ᠬᠠᠶᠢᠷᠤᠪ ᠤᠨ ᠲᠤᠬᠤᠢ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ︵ᠬᠤᠳᠠᠯᠳᠤᠭᠠᠨ ᠤ ᠶᠡᠷᠦᠩᠬᠡᠢ ᠡᠪᠯᠡᠯ︶᠎ ᠶᠢᠨ ᠵᠢᠷᠭᠤᠳᠤᠭᠠᠷ ᠤᠳᠠᠭ᠎ᠠ ᠶᠢᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/3/22
      3 ᠰᠠᠷ᠎ᠠ ᠶᠢᠨ 16᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ︵ᠬᠤᠳᠠᠯᠳᠤᠭᠠᠴᠢᠳ ᠤᠨ ᠶᠡᠷᠦᠩᠬᠡᠶ ᠡᠪᠯᠡᠯ︶᠎ ᠤᠨ ᠵᠢᠷᠭᠤᠳᠤᠭᠠᠷ ᠤᠳᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃
20220321104129747.jpg    
     ᠬᠤᠷᠠᠯᠳᠤᠭᠠᠨ ᠠᠴᠠ ᠬᠠᠶᠢᠷᠤᠪ ᠤᠨ ᠲᠤᠬᠤᠢ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ︵ᠬᠤᠳᠠᠯᠳᠤᠭᠠᠴᠢᠳ ᠤᠨ ᠶᠡᠷᠦᠩᠬᠡᠶ ᠡᠪᠯᠡᠯ︶᠎ ᠶᠢᠨ ᠲᠠᠪᠤᠳᠤᠭᠠᠷ ᠬᠤᠭᠤᠴᠠᠭᠠᠨ ᠤ ᠭᠦᠢᠴᠡᠳᠬᠡᠬᠦ ᠺᠣᠮᠢᠰ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ ︽ᠬᠠᠶᠢᠷᠤᠪ ᠤᠨ ᠲᠤᠬᠤᠢ ᠲᠣᠭᠤᠷᠢᠭ ᠤᠨ ᠦᠢᠯᠡᠳᠪᠦᠷᠢ ᠬᠤᠳᠠᠯᠳᠤᠭᠠᠴᠢᠳ ᠤᠨ ᠬᠤᠯᠪᠣᠭᠠᠲᠤ ᠬᠤᠷᠠᠯ ︵ᠬᠤᠳᠠᠯᠳᠤᠭᠠᠴᠢᠳ ᠤᠨ ᠶᠡᠷᠦᠩᠬᠡᠶ ᠡᠪᠯᠡᠯ︶᠎ ᠤᠨ ᠵᠢᠷᠭᠤᠳᠤᠭᠠᠷ ᠤᠳᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ︾᠎ ᠶᠢ ᠬᠢᠨᠠᠨ ᠶᠠᠷᠢᠯᠴᠠᠵᠤ ᠪᠠᠲᠤᠯᠠᠭᠠᠳ᠂ ᠬᠠᠶᠢᠷᠤᠪ ᠤᠨ ᠲᠤᠬᠤᠢ ᠲᠣᠭᠤᠷᠢᠭ ᠤᠨ ᠦᠢᠯᠡᠳᠪᠦᠷᠢ ᠬᠤᠳᠠᠯᠳᠤᠭᠠᠴᠢᠳ ᠤᠨ ᠬᠤᠯᠪᠣᠭᠠᠲᠤ ᠬᠤᠷᠠᠯ ︵ᠬᠤᠳᠠᠯᠳᠤᠭᠠᠴᠢᠳ ᠤᠨ ᠶᠡᠷᠦᠩᠬᠡᠶ ᠡᠪᠯᠡᠯ︶᠎ ᠤᠨ ᠵᠢᠷᠭᠤᠳᠤᠭᠠᠷ ᠬᠤᠭᠤᠴᠠᠭᠠᠨ ᠤ ᠭᠦᠢᠴᠡᠳᠬᠡᠬᠦ ᠺᠣᠮᠢᠰ ᠤᠨ ᠭᠡᠰᠢᠭᠦᠨ ᠪᠠ ᠤᠳᠤᠷᠢᠳᠬᠤ ᠪᠠᠭ ᠢ ᠰᠣᠩᠭᠤᠨ ᠭᠠᠷᠭᠠᠪᠠ᠃      ᠬᠤᠷᠠᠯ ᠠᠴᠠ᠂ ᠰᠢᠨ᠎ᠡ ᠨᠢᠭᠡ ᠬᠤᠭᠤᠴᠠᠭᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠤᠳᠤᠷᠢᠳᠬᠤ ᠪᠠᠭ ᠤᠨ ᠬᠢᠨ ᠰᠢᠨ᠎ᠡ ᠴᠠᠭ ᠦᠶ᠎ᠡ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠦᠢᠯᠡᠰ ᠤᠨ ᠬᠥᠭᠵᠢᠯᠲᠡ ᠶᠢᠨ ᠵᠥᠪ ᠴᠢᠭᠯᠡᠯ ᠢ ᠢᠮᠠᠭᠲᠠ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠪᠣᠯᠭᠠᠬᠤ ᠬᠡᠷᠡᠭᠲᠡᠢ᠃ ᠶᠡᠭᠡ ᠲᠠᠯ᠎ᠠ ᠳᠤ ᠦᠢᠯᠡᠴᠢᠯᠡᠵᠦ᠂ ᠬᠥᠭᠦᠷᠭᠡ ᠬᠤᠯᠪᠣᠭᠠᠰᠤ ᠪᠠ ᠬᠠᠪᠰᠤᠷᠤᠭᠴᠢ ᠶᠢᠨ ᠦᠢᠯᠡᠳᠦᠯ ᠢ ᠪᠠᠳᠠᠷᠠᠭᠤᠯᠬᠤ ᠲᠠᠯ᠎ᠠ ᠪᠠᠷ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠣᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠲᠤᠭᠤᠷᠢᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠮᠦᠰ ᠢ ᠳᠠᠭᠠᠭᠤᠯᠤᠨ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠤᠭᠤᠷᠢᠭ ᠤᠨ ᠨᠠᠮ ᠤᠨ ᠬᠤᠷᠢᠶ᠎ᠠ ᠲᠤᠭᠤᠷᠢᠭ ᠤᠨ ᠵᠠᠰᠠᠭ ᠤᠨ ᠣᠷᠳᠣᠨ ᠤ ᠭᠤᠤᠯ ᠠᠵᠢᠯ᠂ ᠭᠤᠤᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠳᠤ ᠢᠳᠡᠪᠬᠢᠲᠡᠶ ᠣᠷᠣᠯᠴᠠᠭᠤᠯᠤᠨ᠎ᠠ᠃ ᠦᠢᠯᠡᠴᠢᠯᠡᠭᠡᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ︽ᠬᠤᠶᠠᠷ ᠡᠷᠡᠭᠦᠯ ᠮᠡᠨᠳᠦ︾᠎ ᠶᠢ ᠠᠬᠢᠭᠤᠯᠬᠤ ᠲᠠᠯ᠎ᠠ ᠪᠠᠷ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠥᠷᠭᠡᠨ ᠣᠯᠠᠨ ᠭᠡᠰᠢᠭᠦᠳ ᠲᠤ ᠦᠢᠯᠡᠴᠢᠯᠡᠬᠦ ᠪᠠᠷ ᠡᠪᠯᠡᠯ ᠪᠠᠶᠢᠭᠤᠯᠬᠤ ᠶᠢᠨ ᠦᠨᠳᠦᠰᠦ ᠪᠣᠯᠭᠠᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠨᠢᠭᠡᠳᠦᠭᠡᠷ ᠳᠣᠬᠢᠶ᠎ᠠ ᠪᠣᠯᠭᠠᠵᠤ᠂ ᠠᠵᠤ ᠠᠬᠤᠶᠢᠯᠠᠯ ᠤᠨ ᠮᠠᠰᠢ ᠬᠠᠨᠤᠮᠵᠢᠲᠠᠶ ᠪᠠᠶᠢᠬᠤ ᠶᠢ ᠨᠢᠭᠡᠳᠦᠭᠡᠷ ᠬᠥᠭᠡᠭᠡᠴᠡᠯᠳᠦᠯ ᠪᠣᠯᠭᠠᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠮᠦᠰ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠪᠠᠷ ᠨᠢᠭᠡᠳᠦᠭᠡᠷ ᠬᠠᠷᠠᠯᠲᠠ ᠪᠣᠯᠭᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠡᠯ᠎ᠡ ᠵᠦᠢᠯ ᠤᠨ ᠬᠦᠴᠢᠷᠳᠡᠯ ᠪᠠ ᠠᠰᠠᠭᠤᠳᠠᠯ ᠢ ᠢᠳᠡᠪᠬᠢᠲᠡᠶ ᠪᠠᠷ ᠵᠣᠬᠢᠴᠠᠭᠤᠯᠤᠨ ᠰᠢᠢᠤᠡᠪᠤᠷᠢᠯᠡᠵᠤ᠂ ᠲᠤᠭᠤᠷᠢᠭ ᠤᠨ ᠦᠢᠯᠡᠳᠪᠦᠷᠢ ᠬᠤᠳᠠᠯᠳᠤᠭᠠᠴᠢᠳ ᠤᠨ ᠬᠤᠯᠪᠣᠭᠠᠲᠤ ᠡᠪᠯᠡᠯ ︵ᠬᠤᠳᠠᠯᠳᠤᠭᠠᠴᠢᠳ ᠤᠨ ᠶᠡᠷᠦᠩᠬᠡᠶ ᠡᠪᠯᠡᠯ︶᠎ ᠢ ᠦᠨᠡᠨ ᠬᠦ ᠠᠵᠤ ᠠᠬᠤᠶᠢᠯᠠᠯᠲᠠᠨ ᠤ ︽ᠲᠥᠷᠬᠦᠮ︾ ᠪᠣᠯᠭᠠᠬᠤ ᠬᠡᠷᠡᠭᠲᠡᠶ᠃ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠠᠵᠢᠯ ᠤᠨ ᠰᠢᠨ᠎ᠡ ᠪᠠᠶᠢᠳᠠᠯ ᠢ ᠡᠭᠦᠳᠬᠦ ᠲᠠᠯ᠎ᠠ ᠪᠠᠷ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠬᠤᠭᠤᠴᠠᠭ᠎ᠠ ᠰᠣᠯᠢᠬᠤ ᠪᠠᠷ ᠠᠵᠠ ᠲᠣᠬᠢᠶᠠᠯ ᠪᠣᠯᠭᠠᠵᠤ᠂ ︽ᠤᠯᠤᠰ ᠲᠦᠷᠦ ᠪᠠᠷ ᠨᠡᠶᠢᠭᠡᠮᠯᠢᠭ ᠢ ᠪᠠᠶᠢᠭᠤᠯᠬᠤ᠂ ᠪᠦᠯᠬᠦᠮᠳᠡᠨ ᠨᠡᠶᠢᠭᠡᠮᠯᠢᠭ ᠢ ᠪᠠᠶᠢᠭᠤᠯᠬᠤ᠂ ᠦᠢᠯᠡᠴᠢᠯᠡᠭᠡ ᠪᠠᠷ ᠨᠡᠶᠢᠭᠡᠮᠯᠢᠭ ᠢ ᠮᠠᠨᠳᠤᠭᠤᠯᠬᠤ᠂ ᠥᠭᠡᠷᠡᠴᠢᠯᠡᠯᠲᠡ ᠪᠠᠷ ᠨᠡᠶᠢᠭᠡᠮᠯᠢᠭ ᠢ ᠬᠦᠴᠦᠷᠬᠡᠭᠵᠢᠭᠦᠯᠬᠦ︾ ᠱᠠᠭᠠᠷᠳᠠᠯᠭ᠎ᠠ ᠲᠠᠢ ᠬᠠᠷᠢᠴᠠᠭᠤᠯᠵᠤ᠂ ᠤᠳᠤᠷᠢᠳᠬᠤ ᠪᠠᠭ᠂ ᠲᠥᠯᠥᠭᠡᠯᠡᠭᠴᠢᠳ ᠤᠨ ᠡᠩᠨᠡᠭᠡ ᠪᠣᠯᠤᠨ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠤᠰ ᠪᠡᠶ᠎ᠡ ᠶᠢᠨ ᠨᠢᠭᠲᠠᠷᠠᠯ ᠤᠨ ᠬᠦᠴᠦᠨ᠂ ᠨᠥᠯᠥᠭᠡᠯᠡᠬᠦ ᠬᠦᠴᠦᠨ᠂ ᠬᠡᠷᠡᠭᠵᠢᠭᠦᠯᠬᠦ ᠬᠦᠴᠦᠨ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠵᠦ᠂ ᠨᠡᠩ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号