ᠰᠦᠨ ᠬᠤᠤ᠄ ᠪᠣᠳᠠᠲᠠᠢ ᠳᠤ ᠰᠠᠭᠤᠷᠢᠯᠠᠵᠤ᠂ ᠭᠤᠣᠯᠳᠠᠯᠭ᠎ᠠ ᠶᠢ ᠲᠤᠪᠤᠶᠢᠯᠭᠠᠵᠦ᠂ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠶᠢ ᠴᠢᠷᠮᠠᠶᠢᠨ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2022/3/21
      3 ᠰᠠᠷ᠎ᠠ ᠶᠢᠨ 18᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠵᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃
微信图片_20220321100418.jpg     
           ᠬᠤᠷᠠᠯ ᠠᠴᠠ ︽2022 ᠣᠨ ᠤ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠵᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠤᠣᠯᠳᠠᠯᠭ᠎ᠠ︾᠎ ᠶᠢ ᠪᠢᠴᠢᠭ ᠢᠶᠠᠷ ᠳᠠᠷᠤᠮᠠᠯᠯᠠᠨ ᠲᠠᠷᠬᠠᠭᠠᠪᠠ᠃ 2022 ᠣᠨ ᠤ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠵᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃
微信图片_20220321100423.jpg     
      ᠰᠦᠨ ᠬᠤᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠢᠮᠠᠭᠲᠠ ᠨᠠᠮ ᠨᠢ ᠨᠠᠮ ᠢᠶᠠᠨ ᠬᠠᠮᠢᠶᠠᠷᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠪᠣᠯᠤᠨ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠰᠢᠢᠳᠪᠦᠷᠢ ᠳᠤ ᠨᠠᠮ ᠠᠴᠠ ᠠᠷᠠᠳ ᠲᠦᠮᠡᠨ ᠢ ᠤᠳᠤᠷᠢᠳᠤᠨ ᠲᠡᠮᠡᠴᠡᠭᠰᠡᠨ ︽ᠠᠷᠪᠠ ᠶᠢ ᠪᠠᠷᠢᠮᠲᠠᠯᠠᠬᠤ︾ ᠡᠷᠬᠢᠮ ᠨᠠᠨᠳᠢᠨ ᠲᠡᠦᠬᠡᠨ ᠲᠤᠷᠰᠢᠯᠭ᠎ᠠ ᠪᠣᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ︽ᠠᠷᠪᠠ ᠶᠢ ᠲᠣᠳᠣᠷᠬᠠᠶᠢᠯᠠᠬᠤ︾ ᠭᠤᠣᠯ ᠠᠭᠤᠯᠤᠭᠳᠠᠬᠤᠨ ᠢ ᠳ᠋ᠦᠩᠨᠡᠨ ᠳᠤᠷᠠᠳᠴᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠰᠢᠨ᠎ᠡ ᠲᠠᠨᠢᠯᠲᠠ ᠪᠣᠯᠤᠨ ᠤᠨᠤᠯ ᠤᠨ ᠦᠨᠳᠦᠷᠴᠡ ᠳᠤ ᠳᠡᠪᠰᠢᠭᠦᠯᠪᠡ᠃ ᠡᠳᠡᠭᠡᠷ ᠠᠯᠢ ᠤᠯᠠᠨ ᠰᠢᠨ᠎ᠡ ᠤᠢᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠨᠢ ᠨᠠᠮ ᠤᠨ ᠪᠠᠶᠢᠭᠤᠯᠤᠯᠲᠠ ᠶᠢᠨ ᠠᠵᠢᠯ ᠳᠤ ᠦᠨᠳᠦᠰᠦᠨ ᠴᠢᠨᠠᠷᠲᠠᠢ᠂ ᠠᠯᠤᠰ ᠬᠡᠳᠤ ᠶᠢᠨ ᠴᠢᠨᠠᠷᠲᠠᠢ ᠴᠢᠬᠤᠯᠠ ᠶᠡᠭᠡ ᠬᠤᠪᠢᠷᠠᠯᠲᠠ ᠭᠠᠷᠭᠠᠬᠤ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠬᠤᠯᠠ ᠪᠠᠶᠢᠷᠢ ᠰᠠᠭᠤᠷᠢ᠂ ᠨᠠᠮ ᠤᠨ ᠪᠠᠶᠢᠭᠤᠯᠤᠯᠲᠠ ᠶᠢᠨ ᠠᠵᠢᠯ ᠤᠨ ᠠᠷᠭ᠎ᠠ ᠵᠠᠮ᠂ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠯᠭᠠᠭᠤᠷᠢᠯᠠᠯ ᠪᠠᠲᠤᠯᠠᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠡᠢ᠂ ᠡᠨᠡ ᠪᠣᠯ ᠮᠠᠨ ᠤ ᠠᠵᠢᠯ ᠢᠶᠠᠨ ᠰᠠᠶᠢᠲᠤᠷ ᠬᠢᠬᠦ ᠶᠢᠨ ᠰᠢᠨᠵᠢᠯᠡᠬᠦ ᠤᠬᠠᠭᠠᠨᠴᠢ ᠵᠦᠭᠯᠡᠭᠦᠷ ᠪᠠ ᠦᠨᠳᠦᠰᠦᠨ ᠵᠢᠷᠤᠮᠯᠠᠯ ᠮᠥᠨ ᠭᠡᠵᠤ ᠵᠢᠭᠠᠵᠤ ᠭᠠᠷᠭᠠᠪᠠ᠃       ᠰᠦᠨ ᠬᠤᠤ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠤᠯᠤᠰ ᠲᠦᠷᠦ ᠶᠢᠨ ᠤᠬᠠᠮᠰᠠᠷ ᠪᠣᠯᠤᠨ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠬᠤ ᠬᠡᠷᠡᠭᠲᠡᠢ᠃ ᠪᠣᠳᠠᠲᠤ ᠪᠠᠶᠢᠳᠠᠯ ᠳᠤ ᠰᠠᠭᠤᠷᠢᠯᠠᠨ᠂ ᠭᠤᠣᠯᠳᠠᠯᠭ᠎ᠠ ᠶᠢ ᠲᠤᠪᠤᠶᠢᠯᠭᠠᠵᠤ᠂ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠬᠤ ᠬᠡᠷᠡᠭᠲᠡᠢ᠃ ᠤᠳᠤᠷᠢᠳᠤᠯᠭ᠎ᠠ ᠪᠠᠨ ᠴᠢᠩᠭᠠᠳᠬᠠᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠨᠠᠮ ᠤᠨ ᠪᠠᠶᠢᠭᠤᠯᠤᠯᠲᠠ ᠪᠣᠯᠤᠨ ᠭᠤᠣᠯ ᠠᠵᠢᠯ ᠤᠨ ᠠᠭᠤᠰᠤᠯᠴᠠᠯ ᠢ ᠨᠢᠭᠡ ᠴᠣᠭᠴᠠ ᠪᠣᠯᠭᠠᠬᠤ ᠶᠢ ᠪᠠᠲᠤᠯᠠᠬᠤ ᠬᠡᠷᠡᠭᠲᠡᠢ︔ ᠨᠠᠮ ᠤᠨ ᠪᠠᠶᠢᠭᠤᠯᠤᠯᠲᠠ ᠪᠠᠷ ᠬᠥᠲᠥᠯᠪᠦᠷᠢ ᠪᠣᠯᠭᠠᠵᠤ᠂ ᠦᠨᠳᠦᠰᠦᠨ ᠱᠠᠳᠤ ᠶᠢ ᠶᠡᠬᠡᠪᠡᠷ ᠠᠳᠬᠤᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢ ᠪᠦᠬᠦ ᠲᠠᠯ᠎ᠠ ᠪᠠᠷ ᠪᠠᠶᠢᠭᠤᠯᠬᠤ ᠬᠡᠷᠡᠭᠲᠡᠢ︔ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ᠂ ᠰᠤᠷᠲᠠᠯ ᠢ ᠰᠠᠶᠢᠵᠢᠷᠠᠭᠤᠯᠵᠤ᠂ ᠰᠤᠷᠲᠠᠯ ᠴᠢᠬᠡᠴᠢ ᠣᠪᠣᠷ ᠲᠥᠪ ᠪᠠᠶᠢᠬᠤ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠢᠨᠠᠯᠲᠠ ᠶᠢ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢ ᠴᠢᠩᠭ᠎ᠠ ᠵᠠᠰᠠᠬᠤ ᠪᠠᠲᠤᠯᠠᠭ᠎ᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ ᠭᠡᠵᠤ  ᠵᠢᠭᠠᠵᠤ ᠭᠠᠷᠭᠠᠪᠠ᠃
微信图片_20220321100436.jpg      
           ᠰᠦᠨ ᠬᠤᠤ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠨᠠᠮ ᠤᠨ ᠲᠡᠷᠢᠭᠦᠨ ᠤ ᠴᠢᠨᠠᠷ ᠪᠣᠯᠤᠨ ᠴᠡᠪᠡᠷ ᠴᠢᠨᠠᠷ ᠢ ᠡᠭᠦᠷᠢᠳᠡ ᠪᠠᠲᠤᠯᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠯᠤᠰ ᠲᠦᠷᠦ ᠶᠢᠨ ᠴᠢᠳᠠᠪᠤᠷᠢ ᠪᠣᠯᠤᠨ ᠲᠦᠪᠰᠢᠨ ᠢᠶᠠᠨ ᠳᠡᠭᠡᠭᠰᠢᠯᠡᠭᠦᠯᠵᠦ᠂ ᠤᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠵᠦ᠂ ᠨᠠᠮ ᠪᠣᠯᠤᠨ ᠠᠷᠠᠳ ᠤᠯᠠᠨ ᠤ ᠴᠢᠰᠤ ᠮᠢᠬᠠᠨ ᠤ ᠪᠠᠷᠢᠯᠳᠤᠯᠭ᠎ᠠ ᠶᠢ ᠪᠠᠲᠤᠯᠠᠵᠤ᠂ ᠦᠵᠡᠯ ᠤᠬᠠᠮᠰᠠᠷ ᠤᠨ ᠬᠡᠯᠪᠡᠷᠢ ᠪᠠᠨ ᠲᠥᠪ ᠪᠣᠯᠭᠠᠵᠤ᠂ ᠦᠵᠡᠯ ᠰᠠᠨᠠᠭᠠᠨ ᠤ ᠭᠤᠣᠯ ᠵᠢᠭᠰᠠᠭᠠᠯ ᠤᠨ ᠭᠠᠵᠠᠷ ᠢᠶᠠᠨ ᠪᠠᠲᠤ ᠰᠠᠬᠢᠬᠤ ᠬᠡᠷᠡᠭᠲᠡᠢ︔ ᠪᠠᠯᠭᠠᠰᠤ᠂ ᠵᠡᠭᠡᠯᠢ ᠭᠤᠳᠤᠮᠵᠢ᠂ ᠬᠦᠷᠢᠶᠡᠯᠡᠩ ᠲᠣᠭᠤᠷᠢᠭ ᠤᠨ ᠬᠢᠨ ᠬᠠᠷᠢᠶ᠎ᠠ ᠭᠠᠵᠠᠷ ᠤᠨ ᠢᠶᠠᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠠᠬᠢᠭᠤᠯᠵᠤ᠂ ᠡᠯ᠎ᠡ ᠨᠢᠭᠡᠴᠡ ᠰᠠᠯᠠᠭ᠎ᠠ ᠮᠥᠴᠢᠷ ᠤᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠠᠵᠢᠯ ᠢᠶᠠᠨ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠠᠬᠢᠭᠤᠯᠵᠤ᠂ ᠶᠡᠭᠡ ᠲᠠᠯ᠎ᠠ ᠳᠤ ᠦᠢᠯᠡᠴᠢᠯᠡᠵᠦ᠂ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠤᠨ ᠠᠵᠢᠯ ᠢ ᠠᠬᠢᠭᠤᠯᠵᠤ᠂ ᠬᠠᠤᠯᠢᠵᠢᠯ ᠤᠨ ᠬᠠᠶᠢᠷᠤᠪ ᠤᠨ ᠲᠤᠬᠤᠢ ᠶᠢᠨ ᠪᠠᠶᠢᠭᠤᠯᠤᠯᠲᠠ ᠶᠢᠨ ᠲᠣᠭᠤᠷᠢᠨ ᠳᠤ ᠨᠠᠮ ᠤᠨ ᠪᠠᠶᠢᠭᠤᠯᠤᠯᠲᠠ ᠪᠠᠷ ᠬᠠᠤᠯᠢᠵᠢᠯ ᠤᠨ ᠪᠠᠶᠢᠭᠤᠯᠤᠯᠲᠠ ᠶᠢ ᠬᠦᠳᠦᠯᠦᠨ ᠳᠠᠭᠠᠭᠤᠯᠬᠤ ᠶᠢ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠳᠣᠲᠣᠭᠠᠳᠤ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠲᠥᠪ ᠴᠢᠩᠭ᠎ᠠ ᠪᠣᠯᠭᠠᠵᠤ᠂ ᠤᠯᠤᠰ ᠲᠦᠷᠦ ᠪᠠᠷ ᠬᠦᠳᠦᠯᠦᠨ ᠳᠠᠭᠠᠭᠤᠯᠬᠤ ᠶᠢ ᠲᠤᠪᠤᠶᠢᠯᠭᠠᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢ ᠪᠠᠶᠢᠭᠤᠯᠤᠨ ᠬᠦᠴᠦᠷᠬᠡᠭᠵᠢᠭᠦᠯᠵᠦ᠂ ᠬᠥᠮᠦᠵᠢᠯ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠡᠩᠨᠡᠭᠡ ᠶᠢ ᠪᠠᠶᠢᠭᠤᠯᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾᠎ ᠤ ᠲᠣᠭᠤᠷᠢᠨ ᠳᠤ ᠨᠠᠮ ᠤᠨ ᠭᠡᠰᠢᠭᠦᠨ ᠺᠠᠳ᠋ᠷᠴᠤᠳ ᠤᠨ ᠡᠩᠨᠡᠭᠡ ᠶᠢ ᠰᠠᠶᠢᠲᠤᠷ ᠪᠠᠶᠢᠭᠤᠯᠬᠤ ᠬᠡᠷᠡᠭᠲᠡᠢ᠃ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠰᠢᠯᠢᠳᠡᠭ ᠰᠤᠷᠲᠠᠯ ᠢ ᠰᠤᠷᠲᠠᠯᠴᠢᠯᠠᠵᠤ᠂ ᠢᠯᠵᠢᠷᠡᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ᠃ ᠬᠠᠷᠢᠭᠤᠴᠠᠯᠭ᠎ᠠ ᠶᠢ ᠲᠣᠳᠣᠷᠬᠠᠢ ᠣᠶᠢᠯᠠᠭᠠᠵᠤ᠂ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠪᠣᠳᠠᠲᠠᠶᠢᠵᠢᠭᠤᠯᠵᠤ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠵᠦ᠂ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ᠂ ᠨᠠᠮ ᠤᠨ ᠪᠠᠶᠢᠭᠤᠯᠤᠯᠲᠠ ᠶᠢ ᠶᠡᠬᠡᠪᠡᠷ ᠠᠳᠬᠤᠬᠤ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠥᠷᠭᠡᠨ ᠤᠯᠠᠨ ᠡᠪ ᠬᠠᠮᠲᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠶᠢᠨ ᠭᠦᠨᠵᠡᠭᠡᠶᠢᠷᠡᠨ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠤ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠠᠢ︕
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号