᠡᠶ ᠬᠤᠶᠠᠷ ᠰᠢᠭᠤᠤᠡ︾ ᠬᠡᠯᠪᠡᠷᠢ ᠪᠠᠷ᠂ ᠲᠤᠭᠤᠷᠢᠭ ᠤᠨ ᠬᠠᠷᠢᠶ᠎ᠠ ᠵᠠᠭᠤ ᠰᠢᠬᠠᠮ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠭᠡᠨᠡᠳᠲᠡ ᠶᠢᠨ ᠪᠠᠶᠢᠴᠠᠭᠠᠯᠲᠠ ᠬᠢᠪᠠ᠃     ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠶᠢᠨ ᠤᠳᠤᠷᠢᠳᠬᠤ ᠪᠠᠭ ᠪᠦᠯᠬᠦᠮ ᠳᠠᠭᠠᠭᠤᠯᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠭᠡᠨᠡᠳᠲᠡ ᠪᠠᠷ ᠪᠠᠶᠢᠴᠠᠭᠠᠵᠤ᠂ ᠲᠤᠰ ᠤᠳᠠᠭ᠎ᠠ ᠶᠢᠨ ᠭᠤᠣᠯᠳᠠᠯᠭ᠎ᠠ ᠲᠠᠢ ᠱᠠᠯᠠᠪᠳᠠᠭᠤᠯᠤᠨ ᠪᠠᠶᠢᠴᠠᠭᠠᠬᠤ ᠪᠠᠶᠢᠭᠤᠯᠤᠮᠵᠢ ᠨᠢ ᠬᠤᠳᠠ ᠶᠢᠨ ᠰᠤᠷᠭᠠᠨ ᠬᠥᠮᠦᠵᠢᠯ ᠤᠨ ᠲᠤᠪᠴᠢᠶ᠎ᠠ ᠶᠢᠨ ᠱᠠᠭᠠᠷᠳᠠᠯᠭ᠎ᠠ ᠶᠣᠰᠣᠭᠠᠷ᠂ ᠰᠦᠯᠵᠢᠶᠡᠨ ᠠᠴᠠ ᠭᠠᠳᠠᠭᠤᠷᠬᠢ ᠪᠤᠢ ᠪᠦᠬᠦᠢ ᠪᠣᠯᠪᠠᠰᠤᠷᠠᠯ ᠤᠨ ᠦᠢᠯᠡᠴᠢᠯᠡᠭᠡᠨ ᠤ ᠠᠵᠢᠯᠯᠠᠭ᠎ᠠ ᠶᠢ ᠲᠦᠷ ᠵᠣᠭᠰᠣᠭᠠᠭᠰᠠᠨ ᠡᠰᠡᠬᠦ ᠶᠢ ᠪᠠᠶᠢᠴᠠᠭᠠᠨ᠎ᠠ᠃ ᠡᠯ᠎ᠡ ᠪᠣᠯᠪᠠᠰᠤᠷᠠᠭᠤᠯᠤᠯ ᠤᠨ ᠪᠠᠶᠢᠭᠤᠯᠤᠮᠵᠢ ᠨᠢ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠣᠨ ᠤ ᠦᠨᠡᠯᠡᠨ ᠵᠢᠱᠢᠵᠦ ᠪᠠᠶᠢᠴᠠᠭᠠᠬᠤ ᠠᠵᠢᠯ ᠤᠨ ᠬᠠᠮᠤᠭ ᠤᠨ ᠰᠢᠨ᠎ᠡ ᠱᠠᠭᠠᠷᠳᠠᠯᠭ᠎ᠠ ᠲᠠᠢ ᠴᠢᠩᠭ᠎ᠠ ᠬᠠᠷᠢᠴᠠᠭᠤᠯᠤᠨ᠂ ᠥᠪᠡᠷ ᠤᠨ ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠦᠭᠰᠡᠨ ᠡᠰᠡᠬᠦ︔ ᠰᠤᠷᠭᠠᠭᠤᠯᠢ ᠳᠤ ᠣᠷᠣᠵᠤ ᠭᠠᠷᠬᠤ ᠶᠢ ᠳᠠᠩᠰᠠᠯᠠᠬᠤ᠂ ᠪᠡᠶ᠎ᠡ ᠶᠢᠨ ᠳᠤᠯᠠᠭᠠᠨ ᠢ ᠰᠢᠯᠭᠠᠨ ᠪᠠᠶᠢᠴᠠᠭᠠᠬᠤ᠂ ᠡᠷᠡᠭᠦᠯ ᠮᠡᠨᠳᠦ ᠶᠢᠨ ᠨᠣᠮᠧᠷ᠂ ᠠᠶᠠᠯᠠᠯ ᠤᠨ ᠨᠣᠮᠧᠷ ᠢᠶᠠᠨ ᠦᠵᠡᠭᠦᠯᠬᠦ᠂ ᠠᠮᠠᠪᠴᠢ ᠵᠡᠭᠦᠬᠦ ᠵᠡᠷᠭᠡ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠠᠶᠢᠭᠤᠯᠤᠭᠰᠠᠨ ᠡᠰᠡᠬᠦ︔ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠦᠭᠰᠡᠨ ᠡᠰᠡᠬᠦ᠂ ᠪᠦᠬᠦ ᠶᠠᠪᠤᠴᠠ ᠶᠢ ᠮᠥᠷᠳᠡᠵᠦ ᠪᠣᠯᠤᠨ᠎ᠠ᠃    ᠲᠣᠰ ᠤᠳᠠᠭ᠎ᠠ 40 ᠭᠠᠷᠤᠶ ᠪᠠᠶᠢᠭᠤᠯᠤᠮᠵᠢ ᠶᠢ ᠰᠤᠭᠤᠴᠢᠨ ᠪᠠᠶᠢᠴᠠᠭᠠᠭᠠᠳ ᠶᠡᠷᠦᠩᠬᠡᠶ ᠪᠠᠶᠢᠳᠠᠯ ᠨᠢ ᠨᠡᠯᠢᠶᠡᠳ ᠰᠠᠶᠢᠨ ᠪᠠᠶᠢᠵᠤ᠂ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠲᠣᠭᠲᠠᠭᠠᠯ ᠠᠴᠠ ᠵᠥᠷᠢᠴᠡᠨ ᠪᠣᠯᠪᠠᠰᠤᠷᠠᠭᠤᠯᠤᠯ ᠥᠷᠨᠢᠭᠦᠯᠦᠭᠰᠡᠨ ᠤᠶᠢᠯᠡ ᠠᠵᠢᠯᠯᠠᠭ᠎ᠠ ᠪᠠᠶᠢᠬᠤ ᠶᠢ ᠣᠯᠵᠤ ᠮᠡᠳᠡᠭᠰᠡᠨ ᠥᠬᠡᠶ᠂ ᠡᠯ᠎ᠡ ᠪᠣᠯᠪᠠᠰᠤᠷᠠᠭᠤᠯᠤᠯ ᠤᠨ ᠪᠠᠶᠢᠭᠤᠯᠤᠮᠵᠢ ᠨᠤᠭᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ ᠢᠳᠡᠪᠬᠢᠲᠡᠶ ᠪᠠᠷ ᠴᠡᠭᠴᠡᠯᠡᠨ ᠰᠠᠶᠢᠵᠢᠷᠠᠭᠤᠯᠵᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠤᠶᠢᠯ ᠤᠨ ᠲᠣᠭᠲᠠᠭᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃     ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ  ᠲᠤᠭᠤᠷᠢᠭ ᠤᠨ ᠬᠠᠷᠢᠶ᠎ᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠱᠠᠯᠠᠪᠳᠠᠭᠤᠯᠤᠨ ᠪᠠᠶᠢᠴᠠᠭᠠᠬᠤ ᠪᠠᠨ ᠦᠷᠭᠦᠯᠵᠢᠯᠡᠨ ᠴᠢᠩᠭᠠᠳᠬᠠᠵᠤ᠂ ᠢᠯᠠᠩᠭᠤᠶ᠎ᠠ ᠬᠡᠰᠡᠭ ᠪᠠᠶᠢᠭᠤᠯᠤᠮᠵᠢ ᠳᠤ ᠱᠠᠯᠠᠪᠳᠠᠭᠤᠯᠤᠨ ᠪᠠᠶᠢᠴᠠᠭᠠᠬᠤ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠢᠯᠠ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠵᠤ᠂ ᠪᠠᠭᠰᠢ ᠰᠤᠷᠤᠭᠴᠢᠳ ᠤᠨ ᠠᠮᠤᠷ ᠲᠦᠪᠰᠢᠨ ᠡᠷᠡᠭᠦᠯ ᠮᠡᠨᠳᠤ ᠶᠢ ᠦᠨᠡᠨᠬᠦ ᠪᠠᠲᠤᠯᠠᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠦᠬᠦ ᠬᠦᠴᠦᠨ ᠢᠶᠠᠷ ᠢᠶᠠᠨ ᠪᠠᠬᠢᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃             ᠬᠠᠶᠢᠷᠤᠪ ᠤᠨ ᠲᠤᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ                                2022 ᠣᠨ ᠤ 3 ᠰᠠᠷ᠎ᠠ ᠶᠢᠨ 16᠎ ᠤ ᠡᠳᠤᠷ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号