ᠬᠠᠶᠢᠷᠤᠪ ᠤᠨ ᠲᠤᠬᠤᠢ ᠲᠤᠭᠤᠷᠢᠭ ᠲᠤ ᠨᠡᠶᠢᠭᠡᠮ ᠤᠨ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ
ᠨᠡᠶᠢᠲᠡᠯᠡᠭᠰᠡᠨ ᠴᠠᠭ᠄
2022/3/18
      ᠤᠢᠢᠷ᠎ᠠ ᠶᠢᠨ ᠵᠢᠯ ᠠᠴᠠ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠬᠤᠷᠢᠭ᠎ᠠ ᠱᠤᠭᠤᠮ ᠢ ᠴᠢᠩᠭ᠎ᠠ ᠰᠠᠬᠢᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠶᠢ ᠪᠠᠷᠢᠮᠲᠠᠯᠠᠵᠤ᠂ ᠤᠳᠤ ᠦᠶ᠎ᠡ ᠶᠢᠨ ᠠᠮᠤᠷ ᠲᠦᠪᠰᠢᠨ ᠤ ᠰᠢᠰᠲ᠋ᠧᠮ ᠢ ᠢᠳᠡᠪᠬᠢᠲᠡᠢ ᠪᠦᠷᠢᠨᠰᠢᠬᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠤᠷ ᠲᠦᠪᠰᠢᠨ ᠤ ᠣᠷᠴᠢᠨ ᠲᠣᠭᠤᠷᠢᠨ ᠢ ᠪᠤᠢ ᠪᠣᠯᠭᠠᠵᠤ᠂ ᠠᠶᠤᠯ ᠲᠦᠭᠰᠢᠭᠦᠷᠢ ᠶᠢ ᠮᠠᠭᠠᠳᠯᠠᠬᠤ ᠪᠠ ᠰᠢᠢᠳᠪᠦᠷᠢᠯᠡᠬᠦ ᠴᠢᠳᠠᠪᠤᠷᠢ ᠤᠯᠠᠮ ᠴᠢᠨᠠᠭᠰᠢᠳᠠ ᠳᠡᠭᠡᠭᠰᠢᠯᠡᠪᠡ᠃      ᠬᠠᠶᠢᠷᠤᠪ ᠤᠨ ᠲᠤᠬᠤᠢ ᠲᠣᠭᠤᠷᠢᠭ ᠤᠨ ᠬᠢᠨ ᠥᠨᠳᠥᠷ ᠪᠦᠲᠦᠮᠵᠢᠲᠡᠢ ᠵᠠᠰᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾᠎ ᠶᠢ ᠢᠳᠡᠪᠬᠢᠲᠡᠢ ᠦᠢᠯᠡᠳᠦᠯᠭᠡᠵᠢᠭᠦᠯᠵᠦ᠂ ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠵᠢᠯᠣᠭᠤᠳᠬᠤ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠳᠠ ᠶᠢᠨ ᠪᠦᠰᠡ ᠶᠢᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ  ᠴᠡᠭ ᠤᠨ ᠤᠯᠤᠰ ᠤᠨ ᠰᠢᠯᠭᠠᠯᠲᠠ ᠶᠢ ᠥᠨᠳᠥᠷ ᠶᠠᠰᠤ ᠴᠢᠨᠠᠷᠲᠠᠢ ᠪᠠᠷ ᠥᠩᠭᠡᠷᠡᠭᠡᠵᠦ᠂ ᠨᠡᠶᠢᠭᠡᠮ ᠤᠨ ᠵᠠᠰᠠᠯᠲᠠ ᠶᠢ ᠦᠷᠭᠦᠯᠵᠢᠯᠡᠨ ᠬᠦᠴᠦᠯᠡᠨ ᠭᠦᠨᠵᠡᠭᠡᠶᠢᠷᠡᠭᠦᠯᠦᠨ᠎ᠡ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠲᠦᠷᠢᠮ ᠢ ᠲᠡᠭᠦᠯᠳᠡᠷᠵᠢᠭᠦᠯᠵᠦ᠂ ᠵᠢᠷᠤᠮᠵᠢᠭᠰᠠᠨ ᠪᠥᠭᠡᠳ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ︽ᠨᠢᠭᠡ ᠬᠤᠷᠢᠶ᠎ᠠ ᠨᠢᠭᠡ ᠲᠣᠰᠬᠤᠨ ᠨᠢᠭᠡ ᠠᠵᠤ ᠠᠬᠤᠶᠢᠯᠠᠯ ᠳᠤ ᠨᠢᠭᠡ ᠵᠢᠯ ᠳᠤ ᠨᠢᠭᠡ ᠤᠴᠢᠷ ᠶᠠᠪᠤᠳᠠᠯ︾᠎ ᠢᠶᠠᠷ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ + ᠨᠡᠶᠢᠭᠡᠮ ᠤᠨ ᠵᠠᠰᠠᠯᠲᠠ︾᠎ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ︔ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠵᠠᠰᠠᠯᠲᠠ ᠶᠢ ᠠᠬᠢᠭᠤᠯᠵᠤ᠂ ᠤᠯᠠᠨ ᠲᠦᠮᠡᠨ ᠤ ᠬᠥᠳᠡᠭᠡ ᠲᠣᠰᠬᠤᠨ ᠤ ᠵᠠᠰᠠᠯᠲᠠ ᠳᠤ ᠣᠷᠣᠯᠴᠠᠬᠤ ᠠᠷᠭ᠎ᠠ ᠵᠠᠮ ᠢ ᠰᠢᠯᠤᠭᠤᠳᠬᠠᠵᠤ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠰᠤᠷᠲᠠᠬᠤᠨ ᠢᠶᠠᠷ ᠵᠠᠰᠠᠬᠤ ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠦᠷᠭᠦᠯᠵᠢᠯᠡᠨ ᠪᠦᠷᠢᠨᠰᠢᠬᠦᠯᠦᠨ᠎ᠠ᠃      ᠬᠠᠶᠢᠷᠤᠪ ᠤᠨ ᠲᠤᠬᠤᠢ ᠲᠣᠭᠤᠷᠢᠭ ᠤᠨ ᠬᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠤᠷᠲᠤ ᠬᠤᠭᠤᠴᠠᠭ᠎ᠠ ᠪᠠᠷ ᠪᠠᠲᠤ ᠰᠠᠬᠢᠵᠤ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠶ ᠲᠥᠯᠥᠪᠯᠡᠵᠦ᠂ ᠡᠯ᠎ᠡ ᠲᠦᠷᠦᠯ ᠤᠨ ᠬᠦᠨᠳᠦ ᠶᠡᠭᠡ ᠠᠶᠤᠯ ᠲᠦᠭᠰᠢᠭᠦᠷᠢ ᠶᠢᠨ ᠥᠷᠢᠰᠥᠯᠳᠦᠭᠡᠨ ᠢ ᠬᠦᠴᠦᠯᠡᠨ ᠰᠡᠷᠭᠡᠶᠢᠯᠡᠨ ᠠᠷᠢᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠮᠠᠭᠲᠠ ᠬᠢᠴᠢᠶᠡᠨ ᠰᠠᠶᠢᠲᠤᠷ ᠠᠳᠬᠤᠵᠤ᠂ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠦᠷᠢᠨᠰᠢᠬᠦᠯᠵᠤ᠂ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠬᠦ ᠪᠠ ᠬᠡᠰᠡᠭ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠲᠠᠬᠢᠨ ᠰᠡᠷᠭᠦᠭᠡᠵᠦ ᠮᠡᠳᠡᠬᠦ ᠠᠯᠢᠪᠠ ᠨᠦᠬᠡ ᠪᠠ ᠡᠮᠵᠡᠭ ᠲᠠᠯ᠎ᠠ ᠶᠢ ᠬᠤᠷᠢᠭᠯᠠᠵᠤ᠂ ᠰᠡᠷᠭᠡᠶᠢᠯᠡᠨ ᠡᠵᠡᠮᠳᠡᠬᠦ ᠠᠵᠢᠯ ᠢ ᠰᠤᠯᠠᠷᠠᠭᠤᠯᠬᠤ ᠦᠭᠡᠢ ᠂ ᠬᠢᠵᠢᠭ ᠤᠨ ᠪᠠᠶᠢᠳᠠᠯ ᠢ ᠲᠠᠬᠢᠨ ᠰᠡᠷᠭᠦᠭᠡᠬᠦ ᠦᠭᠡᠢ᠂ ᠬᠥᠭᠵᠢᠯᠲᠡ ᠶᠢ ᠵᠤᠬᠰᠤᠰᠢ ᠦᠭᠡᠢ ᠬᠥᠭᠵᠢᠭᠦᠯᠬᠦ ᠶᠢ ᠪᠠᠲᠤᠯᠠᠬᠤ ᠬᠡᠷᠡᠭᠲᠡᠢ᠃ ᠰᠢᠨ᠎ᠡ ᠠᠮᠤᠷ ᠲᠦᠪᠰᠢᠨ ᠤ ᠬᠠᠤᠯᠢ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠬᠢᠬᠦ︾ ᠱᠠᠭᠠᠷᠳᠠᠯᠭ᠎ᠠ ᠶᠣᠰᠣᠭᠠᠷ᠂ ᠡᠯ᠎ᠡ ᠲᠠᠯ᠎ᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠮᠤᠷ ᠲᠦᠪᠰᠢᠨ ᠤ ᠳᠠᠯᠳᠠ ᠬᠡᠮ ᠢ ᠭᠦᠨᠵᠡᠭᠡᠶ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠮᠤᠷ ᠲᠦᠪᠰᠢᠨ ᠤ  ᠤᠶᠢᠯᠡᠤᠡᠪᠤᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠤᠷᠤᠭᠰᠢᠲᠠᠶ ᠳᠠᠭᠤᠰᠬᠠᠬᠤ ᠶᠢ ᠪᠡᠶᠡᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠵᠢᠯᠣᠭᠤᠳᠬᠤ ᠲᠥᠪ ᠤᠨ ᠲᠠᠪᠴᠠᠩ ᠪᠠ ᠬᠤᠳᠠᠯᠳᠤᠭᠠᠨ ᠤ ᠭᠤᠤᠯ ᠲᠣᠭᠤᠷᠢᠭ ᠤᠨ ᠭᠠᠯ ᠤᠨᠲᠠᠷᠠᠭᠠᠬᠤ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠬᠦ ᠬᠥᠮᠥᠷᠭᠡ ᠶᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠤᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠡᠷᠡᠰ ᠰᠠᠬᠢᠨ ᠬᠠᠮᠠᠭᠠᠯᠠᠬᠤ ᠬᠡᠷᠡᠭᠲᠡᠢ︔ ᠨᠡᠩ ᠥᠨᠳᠥᠷ ᠲᠦᠪᠰᠢᠨ ᠪᠦᠬᠦᠢ ᠠᠮᠤᠷ ᠲᠠᠶᠢᠪᠤᠩ ᠬᠠᠶᠢᠷᠤᠪ ᠤᠨ ᠲᠤᠬᠤᠢ᠂ ᠬᠠᠤᠯᠢ ᠪᠠᠷ ᠵᠠᠰᠠᠬᠤ ᠬᠠᠶᠢᠷᠤᠪ ᠤᠨ ᠲᠤᠬᠤᠢ ᠶᠢ ᠪᠦᠳᠦᠭᠡᠨ ᠪᠠᠶᠢᠭᠤᠯᠵᠤ ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠪᠠᠲᠤᠯᠠᠨ᠎ᠠ᠃      ᠬᠠᠶᠢᠷᠤᠪ ᠤᠨ ᠲᠤᠬᠤᠢ ᠲᠣᠭᠤᠷᠢᠭ ᠤᠨ ᠬᠢᠨ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨᠬᠦ ᠪᠠᠲᠤᠳᠬᠠᠵᠤ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ᠎ᠠ︔ ᠰᠢᠨ᠎ᠡ ᠪᠠᠶᠢᠳᠠᠯ ᠤᠨ ᠳᠣᠤᠷᠠᠬᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠡᠮᠡᠭᠲᠡᠶᠢᠴᠦᠳ ᠬᠡᠤᠬᠡᠳ᠂ ᠠᠷᠠᠳ ᠤᠨ ᠵᠡᠪᠰᠡᠭᠲᠦ ᠬᠦᠴᠦᠨ᠂ ᠬᠤᠶᠠᠷ ᠢ ᠬᠦᠷᠢᠶᠡᠯᠡᠬᠦ ᠵᠢᠴᠢ ᠵᠡᠮᠳᠡᠭᠴᠦᠳ ᠵᠡᠷᠭᠡ ᠡᠯ᠎ᠡ  ᠵᠤᠶᠢᠯ ᠤᠨ ᠠᠵᠢᠯ ᠢ ᠰᠠᠶᠢᠲᠤᠷ ᠬᠢᠵᠦ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠠᠷᠠᠳ ᠤᠨ ᠪᠦᠯᠬᠦᠮ ᠤᠨ ᠬᠥᠭᠦᠷᠭᠡ ᠬᠤᠯᠪᠣᠭᠠᠰᠤ ᠶᠢᠨ  ᠤᠶᠢᠯᠡᠳᠤᠯ ᠢᠶᠠᠨ ᠨᠠᠩ ᠰᠠᠶᠢᠲᠤᠷ ᠪᠠᠳᠠᠷᠠᠭᠤᠯᠬᠤ ᠶᠢ ᠳᠡᠮᠵᠢᠨ᠎ᠡ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号