ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠰᠠᠶᠢᠲᠤᠷ ᠠᠳᠬᠤᠬᠤ ᠳᠤ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠪᠠᠷ ᠭᠤᠣᠯᠳᠠᠯᠭ᠎ᠠ ᠪᠣᠯᠭᠠᠵᠤ᠂ ᠵᠠᠩᠭᠢᠯᠠᠭ᠎ᠠ ᠨᠢ ᠠᠵᠢᠯᠯᠠᠭ᠎ᠠ ᠶᠢ ᠦᠵᠡᠬᠦ | ᠬᠡᠷᠡᠭᠲᠡᠢ᠃ ᠣᠶᠢᠷ᠎ᠠ ᠶᠢᠨ ᠵᠢᠯ ᠳᠤ᠂ ᠬᠠᠶᠢᠷᠤᠪ ᠤᠨ ᠲᠤᠬᠤᠢ ᠲᠤᠭᠤᠷᠢᠭ ᠲᠤ ᠠᠮᠢ ᠠᠬᠤᠶ ᠶᠢᠨ ᠬᠠᠯᠬᠠᠪᠴᠢ ᠶᠢ | ᠦᠷᠭᠦᠯᠵᠢᠯᠡᠨ ᠪᠠᠬᠢᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠬᠠᠶᠢᠷᠤᠪ ᠤᠨ ᠲᠤᠬᠤᠢ ᠲᠤ | ᠦᠨᠳᠦᠰᠦᠯᠡᠭᠦᠯᠬᠦ ᠶᠢ ᠦᠨᠡᠨᠬᠦ ᠠᠬᠢᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ | ᠠᠭᠤᠯᠠ︾ ᠭᠡᠬᠦ ᠤᠢᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠤᠯᠤᠰ ᠲᠦᠷᠦ ᠶᠢᠨ ᠲᠠᠯ᠎ᠠ ᠠᠴᠠ ᠠᠮᠢ | ᠠᠬᠤᠢ ᠶᠢᠨ ᠪᠣᠯᠪᠠᠰᠤᠨ ᠢ ᠬᠠᠷᠠᠬᠤ᠂ ᠤᠯᠤᠰ ᠲᠦᠷᠦ ᠶᠢᠨ ᠲᠠᠯ᠎ᠠ ᠠᠴᠠ ᠣᠷᠴᠢᠨ ᠲᠣᠭᠤᠷᠢᠨ ᠤ ᠵᠠᠰᠠᠯᠲᠠ ᠶᠢ | ᠠᠳᠬᠤᠬᠤ ᠶᠢ ᠪᠠᠷᠢᠮᠲᠠᠯᠠᠵᠤ᠂ ᠬᠦᠬᠡ ᠲᠩᠷᠢ᠂ ᠨᠣᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ | ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ | ᠵᠠᠰᠠᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ 5 ᠪᠣᠬᠢᠷᠲᠤᠯ ᠦᠭᠡᠢ ᠠᠭᠤᠷᠬᠠᠢ ᠶᠢ | ᠪᠠᠶᠢᠭᠤᠯᠵᠤ᠂ 4365 ᠮᠦ ᠠᠭᠤᠷᠬᠠᠢ ᠶᠢᠨ ᠣᠷᠣᠨ ᠢ ᠰᠡᠷᠭᠦᠭᠡᠨ ᠬᠠᠭᠠᠯᠪᠤᠷᠢᠯᠠᠵᠤ ᠨᠣᠭᠤᠭᠠᠷᠠᠭᠤᠯᠬᠤ ᠶᠢ | ᠪᠡᠶᠡᠯᠡᠭᠦᠯᠦᠨ᠎ᠡ᠃ ᠡᠭᠦᠨ ᠤ ᠵᠡᠷᠭᠡᠪᠡᠷ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ | ᠡᠯᠡᠰᠦ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠬᠠᠳᠤᠨ ᠭᠤᠣᠯ ᠤᠨ ᠬᠠᠶᠢᠷᠤᠪ ᠤᠨ | ᠲᠤᠬᠤᠢ ᠶᠢᠨ ᠬᠡᠰᠡᠭ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠮᠦᠨ ᠳᠤᠮᠳᠠᠴᠢ ᠶᠢᠨ ᠨᠡᠶᠢᠲᠡ ᠶᠢᠨ ᠬᠡᠷᠡᠭᠯᠡᠭᠡᠨ ᠤ ᠵᠦᠯᠭᠡ ᠭᠠᠵᠠᠷ ᠤᠨ | ᠲᠠᠯᠠᠪᠠᠢ 22.5% ᠲᠤ ᠬᠦᠷᠴᠦ᠂ ᠲᠡᠦᠬᠡ ᠶᠢᠨ ᠬᠠᠮᠤᠭ ᠤᠨ ᠰᠠᠶᠢᠨ ᠲᠦᠪᠰᠢᠨ ᠳᠤ ᠬᠦᠷᠴᠡᠢ᠃ | ᠬᠠᠶᠢᠷᠤᠪ ᠤᠨ ᠲᠤᠬᠤᠢ ᠲᠣᠭᠤᠷᠢᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠤ ︽ᠦᠬᠠᠢ ᠵᠢᠴᠢ ᠡᠷᠬᠢᠨ | ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ | ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠬᠤ ᠬᠡᠷᠡᠭᠲᠡᠢ︾ ᠭᠡᠬᠦ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽1+7︾ ᠶᠢᠨ ᠠᠮᠢ | ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠪᠠᠶᠢᠷᠢᠰᠢᠯ ᠢ ᠯᠠᠪᠳᠠᠭᠤᠨ ᠪᠠᠲᠤᠲᠠᠢ ᠪᠠᠶᠢᠭᠤᠯᠵᠤ᠂ ᠠᠮᠢ | ᠠᠬᠤᠢ ᠶᠢᠨ ᠣᠷᠴᠢᠨ ᠲᠣᠭᠤᠷᠢᠨ ᠤ ᠶᠡᠭᠡ ᠬᠠᠮᠠᠭᠠᠯᠠᠯᠲᠠ ᠶᠡᠭᠡ ᠵᠠᠰᠠᠯᠲᠠ ᠶᠢ ᠳᠤᠪᠤᠶᠢᠮ᠎ᠠ ᠰᠠᠶᠢᠲᠤᠷ ᠠᠳᠬᠤᠬᠤ | ᠬᠡᠷᠡᠭᠲᠡᠢ︔ ᠠᠭᠤᠷᠬᠠᠶ ᠶᠢᠨ ᠣᠷᠣᠨ ᠤ ᠵᠠᠰᠠᠯᠲᠠ ᠶᠢ ᠭᠦᠨᠵᠡᠭᠡᠶ ᠳᠥᠯᠭᠢᠨ ᠠᠬᠢᠭᠤᠯᠵᠤ᠂ ᠪᠥᠬᠦ ᠬᠤᠲᠠ ᠶᠢᠨ | ᠲᠠᠯᠠᠪᠠᠶ ᠪᠠᠷ ᠬᠠᠮᠤᠭ ᠤᠨ ᠶᠡᠭᠡ᠂ ᠬᠤᠲᠠ ᠶᠢᠨ ᠲᠣᠭᠤᠷᠢᠭ ᠠᠴᠠ ᠬᠠᠮᠤᠭ ᠤᠨ ᠣᠶᠢᠷ᠎ᠠ᠂ ᠨᠥᠯᠥᠭᠡᠯᠡᠬᠦ ᠴᠠᠭ ᠢᠶᠠᠷ | ᠬᠠᠮᠤᠭ ᠤᠨ ᠣᠷᠳᠣ ᠤᠤᠯ ᠤᠨ ᠬᠠᠭᠤᠴᠢᠨ ᠠᠭᠤᠶ ᠶᠢᠨ ᠭᠤᠤ ᠶᠢᠨ ᠡᠵᠡᠨ ᠥᠬᠡᠶ ᠭᠠᠯ ᠤᠨ ᠣᠷᠣᠨ ᠢ ᠪᠦᠬᠦᠨ ᠢ | ᠤᠨᠲᠠᠷᠠᠭᠠᠵᠤ᠂ ᠠᠭᠤᠷᠬᠠᠶ ᠶᠢᠨ ᠣᠷᠣᠨ ᠤ ᠭᠠᠯ ᠤᠨ ᠴᠡᠭ ᠢ ᠪᠥᠬᠦ ᠲᠠᠯ᠎ᠠ ᠪᠠᠷ ᠬᠥᠳᠡᠯᠦᠩᠭᠦᠶ ᠪᠠᠷ ︽ᠲᠡᠭ ᠪᠣᠯᠭᠠᠬᠤ | ︾ ᠶᠢ ᠪᠡᠶᠡᠯᠡᠭᠦᠯᠪᠡ᠃ ᠠᠭᠠᠷ ᠮᠠᠨᠳᠠᠯ ᠤᠨ ᠪᠣᠬᠢᠷᠲᠤᠯ ᠢ ᠤᠨᠢᠨ ᠳᠡᠭᠡᠷ᠎ᠡ ᠨᠢ ᠬᠠᠮᠢᠶᠠᠷᠤᠨ ᠡᠵᠡᠮᠳᠡᠵᠦ᠂ 21 | ᠵᠦᠢᠯ ᠤᠨ ᠠᠭᠠᠷ ᠮᠠᠨᠳᠠᠯ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠦᠷᠦᠯ ᠵᠦᠢᠯ ᠢ ᠬᠡᠷᠡᠭᠵᠢᠭᠦᠯᠵᠦ᠂ 5 | ᠬᠡᠦᠷᠰᠢᠭᠦᠯᠦᠭᠰᠡᠨ ᠠᠵᠤ ᠠᠬᠤᠶᠢᠯᠠᠯ ᠪᠦᠬᠦᠨ ᠢᠶᠠᠷ ᠢᠶᠠᠨ VOC ᠶᠢᠨ ᠵᠠᠰᠠᠯᠲᠠ ᠶᠢ ᠪᠡᠶᠡᠯᠡᠭᠦᠯᠵᠦ᠂ 2 ᠪᠠᠶᠢᠰᠢᠩ | ᠬᠡᠷ ᠤᠨ ᠵᠠᠯᠭᠠᠯᠳᠤᠭᠰᠠᠨ ᠲᠣᠭᠤᠷᠢᠭ᠂ 240 ᠡᠷᠦᠬᠡ ᠰᠠᠭᠤᠭᠠᠯᠢ ᠠᠷᠠᠳ ᠲᠤ ᠠᠷᠢᠭᠤᠨ ᠴᠡᠪᠡᠷ ᠢᠶᠠᠷ ᠳᠤᠯᠠᠭᠠᠯᠠᠭ᠎ᠠ | ᠬᠠᠩᠭᠠᠬᠤ ᠶᠢ ᠪᠡᠶᠡᠯᠡᠭᠦᠯᠵᠦ᠂ ︽ᠵᠠᠮ ᠤᠨ ᠳᠠᠷᠤᠭ᠎ᠠ ᠶᠢᠨ ᠲᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠵᠦ᠂ | ᠵᠠᠮ ᠤᠨ ᠬᠤᠭ ᠲᠣᠭᠤᠰᠣ ᠶᠢ ᠪᠦᠲᠦᠮᠵᠢᠲᠡᠢ ᠬᠤᠷᠢᠭᠯᠠᠵᠤ᠂ ᠪᠦᠬᠦ ᠵᠢᠯ ᠤᠨ ᠠᠭᠠᠷ ᠰᠠᠶᠢᠨ ᠰᠠᠶᠢᠬᠠᠨ ᠡᠳᠦᠷ ᠤᠨ | ᠲᠤᠭ᠎ᠠ ᠶᠢ 291 ᠡᠳᠦᠷ ᠪᠣᠯᠭᠠᠪᠠ᠃ ᠤᠰᠤ ᠬᠥᠷᠥᠰᠥᠨ ᠤ ᠣᠷᠴᠢᠨ ᠲᠣᠭᠤᠷᠢᠨ ᠢ ᠦᠷᠭᠦᠯᠵᠢᠯᠡᠨ | ᠰᠠᠶᠢᠵᠢᠷᠠᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠢ | ᠵᠠᠰᠠᠬᠤ 9 ᠲᠥᠷᠥᠯ ᠵᠤᠶᠢᠯ ᠢ ᠬᠡᠷᠡᠭᠵᠢᠭᠦᠯᠦᠨ᠂ ᠭᠤᠤᠯ ᠮᠥᠷᠡᠨ ᠨᠠᠭᠤᠷ ᠴᠥᠭᠦᠷᠥᠮ ᠤᠨ ᠳᠥᠷᠪᠡᠨ ᠵᠤᠶᠢᠯ ᠤᠨ | ᠰᠠᠮᠠᠭᠤᠷᠠᠯ ᠢ ᠭᠦᠨᠵᠡᠭᠡᠶ ᠴᠡᠭᠴᠡᠯᠡᠨ ᠵᠠᠰᠠᠵᠤ᠂ ᠳᠤᠮᠳᠠᠬᠢ ᠤᠰᠤ᠂ ᠰᠡᠶᠢᠷᠡᠭ ᠬᠠᠭᠤᠷᠠᠶ ᠤᠰᠤ ᠶᠢ ᠳᠠᠬᠢᠨ ᠬᠡᠷᠡᠭᠯᠡᠬᠦ | ᠨᠣᠷᠮ᠎ᠠ 100% ᠳᠤ ᠬᠦᠷᠴᠦ᠂ ᠲᠠᠷᠢᠶᠠᠯᠠᠩ ᠤᠨ ︽ᠳᠥᠷᠪᠡ ᠶᠢ ᠡᠵᠡᠮᠳᠡᠬᠦ︾ ᠦᠷ᠎ᠡ ᠪᠦᠲᠦᠮᠵᠢ ᠢᠯᠡᠳᠲᠡ | ᠪᠣᠯᠵᠣ᠂ ᠪᠥᠬᠦ ᠲᠤᠭᠤᠷᠢᠭ ᠤᠨ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ | ᠰᠠᠶᠢᠵᠢᠷᠠᠪᠠ᠃ | ᠡᠨᠡ ᠵᠢᠯ᠂ ᠬᠠᠶᠢᠷᠤᠪ ᠤᠨ ᠲᠤᠬᠤᠢ ᠲᠣᠭᠤᠷᠢᠭ ᠤᠨ ᠬᠢᠨ ᠪᠣᠬᠢᠷᠲᠤᠯ ᠦᠭᠡᠢ ᠬᠥᠭᠵᠢᠯᠲᠡ ᠶᠢᠨ | ᠤᠢᠢᠯᠠᠭᠠᠭᠳᠠᠬᠤᠨ ᠢ ᠦᠷᠭᠦᠯᠵᠢᠯᠡᠨ ᠭᠦᠨᠵᠡᠭᠡᠢ ᠲᠤᠤᠱᠯᠠᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠰᠠᠶᠢᠲᠤᠷ ᠠᠳᠬᠤᠵᠤ᠂ ᠬᠠᠳᠤᠨ ᠭᠤᠣᠯ ᠤᠨ | ᠬᠠᠶᠢᠷᠤᠪ ᠤᠨ ᠲᠤᠬᠤᠢ ᠶᠢᠨ ᠬᠡᠰᠡᠭ ᠤᠨ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ | ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠸᠠᠨ ᠲᠧᠩ ᠴᠠᠭᠠᠨ ᠭᠤᠤ ᠶᠢᠨ ᠠᠮᠢ ᠠᠬᠤᠢ ᠶᠢᠨ ᠵᠠᠰᠠᠯᠲᠠ ᠶᠢ | ᠰᠡᠷᠭᠦᠭᠡᠬᠦ ᠶᠢ ᠲᠦᠷᠭᠡᠤᠡᠭᠡᠨ᠎ᠡ︔ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠭᠦᠨᠵᠡᠭᠡᠢ ᠰᠠᠶᠢᠲᠤᠷ ᠬᠢᠵᠦ᠂ ᠰᠢᠰᠲ᠋ᠧᠮ ᠲᠠᠢ ᠵᠠᠰᠠᠬᠤ᠂ ᠪᠦᠬᠦ ᠲᠠᠯ᠎ᠠ ᠪᠠᠷ ᠵᠠᠰᠠᠬᠤ᠂ ᠲᠦᠢᠯᠪᠤᠷᠢᠲᠠᠢ ᠵᠠᠰᠠᠬᠤ ᠶᠢ | ᠪᠠᠷᠢᠮᠲᠠᠯᠠᠵᠤ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠣᠭᠠᠯᠠᠨ ᠵᠠᠰᠠᠬᠤ ᠶᠢ ᠰᠠᠶᠢᠲᠤᠷ ᠠᠳᠬᠤᠵᠤ᠂ ︽ | ᠳᠤᠯᠤᠭ᠎ᠠ ᠶᠢ ᠵᠠᠰᠠᠬᠤ︾ ᠡᠯ᠎ᠡ ᠵᠦᠢᠯ ᠤᠨ ᠡᠭᠦᠷᠭᠡ ᠶᠢ ᠪᠠᠬᠢᠵᠢᠭᠦᠯᠦᠨ ᠭᠦᠨᠵᠡᠭᠡᠶᠢᠷᠡᠭᠦᠯᠬᠦ ᠬᠡᠷᠡᠭᠲᠡᠢ᠃ ︽ᠲᠦᠷᠪᠡᠨ | ᠤᠰᠤ ᠪᠠᠷ ᠲᠦᠷᠪᠡ ᠶᠢ ᠲᠣᠭᠲᠠᠭᠠᠬᠤ︾ ᠵᠠᠷᠴᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠤᠰᠤ ᠶᠢ ᠭᠦᠨ | ᠠᠷᠪᠢᠯᠠᠵᠤ ᠤᠰᠤ ᠶᠢ ᠬᠢᠵᠠᠭᠠᠷᠯᠠᠬᠤ ᠠᠵᠢᠯᠯᠠᠭ᠎ᠠ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ | ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠬᠥᠷᠥᠰᠥ ᠰᠢᠷᠣᠢ ᠶᠢᠨ ᠣᠷᠴᠢᠨ | ᠲᠣᠭᠤᠷᠢᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ | ᠲᠣᠭᠤᠷᠢᠨ ᠤ ᠵᠠᠰᠠᠯᠲᠠ ᠶᠢ ᠭᠦᠨᠵᠡᠭᠡᠶ ᠠᠬᠢᠭᠤᠯᠵᠤ᠂ ᠠᠭᠤᠷᠬᠠᠶ ᠶᠢᠨ ᠣᠷᠣᠨ ᠢ ᠴᠡᠭᠴᠡᠯᠡᠨ ᠵᠠᠰᠠᠬᠤ ᠪᠠᠷ ᠭᠤᠤᠯ | ᠲᠡᠶᠢᠨ ᠤ ᠲᠠᠯᠠᠪᠤᠷ ᠪᠣᠯᠭᠠᠬᠤ ᠶᠢ ᠪᠠᠷᠢᠮᠲᠠᠯᠠᠨ᠂ ᠠᠭᠤᠷᠬᠠᠶ ᠶᠢᠨ ᠡᠷᠬᠡ ᠶᠢ ᠡᠮᠬᠢᠯᠡᠨ ᠨᠡᠶᠢᠯᠡᠭᠦᠯᠬᠦ ᠪᠠᠷ | ᠵᠠᠩᠭᠢᠯᠠᠭ᠎ᠠ ᠶᠢᠨ ᠴᠡᠭ ᠪᠣᠯᠭᠠᠵᠤ᠂ ᠠᠭᠤᠷᠬᠠᠶ ᠶᠢᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ ᠪᠠᠷ | ᠬᠥᠰᠢᠶ᠎ᠡ ᠲᠡᠮᠳᠡᠭ ᠪᠣᠯᠭᠠᠨ᠂ ᠠᠭᠤᠷᠬᠠᠶ ᠶᠢᠨ ᠤᠶᠢᠯᠡᠰ ᠤᠨ ᠡᠷᠬᠡ ᠶᠢ ᠡᠮᠬᠢᠯᠡᠨ ᠨᠡᠶᠢᠯᠡᠭᠦᠯᠬᠦ ᠳᠤ ᠢᠯᠡᠳᠲᠡ ᠦᠷ᠎ᠡ | ᠪᠦᠲᠦᠮᠵᠢ ᠤᠯᠬᠤ ᠶᠢ ᠦᠨᠡᠨᠬᠦ ᠪᠠᠲᠤᠯᠠᠵᠤ᠂ ᠪᠣᠬᠢᠷᠲᠤᠯ ᠥᠬᠡᠶ ᠠᠭᠤᠷᠬᠠᠶ ᠶᠢ ᠡᠭᠦᠳᠦᠨ ᠪᠠᠶᠢᠭᠤᠯᠬᠤ ᠠᠯᠬᠤᠴᠠ ᠶᠢ | ᠦᠨᠡᠨᠬᠦ ᠲᠦᠷᠭᠡᠳᠬᠡᠨ᠎ᠡ᠃ | ᠬᠠᠶᠢᠷᠤᠪ ᠤᠨ ᠲᠤᠬᠤᠢ ᠲᠣᠭᠤᠷᠢᠭ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ | ᠦᠵᠡᠯ ᠰᠠᠨᠠᠭ᠎ᠠ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠥᠨᠳᠥᠷ | ᠲᠦᠪᠰᠢᠨ ᠪᠦᠬᠦᠢ ᠬᠠᠮᠠᠭᠠᠯᠠᠯᠲᠠ ᠶᠢᠨ ᠠᠵᠢᠯᠯᠠᠭ᠎ᠠ ᠶᠢᠨ ᠲᠥᠯᠥᠪᠯᠡᠭᠡ ᠶᠢ ᠲᠣᠭᠲᠠᠭᠠᠵᠤ᠂ ᠬᠠᠷᠠᠯᠲᠠ ᠡᠭᠦᠷᠭᠡ ᠶᠢ | ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠬᠦᠴᠦᠨ ᠢᠶᠠᠨ ᠲᠥᠪᠯᠡᠷᠡᠭᠦᠯᠦᠨ ᠪᠦᠬᠦ | ᠲᠤᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠡᠯ᠎ᠡ ᠵᠦᠢᠯ ᠤᠨ ᠠᠵᠢᠯ ᠢ | ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ | ᠬᠠᠶᠢᠷᠤᠪ ᠤᠨ ᠲᠤᠬᠤᠢ ᠲᠣᠭᠤᠷᠢᠭ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ | ᠦᠷᠭᠦᠯᠵᠢᠯᠡᠨ ᠬᠦᠴᠦᠯᠡᠵᠦ᠂ ᠥᠨᠢ ᠤᠳᠠᠭᠠᠨ ᠠᠵᠢᠯᠯᠠᠵᠤ᠂ ᠣᠷᠣᠨ ᠪᠦᠰᠡ ᠶᠢᠨ ᠠᠮᠢ ᠠᠬᠤᠢ ᠶᠢᠨ ᠣᠷᠴᠢᠨ | ᠲᠣᠭᠤᠷᠢᠨ ᠤ ᠵᠠᠰᠠᠯᠲᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠲᠦᠷᠭᠡᠳᠬᠡᠨ ᠠᠬᠢᠭᠤᠯᠵᠤ᠂ ᠠᠮᠢ ᠠᠬᠤᠢ ᠶᠢᠨ | ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | |