ᠤᠢᠢᠷ᠎ᠠ ᠶᠢᠨ ᠵᠢᠯ ᠠᠴᠠ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠰᠠᠭᠤᠷᠢ ᠶᠢ ᠪᠠᠬᠢᠵᠢᠭᠦᠯᠬᠦ᠂ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠵᠤ᠂ ᠭᠤᠣᠯᠯᠠᠬᠤ ᠠᠵᠤ ᠦᠢᠯᠡᠰ ᠤᠨ | ᠨᠡᠭᠦᠷᠡᠰᠦᠲᠥ᠋ᠷᠥᠭᠴᠢ ᠶᠢ ᠪᠠᠭᠠᠰᠬᠠᠨ ᠲᠡᠰ ᠳᠡᠪᠰᠢᠭᠦᠯᠬᠦ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ | ᠴᠢᠳᠠᠪᠤᠷᠢ ᠶᠢ ᠥᠷᠭᠡᠳᠬᠡᠨ ᠲᠥᠪᠯᠡᠷᠡᠭᠦᠯᠬᠦ ᠶᠢ ᠠᠬᠢᠭᠤᠯᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ | ᠠᠯᠬᠤᠴᠠ ᠶᠢ ᠲᠦᠷᠭᠡᠳᠬᠡᠪᠡ᠃ | ᠬᠠᠶᠢᠷᠤᠪ ᠤᠨ ᠲᠤᠬᠤᠢ ᠶᠢᠨ ᠲᠣᠭᠤᠷᠢᠭ ᠤᠨ ᠬᠢᠨ ᠢᠮᠠᠭᠲᠠ ᠴᠢᠨᠠᠷ ᠰᠠᠶᠢᠲᠠᠢ ᠬᠥᠭᠵᠢᠯᠲᠡ ᠳᠤ | ᠠᠩᠬᠠᠷᠤᠯ ᠢᠶᠠᠨ ᠲᠥᠪᠯᠡᠷᠡᠭᠦᠯᠵᠦ᠂ ᠵᠢᠶᠠᠨ ᠯᠦᠩ᠂ ᠵᠢᠩ ᠶᠦᠨ ᠲᠦᠩ᠂ ᠪᠦᠦ ᠦ᠋ ᠵᠡᠷᠭᠡ ᠠᠵᠢᠯ ᠲᠦᠷᠦᠯ ᠤᠨ | ᠲᠠᠭᠠᠭᠤᠯᠤᠬᠴᠢ ᠠᠵᠤ ᠠᠬᠤᠶᠢᠯᠠᠯ ᠠᠮᠵᠢᠯᠲᠠ ᠲᠠᠢ ᠪᠠᠷ ᠣᠷᠣᠵᠤ ᠰᠠᠭᠤᠵᠤ᠂ ᠨᠡᠭᠦᠷᠡᠰᠦ ᠬᠡᠦᠷᠰᠢᠭᠦᠯᠦᠭᠰᠡᠨ ᠪᠤᠯᠤᠳ | ᠬᠢᠮᠢ ᠶᠢᠨ ᠤᠯᠠᠮᠵᠢᠯᠠᠯᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠪᠡ︔ | ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠣᠨᠣᠭᠯᠠᠯ ᠦᠢᠯᠡᠳᠬᠦ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ | ᠲᠠᠰᠤᠷᠠᠯᠲᠠ ᠦᠭᠡᠢ ᠪᠤᠵᠠᠭᠠᠶᠢᠷᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠠᠯᠬᠤᠴᠠ ᠲᠦᠷᠭᠡᠳᠪᠡ︔ ᠰᠢᠨ᠎ᠡ ᠪᠠᠷ 200 ᠭᠠᠷᠤᠶ ᠨᠠᠷᠠᠲᠠᠶ | ᠠᠷᠠᠯᠵᠢᠶ᠎ᠠ ᠬᠤᠳᠠᠯᠳᠤᠭᠠᠨ ᠤ ᠨᠠᠷᠠᠲᠤ ᠲᠥᠷᠥᠯ ᠲᠡᠮᠳᠡᠭᠲᠦ ᠶᠢ ᠨᠡᠮᠡᠭᠳᠡᠭᠦᠯᠵᠦ᠂ ᠰᠦᠯᠵᠢᠶᠡᠨ ᠤ ᠠᠵᠤ ᠠᠬᠤᠶ᠂ | ᠠᠩᠬᠠᠨ ᠤ ᠳᠡᠯᠭᠡᠭᠦᠷ ᠤᠨ ᠠᠵᠤ ᠠᠬᠤᠶ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠦᠳᠲᠡᠷ ᠲᠦᠷᠭᠡᠨ | ᠬᠥᠭᠵᠢᠪᠡ︔ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠤᠨ ᠬᠥᠲᠥᠴᠢ ᠠᠵᠤ ᠠᠬᠤᠶᠢᠯᠠᠯ ᠢ | ᠨᠡᠶᠢᠲᠡ 7 ᠪᠤᠶᠢᠵᠢᠭᠤᠯᠵᠤ᠂ ᠬᠠᠨ ᠰᠧᠨ᠂ ᠶᠦᠨ ᠹᠸᠢ ᠵᠡᠷᠭᠡ ᠨᠠᠷᠠᠲᠤ ᠲᠡᠮᠳᠡᠭᠲᠦ ᠨᠢ ᠪᠥᠬᠦ ᠤᠯᠤᠰ᠂ | ᠥᠪᠡᠷᠲᠡᠭᠡᠨ ᠵᠠᠰᠠᠬᠤ ᠣᠷᠣᠨ ᠤ ᠨᠠᠷᠠᠲᠤ ᠲᠠᠸᠠᠷ ᠤᠨ ᠲᠡᠮᠳᠡᠭ ᠢ ᠢᠷᠠᠭᠤ ᠠᠯᠳᠠᠷᠲᠠᠶ ᠪᠠᠷ ᠭᠥᠷᠳᠡᠪᠡ᠃ | ᠬᠠᠶᠢᠷᠤᠪ ᠤᠨ ᠲᠤᠬᠤᠢ ᠲᠣᠭᠤᠷᠢᠭ ᠨᠢ ᠤᠯᠤᠰ ᠤᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ | ᠠᠭᠤᠰᠤᠯᠴᠠᠭᠤᠯᠤᠨ ᠬᠥᠭᠵᠢᠭᠦᠯᠬᠦ ᠲᠤᠷᠰᠢᠯᠲᠠ ᠶᠢᠨ ᠬᠤᠰᠢᠭᠤ ᠰᠢᠶᠠᠨ ︵ᠲᠣᠭᠤᠷᠢᠭ︶ ᠢᠶᠠᠷ ᠦᠨᠡᠯᠡᠭᠳᠡᠪᠡ᠃ | ᠴᠡᠭᠡᠯ ᠠᠭᠤᠯᠠ ᠪᠠᠯᠭᠠᠰᠤ ᠪᠦᠬᠦ ᠤᠯᠤᠰ ᠤᠨ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢᠨ | ᠢᠷᠠᠭᠤ ᠠᠯᠳᠠᠷ ᠢ ᠬᠦᠷᠲᠡᠪᠡ᠃ | ᠡᠨᠡ ᠵᠢᠯ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ | ᠲᠥᠪᠯᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠦᠳᠦᠯᠦᠨ ᠳᠠᠭᠠᠭᠤᠯᠬᠤ | ᠦᠢᠯᠡᠳᠦᠯ ᠢ ᠬᠦᠴᠦᠯᠡᠨ ᠴᠢᠩᠭᠠᠳᠬᠠᠵᠤ᠂ ︽ᠡᠭᠦᠯᠡᠨ ᠪᠤᠳᠤᠯᠳᠠ ᠳᠤ ᠬᠡᠷᠡᠭᠯᠡᠬᠦ ᠲᠤᠭ᠎ᠠ ᠬᠡᠮᠵᠢᠶ᠎ᠡ ᠪᠠᠷ ᠤᠶᠤᠨ | ᠤᠬᠠᠭᠠᠨ ᠣᠯᠭᠤᠬᠤ︾ ᠪᠠ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠶᠢᠨ ᠪᠣᠭᠤᠮᠲᠠ | ᠰᠢᠪᠲᠤᠯᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ︽ᠬᠤᠶᠠᠷ ᠳᠠᠬᠢᠨ ᠢᠶᠠᠷ | ᠨᠡᠮᠡᠭᠳᠡᠭᠦᠯᠬᠦ︾ ᠲᠥᠯᠥᠪᠯᠡᠭᠡ ᠶᠢ ᠠᠬᠢᠭᠤᠯᠤᠨ᠎ᠠ︔ ᠲᠦᠷᠦᠯ ᠵᠦᠢᠯ ᠤᠨ ᠭᠤᠣᠯ ᠬᠥᠳᠡᠯᠭᠡᠭᠦᠷ ᠢ ᠶᠡᠬᠡᠪᠡᠷ | ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ ᠢ ᠰᠦᠪᠡᠭᠴᠢᠯᠡᠵᠦ᠂ ᠲᠦᠷᠦᠯ ᠵᠦᠢᠯ ᠢ | ᠲᠠᠲᠠᠵᠤ᠂ ᠲᠦᠷᠦᠯ ᠵᠦᠢᠯ ᠢ ᠪᠠᠶᠢᠭᠤᠯᠵᠤ᠂ ᠤᠨᠴᠠᠯᠢᠭᠳᠤ ᠳᠠᠪᠠᠭᠤᠯᠢᠭ ᠢ ᠳᠤᠪᠤᠶᠢᠯᠭᠠᠵᠤ᠂ ︽ᠬᠡᠯᠬᠢᠶ᠎ᠡ ᠶᠢᠨ | ᠳᠠᠷᠤᠭ᠎ᠠ ᠶᠢᠨ ᠳᠦᠷᠢᠮ︾ ᠪᠣᠯᠤᠨ ᠲᠠᠭᠠᠭᠤᠯᠤᠭᠴᠢ ᠠᠵᠤ ᠠᠬᠤᠶᠢᠯᠠᠯ ᠤᠨ ︽ᠬᠡᠯᠬᠢᠶ᠎ᠡ ᠶᠢᠨ ᠡᠵᠡᠨ︾ ᠤ | ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠳᠤᠤᠷᠠᠳᠤ ᠤᠷᠤᠰᠬᠠᠯ ᠤᠨ ᠠᠵᠤ | ᠠᠬᠤᠶᠢᠯᠠᠯ᠂ ᠬᠠᠮᠵᠢᠯᠴᠠᠨ ᠢᠵᠢ ᠪᠦᠷᠢᠳᠦᠭᠦᠯᠬᠦ ᠠᠵᠤ ᠠᠬᠤᠶᠢᠯᠠᠯ ᠢ ᠲᠠᠲᠠᠬᠤ ᠪᠠ ᠪᠤᠶᠢᠵᠢᠭᠤᠯᠬᠤ ᠡᠷᠴᠢᠮ ᠢ | ᠴᠢᠩᠭᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠤᠶᠠᠨ ᠬᠠᠳᠠᠨ ᠴᠢᠨᠠᠷ ᠢ ᠴᠢᠩᠭᠠᠷᠠᠭᠤᠯᠤᠨ᠎ᠠ︔ ᠳᠠᠪᠠᠭᠤᠯᠢᠭ | ᠠᠵᠤ ᠦᠢᠯᠡᠰ ᠤᠨ ᠪᠦᠯᠦᠭᠵᠢᠯ ᠢ ᠢᠳᠡᠪᠬᠢᠲᠡᠢ ᠪᠠᠷ ᠬᠦᠴᠦᠷᠬᠡᠭᠵᠢᠭᠦᠯᠵᠦ᠂ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠬᠦ ᠬᠦᠷᠢᠶᠡᠯᠡᠩ ᠢ ᠪᠠᠶᠢᠭᠤᠯᠬᠤ ᠬᠠᠷᠠᠯᠲᠠ ᠶᠢᠨ | ᠲᠣᠭᠤᠷᠢᠨ ᠳᠤ᠂ ᠠᠵᠤ ᠦᠢᠯᠡᠰ ᠤᠨ ᠬᠤᠯᠪᠣᠯᠳᠤᠯ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠵᠤ᠂ | ᠨᠡᠭᠦᠷᠡᠰᠦ ᠬᠡᠦᠷᠰᠢᠭᠦᠯᠦᠭᠰᠡᠨ ᠪᠤᠯᠤᠳ ᠲᠡᠮᠦᠷ ᠤᠨ ᠠᠵᠤ ᠦᠢᠯᠡᠰ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ | ᠬᠡᠷᠡᠭᠲᠡᠢ︔ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠰᠠᠭᠤᠷᠢᠨ ᠭᠠᠵᠠᠷ ᠢ ᠬᠦᠴᠦᠯᠡᠨ ᠪᠠᠶᠢᠭᠤᠯᠵᠤ᠂ ᠤᠯᠠᠨ | ᠡᠨᠧᠷᠭᠢ ᠶᠢᠨ ᠬᠠᠷᠢᠯᠴᠠᠨ ᠨᠥᠬᠦᠪᠥᠷᠢᠯᠡᠬᠦ ᠡᠨᠧᠷᠭᠢ ᠶᠢᠨ ᠰᠤᠷᠪᠤᠯᠵᠢ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ | ᠠᠵᠤ ᠠᠬᠤᠶ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠬᠦᠴᠦᠯᠡᠨ ᠪᠤᠶᠢᠵᠢᠭᠤᠯᠵᠤ᠂ ᠤᠯᠠᠮᠵᠢᠯᠠᠯᠲᠤ ᠠᠵᠤ | ᠦᠢᠯᠡᠰ ᠤᠨ ᠲᠤᠭᠠᠵᠢᠭᠤᠯᠤᠭᠰᠠᠨ ᠥᠭᠡᠷᠡᠴᠢᠯᠡᠯᠲᠡ ᠶᠢ ᠲᠦᠷᠭᠡᠳᠬᠡᠨ᠎ᠡ᠃ | ᠬᠠᠶᠢᠷᠤᠪ ᠤᠨ ᠲᠤᠬᠤᠢ ᠲᠣᠭᠤᠷᠢᠭ ᠤᠨ ᠬᠢᠨ ᠬᠦᠴᠦ ᠪᠠᠨ ᠲᠥᠪᠯᠡᠷᠡᠭᠦᠯᠦᠨ ᠤᠳᠤ ᠦᠶ᠎ᠡ ᠶᠢᠨ | ᠦᠢᠯᠡᠴᠢᠯᠡᠭᠡᠨ ᠤ ᠦᠢᠯᠡᠰ ᠢ ᠳᠡᠭᠡᠭᠰᠢᠯᠡᠭᠦᠯᠵᠦ᠂ ᠤᠯᠠᠨ ᠲᠦᠮᠡᠨ ᠤ ᠤᠯᠠᠨ ᠡᠰᠢᠴᠢᠯᠡᠭᠰᠡᠨ ᠬᠡᠷᠡᠭᠯᠡᠭᠡᠨ ᠤ | ᠬᠡᠷᠡᠭᠴᠡᠭᠡ ᠲᠠᠢ ᠨᠢᠭᠲᠠ ᠤᠶᠠᠯᠳᠤᠭᠤᠯᠵᠤ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠪᠣᠯᠤᠨ | ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ | ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠳᠡᠭᠡᠭᠰᠢᠯᠡᠯᠲᠡ ᠶᠢ ᠬᠡᠷᠡᠭᠯᠡᠭᠡ ᠶᠢᠨ ᠨᠡᠮᠡᠭᠳᠡᠯ ᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠮᠣᠯ ᠬᠤᠳᠠ᠂ ᠵᠢᠤ ᠯᠦᠩ ᠤᠯᠠᠨ ᠤᠯᠤᠰ ᠤᠨ ᠬᠤᠳᠠᠯᠳᠤᠭᠠᠨ ᠤ ᠴᠣᠭᠴᠠ | ᠪᠣᠯᠤᠨ ᠭᠤᠸᠠᠩ ᠶᠤᠸᠠᠨ ᠸᠠᠨ ᠳ᠋ᠠ ᠪᠠᠭᠤᠳᠠᠯ ᠤᠨ ᠠᠵᠢᠯ ᠡᠬᠢᠯᠡᠬᠦ ᠶᠢ ᠪᠠᠲᠤᠯᠠᠵᠤ᠂ ᠨᠢᠭᠡᠳᠦᠭᠡᠷ ᠨᠣᠮᠧᠷᠲᠤ | ᠪᠠᠷᠠᠭᠠᠨ ᠤ ᠭᠦᠢᠯᠭᠡᠭᠡᠨ ᠤ ᠤᠶᠤᠨᠲᠤ ᠵᠠᠰᠠᠮᠠᠯ ᠵᠠᠮ ᠤᠨ ᠭᠠᠷᠠᠮ ᠵᠡᠷᠭᠡ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠵᠧᠵᠢᠶᠠᠩ ᠤᠨ ᠬᠤᠳᠠᠯᠳᠤᠭ᠎ᠠ ᠬᠤᠳᠠᠯᠳᠤᠭᠠᠨ ᠤ ᠬᠤᠳᠠ ᠶᠢ ᠠᠮᠢᠯᠠᠭᠤᠯᠬᠤ ᠪᠠᠷ | ᠴᠢᠷᠮᠠᠶᠢᠵᠤ᠂ ᠢ ᠯᠢᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠲᠦᠷᠦᠯ ᠵᠦᠢᠯ ᠢ ᠡᠬᠢᠯᠡᠭᠦᠯᠦᠨ᠎ᠡ︔ | ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠰᠢᠨ᠎ᠡ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ | ᠦᠵᠡᠮᠵᠢ ᠶᠢᠨ ᠣᠷᠣᠨ ᠤ ᠵᠢᠭᠤᠯᠴᠢᠯᠠᠭᠴᠢᠳ ᠤᠨ ᠥᠷᠲᠡᠭᠡ᠂ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ | ᠲᠥᠪ ᠵᠡᠷᠭᠡ ᠲᠥᠷᠥᠯ ᠵᠤᠶᠢᠯ ᠢ ᠬᠡᠷᠡᠭᠵᠢᠭᠦᠯᠦᠨ᠂ ᠶᠦᠨ ᠹᠸᠢ ᠠᠷᠢᠬᠢᠨ ᠮᠤᠬᠤᠯᠠᠭ ᠲᠤ 3A ᠲᠠᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠳᠡᠮᠵᠢᠵᠦ᠂ ᠨᠠᠩ ᠣᠯᠠᠨ ᠰᠣᠶᠣᠯ ᠪᠡᠶ᠎ᠡ ᠶᠢᠨ | ᠲᠠᠮᠢᠷ ᠤᠨ ᠵᠢᠭᠤᠯᠴᠢᠯᠠᠯ ᠤᠨ ᠵᠠᠮ ᠱᠤᠭᠤᠮ ᠪᠠ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠪᠦᠲᠦᠭᠡᠭᠳᠡᠬᠦᠨ ᠢ ᠪᠣᠶ | ᠪᠣᠯᠭᠠᠵᠤ᠂ ᠴᠢᠨᠠᠷ ᠰᠠᠶᠢᠲᠠᠶ ᠵᠢᠭᠤᠯᠴᠢᠯᠠᠯ ᠤᠨ ᠤᠶᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠥᠬᠡᠶ | ᠨᠡᠮᠡᠭᠳᠡᠭᠦᠯᠦᠨ᠎ᠡ᠃ | ᠬᠠᠶᠢᠷᠤᠪ ᠤᠨ ᠲᠤᠬᠤᠢ ᠲᠣᠭᠤᠷᠢᠭ ᠤᠨ ᠬᠢᠨ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢᠨ ᠪᠦᠳᠦᠬᠡᠨ | ᠪᠠᠶᠢᠭᠤᠯᠤᠯᠲᠠ ᠶᠢᠨ ᠠᠯᠬᠤᠴᠠ ᠪᠠᠨ ᠲᠦᠷᠭᠡᠳᠬᠡᠵᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ | ᠭᠦᠨᠵᠡᠭᠡᠢ ᠠᠭᠤᠰᠤᠯᠴᠠᠭᠤᠯᠬᠤ᠂ ᠠᠵᠤ ᠦᠢᠯᠡᠰ ᠤᠨ ᠰᠤᠷᠭᠠᠨ ᠬᠥᠮᠦᠵᠢᠯ ᠰᠣᠶᠣᠯ ᠵᠤᠭᠠᠴᠠᠯ ᠤᠨ ︽ᠭᠤᠷᠪᠠ ᠶᠢ | ᠨᠢᠭᠡ ᠴᠤᠬᠴᠠᠵᠢᠭᠤᠯᠬᠤ︾ ᠲᠣᠭᠤᠷᠢᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢ ᠪᠦᠬᠦ ᠲᠠᠯ᠎ᠠ ᠪᠠᠷ ᠠᠬᠢᠭᠤᠯᠤᠨ᠎ᠠ᠃ ᠲᠠᠷᠢᠶᠠᠯᠠᠩ ᠤᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ | ᠣᠷᠣᠨ ᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠪᠣᠬᠢᠷᠲᠤᠯ ᠥᠬᠡᠶ ᠴᠢᠨᠠᠷ ᠰᠠᠶᠢᠲᠠᠶ ᠪᠦᠲᠦᠭᠡᠭᠳᠡᠬᠦᠨ ᠤ | ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢᠨ | ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ︽ᠦᠬᠠᠶ ᠶᠢᠨ ᠦᠵᠦᠮ︾ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠠᠮᠵᠢᠯᠴᠠᠨ ᠰᠢᠨ᠎ᠡ ᠶᠢ ᠡᠭᠦᠳᠬᠦ ᠲᠥᠪ᠂ ᠲᠣᠤᠷ ᠠᠷ ᠲᠠᠢ ᠠᠮᠲᠠᠲᠤ ᠬᠡᠮᠬᠡ | ᠵᠡᠷᠭᠡ ᠲᠥᠷᠥᠯ ᠵᠤᠶᠢᠯ ᠢ ᠰᠠᠶᠢᠲᠤᠷ ᠬᠡᠷᠡᠭᠵᠢᠭᠦᠯᠦᠨ᠎ᠡ︔ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠴᠢᠷᠮᠠᠶᠢᠨ | ᠪᠤᠢ ᠪᠣᠯᠭᠠᠵᠤ᠂ ᠲᠠᠷᠢᠶᠠᠯᠠᠩ ᠤᠨ ᠬᠥᠭᠵᠢᠯᠲᠡ ᠶᠢ ᠥᠨᠳᠥᠷ ᠪᠦᠲᠦᠮᠵᠢᠲᠡᠶ ᠤᠰᠤ ᠠᠷᠪᠢᠯᠠᠬᠤ᠂ ᠪᠣᠬᠢᠷᠲᠤᠯ ᠦᠭᠡᠢ | ᠦᠷᠭᠦᠯᠵᠢᠯᠡᠬᠦ ᠬᠡᠯᠪᠡᠷᠢ ᠲᠡᠰᠢ ᠬᠤᠪᠢᠷᠠᠭᠤᠯᠬᠤ ᠶᠢ ᠲᠦᠷᠭᠡᠳᠬᠡᠨ᠎ᠡ᠃ | ᠬᠠᠶᠢᠷᠤᠪ ᠤᠨ ᠲᠤᠬᠤᠢ ᠲᠣᠭᠤᠷᠢᠭ ᠤᠨ ᠬᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠦᠬᠦ | ᠬᠦᠴᠦᠨ ᠢᠶᠠᠷ ᠢᠶᠠᠨ ᠰᠢᠯᠢᠳᠡᠭᠵᠢᠭᠦᠯᠵᠦ᠂ ︽ ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠢ ᠠᠬᠢᠭᠤᠯᠵᠤ᠂ ︽ᠴᠠᠭᠠᠵᠠᠯᠠᠬᠤ ᠦᠭᠡᠢ ᠪᠣᠯ ᠣᠷᠣᠭᠤᠯᠬᠤ︾ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠨᠡᠩ ᠡᠷᠬᠡ ᠲᠡᠭᠰᠢ᠂ ᠲᠥᠪ ᠭᠤᠣᠯᠴᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ | ᠪᠣᠯᠭᠠᠨ᠎ᠠ︔ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠰᠢᠨ᠎ᠡ ᠲᠦᠷᠦ ᠶᠢᠨ ᠪᠤᠳᠤᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠪᠠ ᠵᠠᠰᠠᠭ ᠤᠨ ᠤᠷᠳᠤᠨ | ᠠᠵᠤ ᠠᠬᠤᠶᠢᠯᠠᠯ ᠤᠨ ᠨᠡᠪᠲᠡᠷᠡᠯᠴᠡᠬᠦ ᠲᠠᠪᠴᠠᠩ ᠢ ᠲᠡᠭᠦᠯᠳᠡᠷᠵᠢᠭᠦᠯᠦᠨ᠎ᠡ︔ ︽ᠨᠢᠭᠡ ᠴᠣᠩᠬᠤ ᠪᠠᠷ ᠭᠥᠯᠢᠶᠡᠨ | ᠠᠪᠴᠤ ᠰᠢᠢᠤᠡᠪᠤᠷᠢᠯᠡᠬᠦ︾ ︽ᠨᠢᠭᠡ ᠰᠦᠯᠵᠢᠶ᠎ᠡ ᠪᠠᠷ ᠨᠡᠶᠢᠳᠡᠮ ᠰᠢᠢᠤᠡᠪᠤᠷᠢᠯᠡᠬᠦ︾ ︽ᠮᠤᠵᠢ ᠠᠯᠤᠰᠯᠠᠨ ᠨᠡᠶᠢᠳᠡᠮ | ᠰᠢᠢᠤᠡᠪᠤᠷᠢᠯᠡᠬᠦ︾ ᠶᠢ ᠦᠷᠭᠦᠯᠵᠢᠯᠡᠨ ᠳᠥᠯᠭᠢᠨ ᠠᠬᠢᠭᠤᠯᠵᠤ᠂ ᠡᠯ᠎ᠡ ᠲᠥᠷᠥᠯ ᠤᠨ ᠬᠢᠨᠠᠨ ᠵᠥᠪᠰᠢᠶᠡᠷᠡᠬᠦ | ᠤᠶᠢᠯᠡᠴᠢᠯᠡᠭᠡᠨ ᠤ ᠴᠠᠭ ᠬᠤᠭᠤᠴᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠬᠠᠮᠤᠭ ᠤᠨ ᠶᠡᠭᠡ | ᠬᠡᠮᠵᠢᠶ᠎ᠡ ᠪᠠᠷ ᠠᠵᠤ ᠠᠬᠤᠶᠢᠯᠠᠯ ᠳᠤ ᠠᠰᠢᠭᠲᠠᠶ ᠠᠷᠠᠳ ᠲᠤ ᠲᠥᠬᠦᠮ ᠦᠵᠡᠭᠦᠯᠵᠦ᠂ ᠬᠤᠳᠠᠯᠳᠤᠭ᠎ᠠ ᠡᠷᠭᠢᠯᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ︽ᠬᠠᠶᠢᠷᠤᠪ ᠤᠨ ᠲᠤᠬᠤᠢ ᠶᠢᠨ ᠨᠠᠷᠠᠲᠤ ᠲᠡᠮᠳᠡᠭᠲᠦ︾ ᠶᠢ ᠪᠥᠬᠦ ᠲᠠᠯ᠎ᠠ ᠪᠠᠷ | ᠡᠬᠢᠯᠡᠭᠦᠯᠦᠨ᠎ᠡ᠃ | |