ᠵᠠᠰᠠᠭ ᠤᠨ ᠣᠷᠳᠣᠨ ᠤ ᠠᠯᠪᠠᠨ ᠮᠡᠳᠡᠭᠡ 2022 ᠣᠨ ᠤ 1 ᠳ᠋ᠤᠭᠡᠷ ᠬᠤᠭᠤᠴᠠᠭ᠎ᠠ ︵ᠶᠡᠷᠦᠩᠬᠡᠢ 5 ᠳ᠋ᠤᠭᠠᠷ ᠬᠤᠭᠤᠴᠠᠭ᠎ᠠ ᠬᠤᠣᠰ ᠰᠠᠷ᠎ᠠ ᠶᠢᠨ ᠰᠡᠳᠭᠦᠯ︶
ᠨᠡᠶᠢᠲᠡᠯᠡᠭᠰᠡᠨ ᠴᠠᠭ᠄
2022/3/6
           ᠵᠠᠰᠠᠭ ᠤᠨ ᠣᠷᠳᠣᠨ ᠤ ᠠᠵᠢᠯ ᠤᠨ ᠢᠯᠡᠳᠬᠡᠯ  ︵2022 ᠤᠨ︶ᠲᠥᠯᠥᠭᠡᠯᠡᠭᠴᠢᠳ ᠡ᠄              ᠤᠳᠤ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ  ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠬᠤᠷᠠᠯ ᠳᠤ ᠰᠤᠯᠠ ᠣᠷᠣᠯᠴᠠᠭᠰᠠᠨ ᠤᠯᠤᠰ ᠲᠦᠷᠦ ᠶᠢᠨ  ᠵᠥᠪᠯᠡᠯᠭᠡᠨ ᠤ ᠭᠡᠰᠢᠭᠦᠳ ᠪᠠ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃              ᠨᠢᠭᠡ᠂ 2021 ᠣᠨ ᠪᠠ ᠥᠩᠭᠡᠷᠡᠭᠰᠡᠨ ᠲᠦᠷᠪᠡᠨ ᠵᠢᠯ ᠤᠨ ᠠᠵᠢᠯ ᠤᠨ ᠡᠷᠭᠢᠴᠡᠭᠦᠯᠦᠯ              2021 ᠣᠨ ᠪᠣᠯ ᠤᠳᠤᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠪᠦᠬᠦ  ᠲᠠᠯ᠎ᠠ ᠪᠠᠷ ᠡᠬᠢᠯᠡᠭᠦᠯᠬᠦ ᠡᠬᠢᠯᠡᠯᠲᠡ ᠶᠢᠨ ᠵᠢᠯ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ  ᠲᠥᠯᠥᠪᠵᠢᠭᠦᠯᠭᠡ ᠶᠢᠨ ᠡᠬᠢᠯᠡᠯᠲᠡ ᠶᠢᠨ ᠵᠠᠩᠭᠢᠯᠠᠭ᠎ᠠ ᠶᠢᠨ ᠵᠢᠯ ᠮᠥᠨ᠃ ᠨᠢᠭᠡ ᠵᠢᠯ ᠤᠨ ᠲᠤᠷᠰᠢ᠂ ᠥᠭᠡᠷᠡᠴᠢᠯᠡᠯᠲᠡ  ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠬᠦᠨᠳᠦ ᠨᠦᠰᠡᠷ ᠨᠠᠷᠢᠨ ᠪᠤᠳᠤᠯᠢᠶᠠᠨᠲᠠᠶ ᠡᠭᠦᠷᠭᠡ ᠶᠢᠨ ᠡᠮᠦᠨ᠎ᠡ᠂  ᠲᠤᠭᠤᠷᠢᠭ ᠤᠨ ᠵᠠᠰᠠᠭ ᠤᠨ ᠣᠷᠳᠣᠨ ᠰᠢ ᠶᠢᠨ ᠫᠢᠩ ᠎ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ  ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ  ᠲᠥᠪ ᠬᠤᠷᠢᠶᠠᠨ ᠤ ᠡᠯ᠎ᠡ ᠵᠦᠢᠯ ᠤᠨ ᠰᠢᠢᠤᠡᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ  ᠦᠭᠡᠢ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ  ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ  ᠵᠠᠮᠨᠠᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ ᠯᠠᠪᠳᠠᠭᠤᠨ  ᠪᠠᠲᠤᠲᠠᠶ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ  ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠪᠦᠯᠬᠦᠮᠳᠡᠨ ᠨᠢᠭᠡᠳᠴᠦ᠂ ᠬᠦᠴᠦᠯᠡᠨ ᠲᠡᠮᠡᠴᠡᠵᠦ᠂ ᠠᠷᠪᠠᠨ  ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠤᠷᠤᠭᠰᠢᠲᠠᠶ ᠡᠬᠢᠯᠡᠯᠲᠡ ᠶᠢ ᠪᠡᠶᠡᠯᠡᠭᠦᠯᠪᠡ᠃ ᠵᠢᠱᠢᠯᠲᠡ ᠪᠠᠷ  ᠪᠥᠬᠦ ᠵᠢᠯ ᠳᠤ ᠭᠠᠵᠠᠷ ᠣᠷᠣᠨ ᠤ ᠤᠶᠢᠯᠡᠤᠡᠪᠤᠷᠢᠯᠡᠯ ᠤᠨ ᠪᠥᠬᠦ ᠥᠷᠲᠡᠭ ᠢ 3%᠎ ᠪᠠᠷ ᠨᠡᠮᠡᠭᠳᠡᠭᠦᠯᠵᠦ᠂  ᠬᠡᠪᠴᠢᠶᠡᠵᠢᠯ ᠠᠴᠠ ᠳᠡᠭᠡᠭᠰᠢᠬᠢ ᠠᠵᠤ ᠤᠶᠢᠯᠡᠤᠡᠪᠤᠷᠢ ᠶᠢᠨ ᠨᠡᠮᠡᠭᠳᠡᠯ ᠥᠷᠲᠡᠭ ᠢ 4%᠎ ᠪᠠᠷ ᠨᠡᠮᠡᠭᠳᠡᠭᠦᠯᠦᠨ᠂  ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 64.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠡᠩ ᠤᠨ  ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 18%᠎ ᠪᠠᠷ ᠨᠡᠮᠡᠭᠳᠡᠭᠦᠯᠦᠨ᠂ ᠨᠡᠶᠢᠭᠡᠮ ᠤᠨ ᠬᠡᠷᠡᠭᠯᠡᠭᠡᠨ ᠤ  ᠵᠤᠶᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢ 5%᠎ ᠪᠠᠷ ᠨᠡᠮᠡᠭᠳᠡᠭᠦᠯᠵᠦ᠂ ᠬᠤᠲᠠ ᠪᠠᠯᠭᠠᠰᠤ᠂  ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ  ᠲᠣᠰ 49562 ᠲᠥᠭᠦᠷᠢᠭ ᠪᠠ 25407 ᠲᠥᠭᠦᠷᠢᠭ ᠲᠤ ᠬᠦᠷᠭᠡᠵᠦ᠂ 6% ᠪᠠ 8%᠎ ᠪᠠᠷ ᠨᠡᠮᠡᠭᠳᠡᠪᠡ᠃         ᠨᠢᠭᠡ ᠵᠢᠯ ᠤᠨ ᠲᠤᠷᠰᠢ᠂ ᠪᠢᠳᠡ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ  ᠬᠥᠭᠵᠢᠭᠦᠯᠬᠦ ᠶᠢ ᠪᠠᠷᠢᠮᠲᠠᠯᠠᠵᠤ᠂ ᠠᠮᠢ ᠠᠬᠤᠢ ᠶᠢᠨ ᠵᠠᠰᠠᠯᠲᠠ ᠶᠢᠨ ᠦᠷ᠎ᠡ ᠪᠦᠲᠦᠮᠵᠢ ᠢᠯᠡᠳᠲᠡ ᠪᠣᠯᠪᠠ᠃ ᠰᠢ ᠶᠢᠨ  ᠫᠢᠩ ᠶᠡᠷᠦᠩᠬᠡᠶ ᠱᠦᠵᠢ ᠶᠢᠨ ︽ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ  ᠣᠷᠣᠨ ᠪᠦᠰᠡ ᠶᠢᠨ ᠠᠮᠢ ᠠᠬᠤᠶ ᠶᠢᠨ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ  ᠰᠠᠶᠢᠲᠤᠷ ᠠᠳᠬᠤᠬᠤ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ  ᠨᠠᠶᠢᠳᠠᠪᠤᠷᠢᠵᠢᠭᠤᠯᠵᠤ᠂ ︽1+7︾ ᠠᠮᠢ ᠠᠬᠤᠶ ᠶᠢᠨ ᠣᠷᠴᠢᠨ ᠨᠥᠬᠦᠴᠡᠯ ᠤᠨ ᠵᠠᠰᠠᠯᠲᠠ ᠶᠢᠨ ᠪᠠᠶᠢᠷᠢᠰᠢᠯ ᠢ  ᠯᠠᠪᠳᠠᠭᠤᠨ ᠪᠠᠲᠤᠲᠠᠶ ᠪᠠᠶᠢᠭᠤᠯᠵᠤ᠂ ᠠᠮᠢ ᠠᠬᠤᠶ ᠶᠢᠨ ᠣᠷᠴᠢᠨ ᠨᠥᠬᠦᠴᠡᠯ ᠤᠨ ᠶᠡᠭᠡ ᠬᠠᠮᠠᠭᠠᠯᠠᠯᠲᠠ ᠶᠡᠭᠡ  ᠵᠠᠰᠠᠯᠲᠠ ᠶᠢ ᠲᠤᠪᠤᠶᠢᠮ᠎ᠠ ᠰᠠᠶᠢᠲᠤᠷ ᠠᠤᠡᠬᠤᠪᠠ᠃ ᠠᠭᠤᠷᠬᠠᠶ ᠶᠢᠨ ᠣᠷᠣᠨ ᠤ ᠵᠠᠰᠠᠯᠲᠠ ᠶᠢ ᠭᠦᠨᠵᠡᠭᠡᠶ ᠲᠦᠯᠬᠢᠨ  ᠠᠬᠢᠭᠤᠯᠪᠠ᠃ ᠪᠥᠬᠦ ᠬᠤᠲᠠ ᠶᠢᠨ ᠲᠠᠯᠠᠪᠠᠶ ᠪᠠᠷ ᠬᠠᠮᠤᠭ ᠤᠨ ᠶᠡᠭᠡ᠂ ᠬᠤᠲᠠ ᠶᠢᠨ ᠲᠣᠭᠤᠷᠢᠭ ᠠᠴᠠ ᠬᠠᠮᠤᠭ ᠤᠨ  ᠣᠶᠢᠷ᠎ᠠ᠂ ᠨᠥᠯᠥᠭᠡᠯᠡᠬᠦ ᠴᠠᠭ ᠢᠶᠠᠷ ᠬᠠᠮᠤᠭ ᠤᠨ ᠣᠷᠳᠣ ᠤᠤᠯ ᠤᠨ  ᠵᠢᠤ ᠳ᠋ᠦᠩ ᠭᠸᠤ ᠶᠢᠨ ᠡᠵᠡᠨ ᠥᠬᠡᠶ ᠭᠠᠯ ᠤᠨ  ᠣᠷᠣᠨ ᠢ ᠪᠦᠬᠦᠨ ᠢ ᠤᠨᠲᠠᠷᠠᠭᠠᠵᠤ᠂ ᠠᠭᠤᠷᠬᠠᠶ ᠶᠢᠨ ᠣᠷᠣᠨ ᠤ ᠭᠠᠯ ᠤᠨ ᠴᠡᠭ ᠢ ᠪᠥᠬᠦ ᠲᠠᠯ᠎ᠠ ᠪᠠᠷ  ᠬᠥᠳᠡᠯᠦᠩᠭᠦᠶ ᠪᠠᠷ ︽ᠲᠡᠭ ᠪᠣᠯᠭᠠᠬᠤ︾᠎ ᠶᠢ ᠪᠡᠶᠡᠯᠡᠭᠦᠯᠪᠡ᠃ ᠠᠭᠤᠷᠬᠠᠶ ᠶᠢᠨ ᠣᠷᠣᠨ ᠤ ᠠᠮᠢ ᠠᠬᠤᠶ ᠶᠢ ᠰᠡᠷᠭᠦᠭᠡᠬᠦ  ᠲᠥᠰᠦᠯ ᠢ ᠨᠠᠶᠢᠷᠠᠭᠤᠯᠤᠨ ᠵᠣᠬᠢᠶᠠᠵᠤ ᠳᠠᠭᠤᠰᠬᠠᠨ᠂ ᠨᠡᠭᠦᠷᠡᠰᠦᠨ ᠠᠭᠤᠷᠬᠠᠶ ᠶᠢ ᠡᠮᠬᠢᠯᠡᠨ ᠨᠡᠶᠢᠯᠡᠭᠦᠯᠬᠦ ᠠᠵᠢᠯ ᠢ  ᠡᠮᠬᠢ ᠵᠢᠷᠤᠮ ᠲᠠᠢ ᠥᠷᠨᠢᠭᠦᠯᠵᠦ᠂ ᠣᠶᠤᠨᠴᠢ ᠬᠠᠮᠢᠶᠠᠷᠤᠨ ᠡᠵᠡᠮᠳᠡᠬᠦ ᠰᠢᠰᠲ᠋ᠧᠮ ᠢ ᠪᠠᠶᠢᠭᠤᠯᠤᠨ ᠳᠠᠭᠤᠰᠬᠠᠵᠤ᠂  ᠠᠭᠤᠷᠬᠠᠶ ᠶᠢᠨ ᠣᠷᠣᠨ ᠤ ᠵᠠᠮ ᠢ ᠶᠡᠷᠦᠩᠬᠡᠶᠢᠯᠡᠨ ᠪᠢᠲᠡᠭᠦᠮᠵᠢᠯᠡᠬᠦ ᠢᠨᠵᠧᠨᠧᠷᠢᠩ ᠢ ᠪᠥᠬᠦ ᠲᠠᠯ᠎ᠠ ᠪᠠᠷ ᠪᠡᠶᠡᠯᠡᠭᠦᠯᠪᠡ᠃  ᠠᠭᠠᠷ ᠮᠠᠨᠳᠠᠯ ᠤᠨ ᠪᠣᠬᠢᠷᠲᠤᠯ ᠢ ᠤᠨᠢᠨ ᠳᠡᠭᠡᠷ᠎ᠡ ᠨᠢ ᠬᠠᠮᠢᠶᠠᠷᠤᠨ ᠡᠵᠡᠮᠳᠡᠪᠡ᠃ ᠠᠭᠠᠷ ᠮᠠᠨᠳᠠᠯ ᠤᠨ ᠣᠷᠴᠢᠨ  ᠠᠬᠤᠶ ᠶᠢ ᠴᠡᠭᠴᠡᠯᠡᠨ ᠵᠠᠰᠠᠬᠤ 21 ᠵᠤᠶᠢᠯᠡᠰ ᠢ ᠬᠡᠷᠡᠭᠵᠢᠭᠦᠯᠵᠦ᠂ ᠬᠡᠦᠷᠰᠢᠭᠦᠯᠦᠭᠰᠡᠨ 5 ᠠᠵᠤ ᠠᠬᠤᠶᠢᠯᠠᠯ ᠳᠤ  ᠴᠥᠮ VOC᠎ ᠶᠢᠨ ᠵᠠᠰᠠᠯᠲᠠ ᠶᠢ ᠪᠡᠶᠡᠯᠡᠭᠦᠯᠪᠡ᠃ 2 ᠪᠠᠶᠢᠰᠢᠩ ᠬᠡᠷ ᠤᠨ ᠵᠠᠯᠭᠠᠯᠳᠤᠭᠰᠠᠨ ᠲᠣᠭᠤᠷᠢᠭ ᠲᠤ᠂  240 ᠡᠷᠦᠬᠡ ᠰᠠᠭᠤᠭᠠᠯᠢ ᠠᠷᠠᠳ ᠤᠨ ᠠᠷᠢᠭᠤᠨ ᠴᠡᠪᠡᠷ ᠢᠶᠠᠷ ᠳᠤᠯᠠᠭᠠᠯᠠᠭ᠎ᠠ ᠬᠠᠩᠭᠠᠬᠤ ᠶᠢ ᠪᠡᠶᠡᠯᠡᠭᠦᠯᠪᠡ᠃ ︽  ᠵᠠᠮ ᠤᠨ ᠳᠠᠷᠤᠭ᠎ᠠ ᠶᠢᠨ ᠲᠦᠷᠢᠮ︾᠎ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠮ ᠤᠨ ᠬᠤᠭ ᠲᠣᠭᠤᠰᠣ ᠶᠢ  ᠪᠦᠲᠦᠮᠵᠢᠲᠡᠶ ᠪᠠᠷ ᠬᠤᠷᠢᠭᠯᠠᠨ ᠵᠣᠭᠰᠣᠭᠠᠪᠠ᠃ ᠪᠥᠬᠦ ᠵᠢᠯ ᠤᠨ ᠠᠭᠠᠷ ᠰᠠᠶᠢᠨ ᠡᠳᠦᠷ ᠤᠨ ᠲᠤᠭ᠎ᠠ 291 ᠡᠳᠦᠷ  ᠪᠣᠯᠪᠠ᠃ ᠤᠰᠤ ᠬᠥᠷᠥᠰᠥᠨ ᠤ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠬᠠᠲᠤᠨ ᠭᠤᠤᠯ ᠤᠨ ᠰᠠᠪᠠ  ᠭᠠᠵᠠᠷ ᠤᠨ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠬᠤ 9 ᠲᠥᠷᠥᠯ ᠵᠤᠶᠢᠯ ᠢ ᠬᠡᠷᠡᠭᠵᠢᠭᠦᠯᠵᠦ᠂  ᠭᠤᠤᠯ ᠮᠥᠷᠡᠨ ᠨᠠᠭᠤᠷ ᠴᠥᠭᠦᠷᠥᠮ ᠤᠨ ᠳᠥᠷᠪᠡᠨ ᠵᠤᠶᠢᠯ ᠤᠨ ᠡᠷᠦᠶ ᠬᠤᠷᠤᠶ ᠥᠬᠡᠶ ᠪᠠᠶᠢᠳᠠᠯ ᠢ ᠭᠦᠨᠵᠡᠭᠡᠶ  ᠴᠡᠭᠴᠡᠯᠡᠨ ᠵᠠᠰᠠᠵᠤ᠂ ᠳᠤᠮᠳᠠᠬᠢ ᠤᠰᠤ᠂ ᠰᠡᠶᠢᠷᠡᠭ ᠬᠠᠭᠤᠷᠠᠶ ᠤᠰᠤ ᠶᠢ ᠳᠠᠬᠢᠨ ᠳᠠᠪᠲᠠᠨ ᠬᠡᠷᠡᠭᠯᠡᠭᠰᠡᠨ ᠨᠣᠷᠮ᠎ᠠ ᠶᠢ  100%᠎ ᠳᠤ ᠬᠦᠷᠦᠭᠦᠯᠪᠡ᠃ ᠲᠠᠷᠢᠶᠠᠯᠠᠩ ᠤᠨ ︽ᠲᠦᠷᠪᠡ ᠶᠢ ᠬᠢᠵᠠᠭᠠᠷᠯᠠᠬᠤ︾ ᠢᠯᠡᠳᠲᠡ ᠦᠷ᠎ᠡ ᠪᠦᠲᠦᠮᠵᠢ  ᠣᠯᠵᠤ᠂ ᠪᠦᠬᠦ ᠲᠤᠭᠤᠷᠢᠭ ᠤᠨ ᠬᠥᠷᠥᠰᠥ ᠰᠢᠷᠣᠶ ᠶᠢᠨ ᠣᠷᠴᠢᠨ ᠠᠬᠤᠶ ᠶᠢᠨ ᠶᠠᠰᠤ ᠴᠢᠨᠠᠷ ᠦᠷᠭᠦᠯᠵᠢᠯᠡᠨ  ᠰᠠᠶᠢᠵᠢᠷᠠᠪᠠ᠃          ᠨᠢᠭᠡ ᠵᠢᠯ ᠤᠨ ᠲᠤᠷᠰᠢ᠂ ᠪᠢᠳᠡ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ᠂ ᠶᠠᠰᠤ ᠴᠢᠨᠠᠷ ᠢ  ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠠᠷᠢᠮᠲᠠᠯᠠᠵᠤ᠂ ᠠᠵᠤ ᠤᠶᠢᠯᠡᠰ ᠤᠨ ᠬᠡᠯᠪᠡᠷᠢ ᠪᠠᠨ  ᠬᠤᠪᠢᠷᠠᠭᠤᠯᠬᠤ ᠠᠯᠬᠤᠴᠠ ᠡᠷᠡᠰ ᠪᠠᠲᠤ ᠪᠣᠯᠪᠠ᠃ ᠤᠯᠤᠰ ᠤᠨ ︽ᠬᠤᠣᠰ ᠨᠡᠭᠦᠷᠡᠰᠦᠲᠥ᠋ᠷᠥᠭᠴᠢ︾᠎ ᠶᠢᠨ  ᠪᠠᠶᠢᠯᠳᠤᠬᠤ ᠪᠤᠳᠤᠯᠭ᠎ᠠ  ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠭᠤᠣᠯᠯᠠᠬᠤ ᠠᠵᠤ ᠦᠢᠯᠡᠰ ᠤᠨ  ᠨᠡᠭᠦᠷᠡᠰᠦᠲᠥ᠋ᠷᠥᠭᠴᠢ ᠶᠢ ᠪᠠᠭᠠᠰᠬᠠᠨ ᠲᠡᠰ ᠳᠡᠪᠰᠢᠭᠦᠯᠬᠦ ᠪᠠ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ  ᠴᠢᠳᠠᠪᠤᠷᠢ ᠶᠢ ᠥᠷᠭᠡᠳᠬᠡᠨ ᠲᠥᠪᠯᠡᠷᠡᠭᠦᠯᠬᠦ ᠶᠢ ᠲᠦᠯᠬᠢᠨ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ  ᠬᠥᠳᠡᠯᠭᠡᠭᠴᠢ ᠡᠨᠧᠷᠭᠢ ᠶᠢ ᠨᠡᠩ ᠡᠷᠴᠢᠮᠲᠡᠶ  ᠪᠤᠯᠭᠠᠪᠠ᠃ ᠠᠵᠤ ᠦᠢᠯᠡᠳᠪᠦᠷᠢ ᠶᠢᠨ ᠠᠵᠤ ᠠᠬᠤᠢ ᠡᠷᠡᠰ  ᠰᠢᠭᠤᠷᠬᠠᠢ ᠪᠠᠷ ᠤᠷᠤᠭᠰᠢᠯᠠᠪᠠ᠃ ᠶᠡᠷᠦᠩᠬᠡᠶ ᠪᠡᠯᠡ ᠣᠷᠣᠭᠤᠯᠤᠯᠲᠠ ᠨᠢ 37 ᠳ᠋ᠦᠩᠰᠢᠭᠤᠷ ᠲᠥᠭᠦᠷᠢᠭ ᠲᠤ  ᠬᠦᠷᠦᠭᠰᠡᠨ ᠰᠠᠶᠢᠰᠫᠤ ᠤᠰᠤᠲᠥ᠋ᠷᠥᠭᠴᠢᠲᠦ ᠲᠡᠮᠦᠷᠯᠢᠭ ᠬᠠᠶᠢᠯᠤᠭᠤᠯᠬᠤ᠂ ᠵᠢᠶᠠᠨ ᠯᠦᠩ ᠪᠤᠭᠤᠲᠤ ᠶᠢᠨ ᠪᠤᠯᠤᠳ  ᠲᠡᠮᠤᠷ ᠤᠨ ᠺᠣᠮᠫᠠᠨᠢ ᠶᠢᠨ ᠸᠠᠨ ᠲᠧᠩ H ᠪᠤᠯᠤᠳ ᠵᠡᠷᠭᠡ ᠲᠦᠷᠦᠯ ᠵᠦᠢᠯ ᠠᠰᠢᠭᠯᠠᠯᠲᠠ ᠳᠤ ᠣᠷᠣᠵᠤ᠂ 321  ᠲᠦᠮᠡᠨ ᠲᠣᠨ ᠬᠡᠦᠷᠰᠢᠭᠦᠯᠦᠨ ᠨᠡᠶᠢᠯᠡᠭᠦᠯᠬᠦ ᠲᠦᠷᠦᠯ ᠵᠦᠢᠯ ᠢ ᠡᠬᠢᠯᠡᠭᠦᠯᠵᠦ᠂ ᠭᠤᠣᠯᠯᠠᠬᠤ ᠠᠵᠤ ᠦᠢᠯᠡᠰ ᠤᠨ  ᠤᠷᠲᠤᠳᠬᠠᠨ ᠬᠡᠯᠬᠢᠶᠡᠵᠢᠭᠦᠯᠬᠦ ᠳᠡᠰ ᠳᠡᠪᠰᠢᠬᠦ ᠲᠠᠯ᠎ᠠ ᠪᠠᠷ ᠰᠢᠪᠲᠤᠯᠤᠯᠲᠠ ᠭᠠᠷᠭᠠᠪᠠ᠃ ᠤᠯᠤᠰ ᠤᠨ ᠡᠨᠧᠷᠭᠢ ᠶᠢᠨ  ᠯᠦᠩ ᠶᠤᠸᠠᠨ ᠤ ᠣᠷᠴᠢᠨ ᠠᠬᠤᠶ ᠶᠢᠨ ᠬᠠᠮᠠᠭᠠᠯᠠᠯᠲᠠ ᠶᠢᠨ ᠵᠤᠶᠢᠯᠡᠰ ᠢ ᠡᠬᠢᠯᠡᠨ ᠬᠡᠷᠡᠭᠵᠢᠭᠦᠯᠵᠦ᠂ ᠳᠥᠩᠹᠠᠩ ᠰᠢ  ᠸᠠᠩ ᠤᠨ ᠬᠡᠷᠡᠯ ᠴᠡᠨᠡᠭ ᠤᠨ ᠪᠥᠬᠦ ᠠᠵᠤ ᠤᠶᠢᠯᠡᠰ ᠤᠨ ᠬᠡᠯᠬᠢᠶᠡᠨ ᠤ  ᠵᠤᠶᠢᠯᠡᠰ ᠢ ᠪᠣᠳᠠᠲᠠᠶ ᠪᠠᠷ ᠳᠠᠩᠰᠠᠯᠠᠭᠤᠯᠤᠨ᠂  ᠵᠥᠩ ᠴᠧ ᠴᠠᠭ ᠦᠶ᠎ᠡ᠂ ᠶᠢᠨ ᠹᠧᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠨᠢᠭᠡ ᠪᠦᠯᠦᠭ ᠰᠢᠨ᠎ᠡ ᠡᠨᠧᠷᠭᠢ ᠶᠢᠨ  ᠵᠤᠶᠢᠯᠡᠰ ᠲᠤ ᠰᠠᠨᠠᠯ ᠨᠢᠭᠡᠳᠴᠦ᠂ ᠰᠢᠨ᠎ᠡ ᠡᠨᠧᠷᠭᠢ ᠶᠢᠨ ᠠᠵᠤ ᠤᠶᠢᠯᠡᠰ ᠦᠷᠭᠦᠯᠵᠢᠯᠡᠨ ᠪᠤᠵᠠᠭᠠᠶᠢᠷᠠᠪᠠ᠃  ᠶᠡᠷᠦᠩᠬᠡᠶᠢᠯᠡᠨ ᠡᠳ᠋ᠰᠢᠭᠦᠯᠬᠦ ᠬᠦᠷᠢᠶᠡᠯᠡᠩ ᠤᠨ ᠭᠤᠷᠪᠠᠳᠤᠭᠠᠷ ᠬᠤᠭᠤᠴᠠᠭᠠᠨ ᠤ ᠪᠣᠬᠢᠷ ᠤᠰᠤᠨ ᠤ ᠬᠤᠭᠤᠯᠠᠶ ᠶᠢᠨ  ᠲᠣᠤᠷ ᠢ ᠲᠣᠤᠷ ᠲᠤ ᠨᠡᠶᠢᠯᠡᠭᠦᠯᠦᠨ ᠠᠵᠢᠯᠯᠠᠭᠤᠯᠬᠤ᠂ ᠪᠦᠦ ᠵᠢᠶᠧ ᠶᠢᠨ 110 ᠺᠢᠯᠣᠸᠠᠲ ᠤᠨ ᠴᠠᠬᠢᠯᠭᠠᠨ ᠬᠠᠩᠭᠠᠬᠤ  ᠲᠤᠰᠬᠠᠶ ᠤᠲᠠᠰᠤ ᠵᠡᠷᠭᠡ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠬᠠᠲᠠᠭᠤ  ᠬᠠᠶᠠᠭᠳᠠᠮᠠᠯ ᠰᠢᠭᠠᠷᠤ ᠶᠢᠨ ᠲᠠᠯᠠᠪᠠᠶ ᠪᠠ ᠪᠣᠯᠣᠳ ᠤᠨ ᠰᠢᠭᠠᠷᠤ ᠶᠢ ᠰᠢᠢᠤᠡᠪᠤᠷᠢᠯᠡᠬᠦ ᠲᠥᠷᠥᠯ ᠵᠤᠶᠢᠯ ᠤᠨ ᠠᠵᠢᠯ  ᠳᠠᠭᠤᠰᠴᠤ᠂ ᠬᠦᠷᠢᠶᠡᠯᠡᠩ ᠲᠣᠭᠤᠷᠢᠭ ᠤᠨ ᠴᠢᠬᠤᠯᠠ ᠬᠦᠴᠦᠨ ᠵᠤᠶᠢᠯ ᠤᠨ ᠪᠠᠲᠤᠯᠠᠭ᠎ᠠ ᠶᠢᠨ ᠴᠢᠳᠠᠪᠤᠷᠢ ᠶᠢ  ᠦᠷᠭᠦᠯᠵᠢᠯᠡᠨ ᠳᠡᠭᠡᠭᠰᠢᠯᠡᠭᠦᠯᠪᠡ᠃ ᠤᠶᠢᠯᠡᠴᠢᠯᠡᠭᠡᠨ ᠤ ᠤᠶᠢᠯᠡᠰ ᠤᠨ ᠪᠦᠲᠦᠴᠡ ᠲᠠᠰᠤᠷᠠᠯᠲᠠ ᠥᠬᠡᠶ ᠰᠢᠯᠢᠳᠡᠭᠵᠢᠪᠡ  ᠃ ᠬᠡᠲᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠲᠣᠪᠴᠢᠶ᠎ᠠ ᠶᠢᠨ  ᠤᠶᠢᠯᠡᠤᠡᠪᠤᠷᠢᠯᠡᠯ ᠤᠨ ᠵᠢᠯᠣᠭᠤᠳᠬᠤ  ᠲᠥᠪ ᠤᠨ ᠨᠢᠭᠡᠳᠦᠭᠡᠷ ᠬᠤᠭᠤᠴᠠᠭᠠᠨ ᠤ ᠠᠰᠢᠭᠯᠠᠯᠲᠠ ᠳᠤ ᠣᠷᠣᠭᠤᠯᠬᠤ᠂ ᠨᠢᠭᠡᠳᠦᠭᠡᠷ ᠨᠣᠮᠧᠷᠲᠤ ᠪᠠᠷᠠᠭᠠᠨ ᠤ  ᠭᠦᠢᠯᠭᠡᠭᠡᠨ ᠤ ᠤᠶᠤᠨᠲᠤ ᠵᠠᠰᠠᠮᠠᠯ ᠵᠠᠮ ᠤᠨ ᠭᠠᠷᠠᠮ᠂ ᡁᠢ ᠾᠧ ᠭᠠᠷ ᠳᠠᠮᠵᠢᠭᠰᠠᠨ ᠮᠠᠰᠢᠨ ᠲᠡᠷᠭᠡᠨ ᠤ ᠵᠠᠬ᠎ᠠ  ᠳᠡᠯᠭᠡᠭᠦᠷ ᠵᠡᠷᠭᠡ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠤᠷᠤᠭᠰᠢᠲᠠᠶ ᠶᠠᠪᠤᠭᠳᠠᠪᠠ︔  ᠭᠤᠸᠠᠩ ᠶᠤᠸᠠᠨ  ᠸᠠᠨ ᠳ᠋ᠠ ᠵᠣᠴᠢᠳ ᠤᠨ ᠪᠠᠭᠤᠳᠠᠯ ᠠᠮᠵᠢᠯᠲᠠ ᠲᠠᠢ ᠪᠠᠷ ᠣᠷᠣᠵᠤ ᠰᠠᠭᠤᠭᠠᠳ᠂ ᠬᠠᠶ ᠳ᠋ᠢ ᠯᠤᠤ᠂ ᠲᠠᠷᠭᠤᠨ ᠬᠤᠷᠠᠭ᠎ᠠ  ᠂ ᠡᠷᠳᠡᠨᠢ ᠵᠡᠷᠭᠡ ᠨᠠᠷᠠᠲᠤ ᠲᠥᠷᠥᠯ ᠲᠡᠮᠳᠡᠭᠲᠦ ᠶᠢᠨ ᠠᠩᠬᠠᠨ ᠤ ᠳᠡᠯᠭᠡᠭᠦᠷ ᠬᠤᠳᠠᠯᠳᠤᠭ᠎ᠠ ᠡᠬᠢᠯᠡᠵᠦ᠂ ᠬᠤᠭᠤᠰᠣᠨ  ᠨᠠᠷᠠᠲᠤ ᠲᠥᠷᠥᠯ ᠲᠡᠮᠳᠡᠭᠲᠦ ᠶᠢ 56 ᠰᠢᠨ᠎ᠡ ᠪᠠᠷ ᠨᠡᠮᠡᠭᠳᠡᠭᠦᠯᠦᠨ᠂ ᠡᠯ᠎ᠡ ᠲᠥᠷᠥᠯ ᠤᠨ ᠦᠵᠡᠰᠬᠦᠯᠡᠩ ᠢ 10 ᠭᠠᠷᠤᠶ  ᠤᠳᠠᠭ᠎ᠠ ᠪᠡᠯᠡᠳᠬᠡᠨ ᠡᠷᠭᠢᠯᠡᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠲᠦᠷᠭᠡᠨ ᠢᠶᠠᠷ ᠰᠠᠶᠢᠵᠢᠷᠠᠪᠠ᠃ ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠭ᠎ᠠ ᠲᠤᠰ ᠲᠤᠰ 713  ᠳ᠋ᠦᠩᠰᠢᠭᠤᠷ ᠲᠥᠭᠦᠷᠢᠭ ᠪᠠ 415 ᠳ᠋ᠦᠩᠰᠢᠭᠤᠷ ᠲᠥᠭᠦᠷᠢᠭ ᠲᠤ ᠬᠦᠷᠪᠡ᠃ ᠭᠤᠷᠪᠠᠳᠤᠭᠠᠷ ᠪᠦᠯᠦᠭ ᠤᠨ  ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠢ  ᠮᠠᠭᠠᠳᠯᠠᠨ ᠲᠣᠭᠲᠠᠭᠠᠬᠤ ᠪᠠᠷ ᠳᠡᠮᠵᠢᠨ᠂ ᠠᠩᠬᠠᠳᠤᠭᠠᠷ ᠬᠤᠭᠤᠴᠠᠭᠠᠨ ᠤ ᠬᠤᠲᠠ ᠶᠢᠨ ᠴᠢᠭᠯᠡᠯᠲᠦ ᠤᠷᠤᠯᠳᠤᠭᠠᠨ ᠢ  ᠠᠮᠵᠢᠯᠲᠠ ᠲᠠᠢ ᠡᠷᠭᠢᠯᠡᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ ᠵᠡᠷᠭᠡ ᠰᠣᠶᠣᠯ ᠪᠡᠶ᠎ᠡ ᠶᠢᠨ  ᠲᠠᠮᠢᠷ ᠤᠨ ᠠᠵᠢᠯᠯᠠᠭ᠎ᠠ ᠶᠢ ᠥᠷᠨᠢᠭᠦᠨ ᠬᠥᠭᠵᠢᠭᠡᠨ ᠲᠠᠢ ᠥᠷᠨᠢᠭᠦᠯᠪᠡ᠃ ᠲᠠᠷᠢᠶᠠᠯᠠᠩ ᠠᠵᠤ ᠠᠬᠤᠶ ᠶᠢ ᠲᠣᠭᠲᠠᠭᠤᠨ  ᠪᠠᠶᠢᠯᠭᠠᠬᠤ ᠶᠢᠨ ᠵᠡᠷᠭᠡ ᠳᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠠᠵᠤ  ᠤᠶᠢᠯᠡᠰ ᠤᠨ ᠬᠦᠴᠦᠷᠬᠡᠭ ᠪᠠᠯᠭᠠᠰᠤ  ᠵᠡᠷᠭᠡ 9 ᠲᠥᠷᠥᠯ ᠵᠤᠶᠢᠯ ᠢ ᠪᠠᠶᠢᠭᠤᠯᠵᠤ ᠳᠠᠭᠤᠰᠬᠠᠨ᠂ ᠶᠦᠨ ᠹᠸᠢ ᠦᠵᠦᠮ ᠤᠨ ᠠᠷᠢᠬᠢ ᠶᠢᠨ ᠫᠦᠰᠡ  ᠡᠵᠡᠩᠨᠡᠯᠲᠡ ᠪᠠᠨ ᠡᠬᠢᠯᠡᠭᠦᠯᠪᠡ᠃ ᠣᠨ ᠤ ᠠᠮᠤ ᠪᠤᠳᠠᠭᠠᠨ ᠤ ᠤᠶᠢᠯᠡᠤᠡᠪᠤᠷᠢᠯᠡᠯ ᠤᠨ ᠡᠭᠦᠷᠭᠡ ᠪᠠᠨ ᠳᠠᠪᠠᠭᠤᠯᠤᠨ  ᠪᠡᠶᠡᠯᠡᠭᠦᠯᠵᠦ᠂ ᠦᠵᠦᠮ ᠳᠠᠷᠢᠬᠤ ᠬᠡᠪᠴᠢᠶ᠎ᠡ 1.03 ᠲᠦᠮᠡᠨ ᠮᠥ ᠳᠤ ᠬᠦᠷᠴᠦ᠂ ᠵᠥᠩ ᠾᠧ ᠶᠤᠸᠠᠨ ᠤ  ᠤᠳᠪᠠᠯᠠ ᠴᠡᠴᠡᠭᠲᠦ ᠴᠠᠶ ᠶᠢ ᠵᠠᠬ᠎ᠠ ᠳᠡᠯᠭᠡᠭᠦᠷ ᠲᠤ ᠭᠠᠷᠭᠠᠨ ᠪᠣᠷᠣᠯᠠᠭᠤᠯᠵᠤ᠂ ︽ᠹᠦ᠋ ᠬᠠᠶ︾ ᠵᠡᠷᠭᠡ ᠨᠠᠷᠠᠲᠤ  ᠲᠡᠮᠳᠡᠭᠲᠦ ᠪᠣᠬᠢᠷᠲᠤᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠤ  ᠤᠶᠢᠯᠡᠤᠡᠪᠤᠷᠢᠯᠡᠯ ᠪᠣᠷᠣᠯᠠᠭᠤᠯᠭ᠎ᠠ ᠵᠡᠷᠭᠡᠪᠡᠷ  ᠬᠥᠭᠵᠢᠪᠡ᠃ ᠸᠠᠩ ᠶᠤᠸᠠᠨ ᠳ᠋ᠢ ᠲᠣᠰᠬᠤᠨ ᠲᠦᠷᠦᠭᠦᠦ ᠪᠦᠯᠦᠭ ᠥᠪᠡᠷᠲᠡᠭᠡᠨ ᠵᠠᠰᠠᠬᠤ ᠣᠷᠣᠨ ᠤ ᠬᠥᠳᠡᠭᠡ  ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠢᠶᠠᠷ ᠦᠨᠡᠯᠡᠭᠳᠡᠵᠦ᠂ ᠵᠢᠮᠢᠰ ᠨᠣᠭᠤᠭ᠎ᠠ ᠲᠡᠭᠦᠬᠦ ᠠᠵᠤ  ᠦᠢᠯᠡᠰ ᠦᠳᠲᠡᠷ ᠲᠦᠷᠭᠡᠨ ᠬᠥᠭᠵᠢᠵᠦ᠂ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ᠂ ᠵᠢᠯ ᠤᠨ  ᠭᠠᠭ᠋ᠠᠢ ᠶᠢᠨ ᠰᠣᠶᠣᠯ ᠤᠨ ᠨᠠᠶᠢᠷ ᠵᠡᠷᠭᠡ ᠠᠵᠢᠯᠯᠠᠭ᠎ᠠ ᠬᠥᠮᠦᠰ ᠤᠨ ᠬᠦᠷᠢᠶᠡᠯᠡᠯ ᠢ ᠣᠯᠵᠤ᠂ ᠬᠥᠳᠡᠭᠡ ᠲᠣᠰᠬᠤᠨ ᠤ  ᠵᠤᠭᠠᠴᠠᠯ ᠤᠨ ᠬᠥᠭᠵᠢᠯᠲᠡ ᠶᠢᠨ ᠬᠠᠨᠳᠤᠰᠢ ᠮᠠᠰᠢ ᠰᠠᠶᠢᠨ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ  ᠡᠭᠦᠳᠦᠯᠲᠡ ᠶᠢᠨ ᠲᠤᠯᠭᠠᠭᠤᠷᠢᠯᠠᠯ ᠨᠡᠩ ᠬᠦᠴᠦᠲᠡᠶ ᠪᠣᠯᠪᠠ᠃ ᠪᠦᠦ ᠵᠢᠶᠧ ᠵᠡᠷᠭᠡ ᠠᠵᠤ ᠠᠬᠤᠶᠢᠯᠠᠯ ᠤᠨ  ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠪᠤᠶᠢᠵᠢᠭᠤᠯᠬᠤ ᠨᠡᠷᠡᠰ ᠲᠤ  ᠣᠷᠣᠵᠤ᠂ ᠰᠠᠨᠰᠠᠷ ᠤᠨ ᠠᠶᠠᠯᠠᠯ ᠤᠨ ᠠᠷᠪᠠᠨ ᠬᠤᠶᠠᠳᠤᠭᠠᠷ ᠬᠦᠷᠢᠶᠡᠯᠡᠩ ᠤᠨ ᠲᠣᠭᠠᠴᠢᠯᠠᠭᠰᠠᠨ ᠠᠵᠤ ᠠᠬᠤᠶ ᠶᠢᠨ  ᠨᠡᠪᠴᠢᠭᠦᠯᠬᠦ ᠰᠠᠭᠤᠷᠢᠨ ᠭᠠᠵᠠᠷ ᠢ ᠲᠦᠷᠭᠡᠳᠬᠡᠨ ᠠᠬᠢᠭᠤᠯᠵᠤ᠂ ᠡᠯ᠎ᠡ ᠱᠠᠲᠤᠨ ᠤ ᠰᠢᠨᠵᠢᠯᠡᠬᠦ ᠤᠬᠠᠭᠠᠨ  ᠮᠡᠷᠭᠡᠵᠢᠯ ᠤᠨ ᠪᠠᠯᠠ ᠮᠥᠩᠭᠦ ᠶᠢ 2239 ᠲᠦᠮᠡᠨ ᠲᠥᠭᠦᠷᠢᠭ ᠲᠠᠷᠬᠠᠭᠠᠪᠠ᠃         ᠨᠢᠭᠡ ᠵᠢᠯ ᠤᠨ ᠲᠤᠷᠰᠢ᠂ ᠪᠢᠳᠠ ᠨᠢᠭᠡᠳᠦᠯᠲᠡᠢ ᠲᠥᠯᠥᠪᠵᠢᠭᠦᠯᠦᠨ ᠠᠭᠤᠰᠤᠯᠴᠠᠭᠤᠯᠬᠤ᠂ ᠪᠠᠶᠢᠷᠢᠰᠢᠯ ᠢ  ᠰᠢᠯᠢᠳᠡᠭᠵᠢᠭᠦᠯᠬᠦ ᠶᠢ ᠪᠠᠷᠢᠮᠲᠠᠯᠠᠵᠤ᠂ ᠬᠤᠳᠠ ᠶᠢᠨ ᠰᠢᠨᠡᠴᠢᠯᠡᠯᠲᠡ ᠶᠢ ᠡᠷᠴᠢᠮᠲᠡᠢ ᠡᠬᠢᠯᠡᠭᠦᠯᠵᠡᠢ᠃ ᠲᠥᠪ ᠬᠤᠲᠠ  ᠲᠣᠭᠤᠷᠢᠭ ᠤᠨ ᠶᠡᠷᠦᠩᠬᠡᠶᠢᠯᠡᠭᠰᠡᠨ ᠳᠠᠭᠠᠭᠠᠴᠠ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠴᠢᠳᠠᠮᠵᠢ ᠶᠢᠨ  ᠪᠠᠶᠢᠷᠢᠰᠢᠭᠤᠯᠤᠯᠲᠠ ᠶᠢ ᠱᠠᠯᠠᠪᠳᠠᠨ ᠲᠡᠭᠦᠯᠳᠡᠷᠵᠢᠭᠦᠯᠵᠦ᠂ ᠲᠣᠪᠤᠶᠢᠮ᠎ᠠ ᠠᠰᠠᠭᠤᠳᠠᠯ ᠢ ᠪᠦᠲᠦᠮᠵᠢᠲᠡᠶ ᠵᠠᠰᠠᠬᠤ ᠶᠢ   ᠪᠡᠶᠡᠯᠡᠭᠦᠯᠪᠡ᠃ ᠣᠷᠣᠨ ᠰᠠᠭᠤᠴᠠ ᠶᠢᠨ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠪᠠ᠃ 23 ᠬᠠᠭᠤᠴᠢᠨ  ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠵᠤ ᠳᠠᠭᠤᠰᠬᠠᠪᠠ᠃ ᠡᠮᠦᠨ᠎ᠡ ᠵᠠᠮ ᠤᠨ ᠪᠠᠷᠠᠭᠤᠨ ᠬᠡᠰᠡᠭ ᠵᠡᠷᠭᠡ  ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠬᠤ 3 ᠵᠦᠢᠯᠡᠰ ᠢ ᠲᠦᠷᠭᠡᠪᠴᠢᠯᠡᠨ ᠲᠦᠯᠬᠢᠨ  ᠠᠬᠢᠭᠤᠯᠵᠤ᠂ ︽ᠠᠰᠠᠭᠤᠳᠠᠯ ᠲᠠᠢ ᠠᠰᠠᠷ︾᠎ ᠢ 2495 ᠢᠵᠢ ᠭᠡᠷ ᠪᠠᠶᠢᠰᠢᠩ ᠲᠤᠰᠢᠶᠠᠨ ᠥᠭᠴᠦ᠂ ᠪᠤᠴᠠᠭᠠᠨ  ᠨᠡᠭᠦᠯᠭᠡᠵᠦ ᠲᠥᠪᠬᠢᠨᠡᠭᠦᠯᠦᠭᠰᠡᠨ ᠨᠤᠷᠮ᠎ᠠ 98%᠎ ᠳᠤ ᠬᠦᠷᠴᠦ᠂ ᠦᠯᠦ ᠬᠥᠳᠡᠯᠬᠦ ᠬᠦᠷᠦᠩᠭᠡ ᠶᠢᠨ ᠦᠯᠡᠳᠡᠭᠳᠡᠯ  ᠠᠰᠠᠭᠤᠳᠠᠯ ᠢ ᠡᠷᠦᠬᠡ ᠬᠤᠪᠢᠶᠠᠨ ᠳᠠᠩᠰᠠᠯᠠᠭᠰᠠᠨ ᠨᠤᠷᠮ᠎ᠠ 92%᠎ ᠢ ᠳᠠᠪᠠᠵᠤ᠂ ᠭᠡᠷ ᠪᠠᠶᠢᠰᠢᠩ ᠭᠠᠵᠠᠷ ᠰᠢᠷᠣᠶ ᠶᠢᠨ  ᠬᠦᠷᠦᠩᠭᠡ ᠶᠢᠨ ︽ᠭᠤᠷᠪᠠᠨ ᠪᠡᠷᠬᠡ︾᠎ ᠶᠢᠨ ᠠᠰᠠᠭᠤᠳᠠᠯ ᠢ ᠪᠦᠲᠦᠮᠵᠢᠲᠡᠶ ᠪᠠᠷ ᠰᠢᠢᠤᠡᠪᠤᠷᠢᠯᠡᠪᠡ᠃ ᠬᠤᠳᠠ ᠶᠢᠨ  ᠲᠥᠬᠦᠭᠡᠷᠦᠮᠵᠢ ᠶᠢ ᠨᠡᠩ ᠲᠡᠭᠦᠯᠳᠡᠷᠵᠢᠭᠦᠯᠦᠨ᠎ᠡ᠃ ᠪᠤᠭᠤᠲᠤ ᠠᠴᠠ ᠢᠨᠴᠦᠸᠠᠨ  ᠬᠦᠷᠬᠦ ᠳᠡᠭᠡᠳᠦ ᠬᠤᠷᠳᠤᠴᠠᠲᠤ  ᠲᠡᠮᠦᠷ ᠵᠠᠮ ᠤᠨ ᠦᠬᠠᠶ ᠶᠢᠨ ᠬᠡᠰᠡᠭ ᠤᠨ ︽ᠭᠤᠷᠪᠠᠨ ᠴᠠᠬᠢᠯᠭᠠᠨ︾᠎ ᠢ ᠨᠡᠭᠦᠯᠭᠡᠨ ᠥᠭᠡᠷᠡᠴᠢᠯᠡᠬᠦ ᠠᠵᠢᠯ ᠢ ᠪᠦᠬᠦ  ᠲᠠᠯ᠎ᠠ ᠪᠠᠷ ᠡᠬᠢᠯᠡᠭᠦᠯᠪᠡ︔ 27 ᠺᠢᠯᠣᠮᠧᠲᠷ ᠤᠨ ᠰᠢᠲᠠᠮᠠᠬᠠᠶ ᠬᠡᠶ ᠶᠢᠨ ᠭᠤᠤᠯ ᠰᠠᠯᠪᠤᠷᠢ ᠱᠤᠭᠤᠮ ᠤᠨ  ᠬᠤᠭᠤᠯᠠᠶ ᠶᠢᠨ ᠲᠣᠤᠷ ᠤᠨ ᠠᠮᠤᠷ ᠲᠦᠪᠰᠢᠨ ᠤ ᠳᠠᠯᠳᠠ ᠬᠡᠮ ᠢ ᠲᠦᠢᠯᠪᠤᠷᠢᠲᠠᠶ ᠠᠷᠢᠯᠭᠠᠪᠠ︔ ᠠᠮᠢᠳᠤᠷᠠᠯ ᠤᠨ  ᠬᠤᠭ ᠨᠣᠪᠰᠢ ᠶᠢ ᠶᠡᠷᠦᠩᠬᠡᠶᠢᠯᠡᠨ ᠰᠢᠢᠤᠡᠪᠤᠷᠢᠯᠡᠬᠦ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠬᠤᠭ ᠨᠣᠪᠰᠢ ᠶᠢ  ᠡᠳᠦᠷ ᠲᠤ  ᠤᠶᠢᠯᠡᠤᠡᠪᠤᠷᠢᠯᠡᠵᠤ ᠡᠳᠦᠷ ᠲᠤ ᠴᠡᠪᠡᠷᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ  ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠪᠠ︔ ᠴᠡᠴᠡᠷᠯᠢᠭ᠂ ᠠᠭᠤᠳᠠᠮ ᠲᠠᠯᠠᠪᠠᠢ᠂ ᠨᠣᠭᠤᠭᠠᠷᠠᠭᠤᠯᠤᠭᠰᠠᠨ  ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠡᠮᠬᠢ ᠵᠢᠷᠤᠮ ᠲᠠᠢ ᠠᠬᠢᠭᠤᠯᠵᠤ᠂ ᠨᠢᠭᠡ ᠪᠦᠯᠦᠭ ︽  ᠤᠭᠤᠲᠠ︾ ᠴᠡᠴᠡᠷᠯᠢᠭ ᠪᠠ ︽ᠬᠥᠭᠦᠷᠭᠡᠨ ᠠᠭᠤᠢ︾᠎ ᠶᠢᠨ ᠰᠣᠶᠣᠯ ᠢ ᠠᠮᠵᠢᠯᠲᠠ ᠲᠠᠢ ᠡᠭᠦᠳᠴᠦ᠂ 1 ᠲᠦᠮᠡᠨ  ᠲᠡᠭᠰᠢ ᠳᠥᠷᠪᠡᠯᠵᠢᠨ ᠮᠧᠳ᠋ᠷ ᠤᠨ ᠨᠣᠭᠤᠭᠠᠷᠠᠭᠤᠯᠤᠯᠲᠠ ᠶᠢ ᠰᠢᠨ᠎ᠡ ᠪᠠᠷ ᠨᠡᠮᠡᠭᠳᠡᠭᠦᠯᠵᠦ᠂ ᠰᠦᠢᠳᠬᠡᠯ ᠬᠤᠷᠢᠶᠠᠬᠤ  ᠦᠭᠡᠢ ᠨᠡᠶᠢᠲᠡ ᠶᠢᠨ ᠲᠡᠷᠭᠡ ᠵᠣᠭᠰᠣᠬᠤ ᠪᠠᠶᠢᠷᠢ ᠶᠢ ᠰᠢᠨ᠎ᠡ ᠪᠠᠷ 1227 ᠨᠡᠮᠡᠭᠳᠡᠭᠦᠯᠪᠡ︔ ︽ᠵᠠᠰᠠᠮᠠᠯ ᠵᠠᠮ ᠢᠶᠠᠷ  ᠠᠯᠪᠠᠯᠠᠬᠤ︾᠎ ᠶᠢ ᠪᠠᠶᠢᠩᠭᠤᠵᠢᠭᠤᠯᠤᠨ ᠥᠷᠨᠢᠭᠦᠯᠵᠦ᠂ ᠲᠦᠷᠢᠮ ᠠᠴᠠ ᠵᠥᠷᠢᠴᠡᠭᠰᠡᠨ ᠪᠠᠷᠢᠯᠭ᠎ᠠ ᠶᠢ ᠬᠠᠤᠯᠢ ᠶᠣᠰᠣᠭᠠᠷ  ᠨᠤᠷᠠᠭᠠᠵᠤ᠂ ︽ᠲᠣᠮᠣ ᠬᠤᠲᠠ ᠶᠢᠨ ᠨᠠᠷᠢᠨ ᠬᠤᠭᠤᠯᠠᠶ︾᠎ ᠨᠢ ᠦᠵᠡᠰᠬᠦᠯᠡᠩᠲᠦ ᠰᠠᠶᠢᠬᠠᠨ ᠬᠡᠷ ᠣᠷᠣᠨ ᠢ  ᠲᠤᠯᠭᠠᠭᠤᠷᠢᠯᠠᠭᠤᠯᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠦᠬᠦ ᠶᠠᠳᠠᠭᠤ ᠠᠴᠠ  ᠠᠩᠭᠢᠵᠢᠷᠠᠭᠤᠯᠬᠤ ᠪᠡᠷᠬᠡ ᠰᠡᠳᠦᠪ ᠢ  ᠰᠢᠢᠤᠡᠪᠤᠷᠢᠯᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ  ᠮᠠᠨᠳᠤᠭᠤᠯᠬᠤ ᠲᠠᠢ ᠪᠦᠲᠦᠮᠵᠢᠲᠡᠶ ᠪᠠᠷ ᠵᠣᠯᠭᠠᠭᠤᠯᠵᠤ᠂ ︽ᠲᠦᠷᠪᠡ ᠶᠢ ᠰᠠᠯᠭᠠᠬᠤ ᠦᠭᠡᠢ︾ ᠶᠡᠷᠦᠩᠬᠡᠶ  ᠱᠠᠭᠠᠷᠳᠠᠯᠭ᠎ᠠ ᠶᠢ ᠪᠠᠷᠢᠮᠲᠠᠯᠠᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ  ᠲᠣᠭᠲᠠᠴᠠ ᠶᠢ ᠯᠠᠪᠳᠠᠭᠤᠨ ᠪᠠᠲᠤᠲᠠᠶ ᠪᠠᠶᠢᠭᠤᠯᠤᠨ᠎ᠠ᠃ ᠲᠠᠷᠢᠶᠠᠯᠠᠬᠤ ᠣᠷᠣᠨ ᠤ ᠵᠠᠮ᠂ ᠤᠰᠤ ᠬᠠᠩᠭᠠᠬᠤ ᠤᠰᠤ  ᠵᠠᠯᠠᠬᠤ᠂ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠵᠡᠷᠭᠡ ᠪᠡᠯᠡᠳᠬᠡᠮᠵᠢ ᠶᠢ ᠨᠠᠩ ᠪᠦᠷᠢᠨ ᠲᠡᠭᠦᠯᠳᠡᠷ ᠪᠣᠯᠭᠠᠵᠤ᠂  ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠵᠠᠰᠠᠯᠲᠠ ᠶᠢᠨ ᠦᠷ᠎ᠡ ᠪᠦᠲᠦᠮᠵᠢ ᠶᠢ  ᠢᠯᠡᠳᠲᠡ ᠪᠣᠯᠭᠠᠨ᠎ᠠ᠃          ᠨᠢᠭᠡ ᠵᠢᠯ ᠤᠨ ᠲᠤᠷᠰᠢ᠂ ᠪᠢᠳᠡ ᠠᠷᠠᠳ ᠲᠦᠮᠡᠨ ᠢ ᠳᠡᠭᠡᠳᠦᠯᠡᠵᠦ᠂ ᠪᠥᠬᠦ ᠬᠦᠴᠦᠨ ᠢᠶᠠᠷ ᠢᠶᠠᠨ  ᠴᠢᠷᠮᠠᠶᠢᠭᠰᠠᠨ ᠠᠴᠠ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠪᠡ᠃ ᠠᠷᠠᠳ  ᠤᠯᠠᠨ ᠤ ︽ᠪᠠᠴᠢᠮᠳᠠᠬᠤ ᠬᠦᠴᠢᠷᠳᠡᠬᠦ ᠵᠣᠪᠠᠨᠢᠬᠤ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ  ᠠᠮᠢᠳᠤᠷᠠᠯ ᠤᠨ ᠪᠠᠲᠤᠯᠠᠪᠤᠷᠢ ᠶᠢᠨ ᠴᠢᠳᠠᠪᠤᠷᠢ ᠶᠢ ᠤᠨᠢᠨ ᠳᠡᠭᠡᠷ᠎ᠡ ᠨᠢ ᠳᠡᠭᠡᠭᠰᠢᠯᠡᠭᠦᠯᠵᠦ᠂ ᠤᠯᠠᠨ ᠲᠦᠮᠡᠨ ᠤ  ᠬᠦᠷᠲᠡᠮᠵᠢ ᠶᠢᠨ ᠲᠦᠷᠦᠭᠳᠡᠯ ᠢ ᠨᠡᠩ ᠰᠠᠶᠢᠨ ᠪᠣᠯᠭᠠᠵᠤ᠂ ᠵᠣᠯ ᠵᠢᠷᠭᠠᠯ ᠤᠨ ᠲᠦᠷᠦᠭᠳᠡᠯ ᠢ ᠨᠡᠩ  ᠦᠷᠭᠦᠯᠵᠢᠭᠦᠯᠪᠡ᠃ ᠠᠵᠢᠯ ᠣᠯᠭᠤᠯᠲᠠ ᠶᠢ ᠤᠷᠢᠳᠠᠪᠠᠷ ᠪᠣᠳᠣᠯᠬᠢᠯᠠᠬᠤ ᠶᠢ ᠪᠠᠷᠢᠮᠳᠠᠯᠠᠪᠠ᠃ ᠬᠤᠲᠠ ᠪᠠᠯᠭᠠᠰᠤ ᠶᠢᠨ 3494  ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠠᠳᠠᠯ  ᠤᠶᠢᠯᠡᠰ ᠴᠣᠭᠴᠠᠯᠠᠬᠤ ᠵᠢᠭᠡᠯᠡᠯᠭᠡ ᠲᠠᠯᠪᠢᠵᠤ᠂ ᠠᠵᠢᠯ  ᠣᠯᠭᠤᠯᠲᠠ ᠶᠢᠨ ᠨᠥᠬᠦᠪᠥᠷᠢ 5000 ᠲᠦᠮᠡᠨ ᠲᠥᠭᠦᠷᠢᠭ ᠢ ᠳᠠᠪᠠᠵᠤ᠂ ᠬᠤᠲᠠ ᠪᠠᠯᠭᠠᠰᠤ ᠶᠢᠨ  ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ ᠥᠪᠡᠷᠲᠡᠭᠡᠨ ᠵᠠᠰᠠᠬᠤ ᠣᠷᠣᠨ ᠤ ᠬᠠᠷᠠᠯᠲᠠᠲᠤ  ᠡᠭᠦᠷᠭᠡ ᠠᠴᠠ ᠳᠣᠤᠷ᠎ᠠ ᠪᠣᠯᠭᠠᠪᠠ᠃ ᠰᠤᠷᠭᠠᠨ ᠬᠥᠮᠦᠵᠢᠯ ᠤᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃  ᠪᠦᠯᠦᠭᠯᠡᠯ ᠢᠶᠠᠷ ᠰᠤᠷᠭᠠᠭᠤᠯᠢ ᠡᠷᠭᠢᠯᠡᠬᠦ ᠶᠢ ᠭᠦᠨᠵᠡᠭᠡᠶ ᠥᠷᠨᠢᠭᠦᠯᠵᠦ ᠰᠤᠷᠭᠠᠨ ᠬᠥᠮᠦᠵᠢᠯ ᠤᠨ ᠲᠡᠩᠴᠡᠭᠦᠷᠢ ᠶᠢ  ᠠᠬᠢᠭᠤᠯᠵᠤ᠂ ᠨᠢᠭᠡᠳᠦᠭᠡᠷ ᠪᠠᠭ᠎ᠠ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠬᠤᠪᠢᠶᠠᠷᠢ  ᠰᠤᠷᠭᠠᠭᠤᠯᠢ ᠰᠢᠨ᠎ᠡ ᠢ ᠤᠭᠳᠤᠪᠠ︔ ᠯᠢᠨ ᠶᠢᠨ ᠪᠠᠭ᠎ᠠ ᠰᠤᠷᠭᠠᠭᠤᠯᠢ᠂ ᠠᠷᠪᠠᠨ ᠨᠢᠭᠡᠳᠦᠭᠡᠷ ᠳᠤᠮᠳᠠᠳᠤ  ᠰᠤᠷᠭᠠᠭᠤᠯᠢ ᠶᠢᠨ ᠲᠦᠷᠦᠯ ᠵᠦᠢᠯ ᠢ ᠡᠬᠢᠯᠡᠭᠦᠯᠪᠡ︔ 2 ᠬᠡᠤᠬᠡᠳ ᠤᠨ ᠴᠡᠴᠡᠷᠯᠢᠭ ᠲᠤ ᠰᠤᠷᠭᠠᠭᠤᠯᠢ ᠡᠷᠭᠢᠯᠡᠵᠦ᠂  720 ᠡᠷᠳᠡᠮ ᠤᠨ ᠴᠣᠯᠠ ᠨᠡᠮᠡᠪᠡ᠃ ︽ᠬᠤᠶᠠᠷ ᠢ ᠬᠦᠩᠬᠡᠷᠡᠭᠦᠯᠬᠦ︾ ᠲᠦᠷᠦ ᠶᠢᠨ ᠪᠤᠳᠤᠯᠭ᠎ᠠ ᠶᠢ ᠪᠣᠳᠠᠲᠠᠶ ᠳᠤ  ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠪᠠ᠃ ᠭᠡᠷ᠎ᠡ ᠶᠢᠨ ᠳᠦᠷᠢᠮᠲᠦ ᠬᠡᠦᠬᠡᠳ ᠤᠨ ᠰᠤᠷᠭᠠᠨ  ᠬᠥᠮᠦᠵᠢᠯ ᠤᠨ ᠠᠵᠢᠯᠳᠠᠨ ᠠᠵᠢᠯᠴᠢᠨ ᠠᠳᠠᠯᠢ ᠠᠵᠢᠯ ᠳᠤ ᠠᠳᠠᠯᠢ ᠬᠥᠯᠥᠰᠥ ᠣᠯᠭᠤᠬᠤ ᠶᠢ ᠪᠡᠶᠡᠯᠡᠭᠦᠯᠵᠦ᠂  ᠬᠡᠦᠬᠡᠳ ᠤᠨ ᠰᠤᠷᠭᠠᠨ ᠬᠥᠮᠦᠵᠢᠯ ᠤᠨ ᠡᠩᠨᠡᠭᠡ ᠨᠡᠩ ᠲᠣᠭᠲᠠᠪᠤᠷᠢᠵᠢᠪᠠ᠃ ᠨᠡᠶᠢᠭᠡᠮ ᠤᠨ ᠪᠠᠲᠤᠯᠠᠭ᠎ᠠ ᠲᠠᠰᠤᠷᠠᠯᠳᠡ  ᠦᠬᠡᠢ ᠲᠡᠭᠦᠯᠳᠡᠷᠵᠢᠪᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ 810 ᠲᠥᠭᠦᠷᠢᠭ  ᠪᠣᠯᠭᠠᠨ ᠳᠡᠭᠡᠭᠰᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠲᠦᠷᠢᠮ ᠢ ᠨᠠᠩ ᠪᠦᠷᠢᠨᠰᠢᠬᠦᠯᠦᠨ᠂ ᠨᠡᠶᠢᠭᠡᠮ ᠤᠨ  ᠪᠠᠲᠤᠯᠠᠭ᠎ᠠ ᠶᠢᠨ ᠬᠡᠪᠴᠢᠶ᠎ᠡ ᠶᠢ ᠲᠦᠷᠭᠡᠳᠬᠡᠨ ᠠᠬᠢᠭᠤᠯᠵᠤ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ  ᠤᠶᠢᠯᠡᠴᠢᠯᠡᠭᠡᠨ ᠤ ᠲᠥᠪ ︵ᠥᠷᠲᠡᠭᠡ︶᠎ ᠢ 26 ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ  ᠥᠷᠭᠡᠳᠬᠡᠨ ᠪᠠᠶᠢᠭᠤᠯᠵᠤ᠂ 900 ᠭᠠᠷᠤᠶ ᠲᠦᠮᠡᠨ ᠲᠥᠭᠦᠷᠢᠭ ᠨᠥᠬᠦᠪᠥᠷᠢᠯᠡᠵᠦ᠂ ᠲᠠᠷᠢᠶᠠᠯᠠᠬᠤ ᠣᠷᠣᠨ ᠤ  ᠰᠠᠭᠤᠭᠠᠯᠢ ᠠᠷᠠᠳ ᠲᠤ 1.4 ᠲᠦᠮᠡᠨ ᠲᠣᠨ ᠰᠡᠳᠬᠢᠯ ᠳᠤᠯᠠᠭᠠᠴᠠᠭᠤᠯᠬᠤ ᠨᠡᠭᠦᠷᠡᠰᠦ ᠬᠠᠩᠭᠠᠵᠤ᠂ ᠠᠷᠠᠳ ᠤᠨ  ᠦᠨᠳᠦᠰᠦᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠪᠠᠲᠤ ᠪᠠᠬᠢ ᠪᠣᠯᠭᠠᠪᠠ᠃ ᠡᠮᠴᠢᠯᠡᠭᠡᠨ ᠤ ᠬᠢᠷᠢ  ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ 1.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠭᠰᠠᠨ  ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠭᠤᠤᠯ ᠴᠣᠭᠴᠠ ᠶᠢᠨ ᠳᠡᠭᠡᠪᠦᠷ ᠢ ᠪᠢᠲᠡᠭᠦᠮᠵᠢᠯᠡᠵᠦ᠂  ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠢ ᠪᠠᠶᠢᠭᠤᠯᠤᠨ ᠠᠰᠢᠭᠯᠠᠯᠲᠠ ᠳᠤ  ᠣᠷᠣᠭᠤᠯᠵᠤ᠂  ᠹᠧᠩ ᠬᠤᠸᠠᠩ ᠯᠢᠩ ᠵᠡᠷᠭᠡ ᠵᠡᠭᠡᠯᠢ ᠭᠤᠳᠤᠮᠵᠢ ᠶᠢᠨ ᠡᠷᠡᠭᠦᠯ ᠬᠠᠮᠠᠭᠠᠯᠠᠯ ᠤᠨ  ᠤᠶᠢᠯᠡᠴᠢᠯᠡᠭᠡᠨ ᠤ  ᠲᠥᠪ ᠢ ᠵᠢᠩᠬᠢᠨᠢ ᠪᠠᠷ ᠡᠬᠢᠯᠡᠨ ᠡᠮᠨᠡᠭᠦᠯᠪᠡ︔  ᠡᠮᠴᠢᠯᠡᠭᠡ᠂ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠶᠢᠨ ︽  ᠭᠤᠷᠪᠠᠨ ᠡᠮᠴᠢᠯᠡᠭᠡ ᠶᠢ ᠬᠤᠯᠪᠣᠯᠳᠤᠭᠤᠯᠬᠤ︾ ᠥᠭᠡᠷᠡᠴᠢᠯᠡᠯᠲᠡ ᠶᠢᠨ ᠦᠷ᠎ᠡ ᠪᠦᠲᠦᠮᠵᠢ ᠢᠯᠡᠳᠲᠡ ᠪᠤᠯᠵᠤ᠂  ᠠᠷᠠᠳ ᠤᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠪᠠ᠃           ᠨᠢᠭᠡ ᠵᠢᠯ ᠤᠨ ᠲᠤᠷᠰᠢ᠂ ᠪᠢᠳᠡ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠥᠭᠡᠷᠡᠴᠢᠯᠡᠯᠲᠡ ᠬᠢᠵᠦ  ᠰᠢᠨ᠎ᠡ ᠶᠢ ᠡᠭᠦᠳᠬᠦ ᠶᠢ ᠪᠠᠷᠢᠮᠲᠠᠯᠠᠭᠰᠠᠨ ᠠᠴᠠ ᠳᠣᠲᠣᠭᠠᠳᠤ ᠬᠥᠳᠡᠯᠭᠡᠬᠦ ᠬᠦᠴᠦᠨ ᠨᠡᠩ ᠭᠦᠢᠴᠡᠳ ᠪᠣᠯᠪᠠ᠃  ᠡᠵᠡᠩᠨᠡᠯᠲᠡ ᠶᠢᠨ ᠣᠷᠴᠢᠨ ᠲᠣᠭᠤᠷᠢᠨ ᠢᠶᠠᠷ ᠰᠠᠭᠤᠷᠢ ᠪᠣᠯᠭᠠᠨ ᠥᠭᠡᠷᠡᠴᠢᠯᠡᠯᠲᠡ ᠶᠢ ᠪᠦᠬᠦ ᠲᠠᠯ᠎ᠠ ᠪᠠᠷ  ᠭᠦᠨᠵᠡᠭᠡᠶᠢᠷᠡᠭᠦᠯᠵᠦ᠂ ᠳᠠᠷᠤᠭᠠᠰᠤ ᠶᠢ ᠬᠥᠩᠭᠡᠯᠡᠵᠦ ᠬᠦᠯᠢᠶᠡᠰᠦ ᠶᠢ ᠰᠤᠯᠠᠷᠠᠭᠤᠯᠬᠤ ᠬᠠᠮ ᠠᠷᠭ᠎ᠠ ᠶᠢ ᠰᠠᠶᠢᠲᠤᠷ  ᠬᠡᠷᠡᠭᠯᠡᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠭᠦᠢᠴᠡᠳ ᠬᠦᠭᠵᠢᠭᠡᠪᠡ᠃ ᠬᠤᠳᠠᠯᠳᠤᠭ᠎ᠠ ᠡᠵᠡᠩᠨᠡᠬᠦ  ᠣᠷᠴᠢᠨ ᠨᠥᠬᠦᠴᠡᠯ ᠤᠨ ᠰᠢᠰᠲ᠋ᠧᠮ ᠤᠨ ᠰᠢᠯᠢᠳᠡᠭᠵᠢᠯᠲᠡ ᠶᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ  ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ ᠲᠣᠭᠤᠷᠢᠨ ᠪᠠᠶᠢᠴᠠᠭᠠᠵᠤ ᠬᠠᠷᠢᠭᠤ  ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠨ ᠲᠦᠷᠭᠡᠳᠬᠡᠪᠡ᠃ ᠵᠠᠰᠠᠭ ᠤᠨ ᠶᠠᠪᠤᠳᠠᠯ ᠤᠨ   ᠤᠶᠢᠯᠡᠴᠢᠯᠡᠭᠡ ᠶᠢ ᠨᠠᠩ ᠳᠥᠭᠦᠮ ᠳᠥᠲᠡ ᠪᠣᠯᠭᠠᠵᠤ᠂ ︽ᠦᠨᠡᠮᠯᠡᠯ ᠪᠠ ᠭᠡᠷᠡᠴᠢ ᠶᠢ ᠰᠠᠯᠭᠠᠬᠤ︾  ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠂ ︽ᠥᠪᠥᠷ ᠮᠣᠩᠭᠤᠯ ᠤᠨ ᠲᠦᠷᠭᠡᠨ ᠳᠠᠪᠬᠢᠬᠤ ᠵᠠᠰᠠᠮᠠᠯ  ᠵᠠᠮ ᠤᠨ ᠠᠯᠪᠠᠨ ᠬᠡᠷ · ᠳᠥᠷᠪᠡᠨ ᠠᠯᠪᠠᠨ ᠬᠡᠷ︾   ᠤᠶᠢᠯᠡᠴᠢᠯᠡᠭᠡ ᠶᠢ ︽ᠡᠭᠦᠳᠡ ᠪᠠᠨ ᠬᠠᠭᠠᠬᠤ ᠥᠬᠡᠶ︾᠎ ᠶᠢ  ᠪᠡᠶᠡᠯᠡᠭᠦᠯᠵᠦ᠂ ᠬᠤᠲᠠ ᠶᠢᠨ ᠱᠠᠲᠤᠨ ᠤ ︽ᠲᠠᠪᠤ ᠶᠢ ᠬᠠᠰᠤᠵᠤ ᠭᠤᠷᠪᠠ ᠶᠢ ᠬᠠᠮᠤᠭ ᠤᠨ ᠶᠡᠭᠡ ᠪᠠᠷ ᠨᠡᠮᠡᠭᠳᠡᠭᠦᠯᠬᠦ︾  ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ ᠪᠠᠷᠢᠮᠵᠢᠶᠠᠵᠢᠭᠤᠯᠬᠤ  ᠪᠠᠶᠢᠭᠤᠯᠤᠯᠲᠠ ᠪᠣᠳᠠᠲᠤ ᠦᠷ᠎ᠡ ᠪᠦᠲᠦᠮᠵᠢ ᠣᠯᠵᠤ᠂ 1316 ᠵᠤᠶᠢᠯ ᠤᠨ ᠤᠶᠢᠯᠡᠴᠢᠯᠡᠭᠡᠨ ᠤ  ᠵᠤᠶᠢᠯᠡᠰ ᠤᠨ  ᠠᠮᠠᠯᠠᠯᠲᠠ ᠶᠢᠨ ᠴᠠᠭ ᠤᠨ ᠬᠢᠵᠠᠭᠠᠷ ᠢ 85%᠎ ᠪᠠᠷ ᠪᠠᠭᠠᠰᠬᠠᠪᠠ᠂ ᠲᠤᠬᠠᠶᠢᠯᠠᠪᠠᠯ ᠭᠦᠶ᠋ᠴᠡᠳᠬᠡᠬᠦ ᠵᠤᠶᠢᠯᠡᠰ ᠤᠨ  ᠬᠠᠮᠤᠷᠬᠤ ᠬᠡᠪᠴᠢᠶ᠎ᠡ ᠶᠢ 65%᠎ ᠪᠠᠷ ᠪᠠᠭᠠᠰᠬᠠᠪᠠ᠃ ᠬᠦᠷᠢᠶᠡᠯᠡᠩ ᠲᠣᠭᠤᠷᠢᠭ ᠤᠨ ᠬᠥᠷᠥᠰᠥ ᠰᠢᠷᠣᠶ ᠶᠢ  ᠬᠠᠮᠠᠭᠠᠯᠠᠬᠤ ᠵᠡᠷᠭᠡ ᠲᠤᠰᠬᠠᠶ ᠵᠤᠶᠢᠯ ᠤᠨ ᠣᠷᠣᠨ ᠪᠦᠰᠡ ᠶᠢᠨ ᠦᠨᠡᠯᠡᠨ ᠵᠢᠱᠢᠯᠲᠡ ᠶᠢ ᠦᠨᠳᠦᠰᠦᠨ ᠳᠡᠭᠡᠨ  ᠪᠡᠶᠡᠯᠡᠭᠦᠯᠵᠦ᠂ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠳᠠᠷᠤᠭᠠᠰᠤ ᠶᠢ ᠬᠥᠩᠭᠡᠷᠡᠭᠦᠯᠬᠦ ᠠᠷᠭ᠎ᠠ  ᠬᠡᠮᠵᠢᠶ᠎ᠡ ᠶᠢ ᠨᠠᠶᠢᠳᠠᠪᠤᠷᠢᠵᠢᠭᠤᠯᠤᠨ ᠠᠵᠤ ᠠᠬᠤᠶᠢᠯᠠᠯ ᠤᠨ ᠬᠥᠭᠵᠢᠯᠲᠡ ᠶᠢ ᠬᠦᠴᠦᠯᠡᠨ ᠠᠬᠢᠭᠤᠯᠵᠤ᠂ ᠵᠢᠵᠢᠭ ᠪᠢᠴᠢᠯ  ᠠᠵᠤ ᠠᠬᠤᠶᠢᠯᠠᠯ ᠳᠤ 113 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠵᠤ᠂ ᠭᠠᠶᠢᠯᠢ ᠶᠢ ᠬᠥᠩᠭᠡᠯᠡᠵᠦ  ᠭᠠᠶᠢᠯᠢ ᠠᠴᠠ ᠬᠡᠯᠲᠦᠷᠢᠭᠦᠯᠬᠦ ᠰᠦᠢᠳᠬᠡᠯ 97 ᠳ᠋ᠦᠩᠰᠢᠭᠤᠷ ᠲᠥᠭᠦᠷᠢᠭ ᠢ ᠳᠠᠪᠠᠵᠤ᠂ ᠠᠷᠠᠳ ᠠᠴᠠ ᠡᠵᠡᠩᠨᠡᠭᠰᠡᠨ  ᠳᠤᠮᠳᠠ ᠵᠢᠵᠢᠭ ᠠᠵᠤ ᠠᠬᠤᠶᠢᠯᠠᠯ ᠤᠨ ᠳᠠᠩᠰᠠᠨ ᠳᠠᠬᠢ ᠵᠣᠭᠤᠰ ᠢ ᠲᠦᠯᠦᠵᠦ ᠳᠠᠭᠤᠰᠬᠠᠭᠰᠠᠨ ᠨᠤᠷᠮ᠎ᠠ 94%᠎ ᠳᠤ  ᠬᠦᠷᠪᠡ᠃ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠦᠭᠡᠳ ᠡᠯᠪᠡᠭ ᠳᠡᠯᠪᠡᠭ ᠦᠷ᠎ᠡ ᠪᠦᠲᠦᠭᠡᠯ ᠤᠯᠪᠠ  ᠃ 108 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠬᠦᠯᠢᠶᠡᠨ ᠠᠪᠤᠭᠰᠠᠨ ᠪᠠ ᠣᠷᠣᠨ ᠤ ᠱᠠᠲᠤᠨ ᠤ 6  ᠵᠦᠢᠯ ᠤᠨ ᠪᠡᠶ᠎ᠡ ᠪᠠᠨ ᠳᠠᠭᠠᠭᠠᠭᠰᠠᠨ ᠥᠭᠡᠷᠡᠴᠢᠯᠡᠯᠲᠡ ᠶᠢᠨ ᠵᠦᠢᠯᠡᠰ ᠢ ᠡᠮᠬᠢ ᠵᠢᠷᠤᠮ ᠲᠠᠢ ᠪᠣᠬᠢᠷᠲᠤᠯ ᠢ  ᠭᠠᠳᠠᠭᠰᠢᠯᠠᠭᠤᠯᠬᠤ ᠵᠥᠪᠰᠢᠶᠡᠷᠡᠯ ᠤᠨ ᠳᠦᠷᠢᠮ ᠢ ᠪᠦᠬᠦ ᠲᠠᠯ᠎ᠠ ᠪᠠᠷ ᠤᠯᠤᠰ ᠤᠨ ᠥᠮᠴᠢᠯᠡᠯ ᠤᠨ ᠠᠵᠤ  ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ︽ᠦᠷᠭᠦᠯᠵᠢᠯᠡᠨ ᠣᠷᠣᠨ ᠪᠠᠶᠢᠷᠢ ᠪᠤᠯᠢᠶᠠᠯᠳᠤᠬᠤ  ᠠᠰᠠᠭᠤᠳᠠᠯ ᠢ ᠲᠦᠷᠦᠯ ᠵᠦᠢᠯᠴᠢᠯᠡᠬᠦ︾᠂ ︽ᠬᠡᠯᠬᠢ᠊ ᠡᠶ᠎ᠡ ᠶᠢᠨ ᠳᠠᠷᠤᠭ᠎ᠠ ᠶᠢᠨ ᠳᠦᠷᠢᠮ︾ ᠵᠡᠷᠭᠡ ᠨᠢᠭᠡ ᠪᠦᠯᠦᠭ  ᠪᠡᠶ᠎ᠡ ᠪᠠᠨ ᠳᠠᠭᠠᠭᠠᠭᠰᠠᠨ ᠥᠭᠡᠷᠡᠴᠢᠯᠡᠯᠲᠡ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠴᠢᠨᠠᠷ ᠰᠠᠶᠢᠲᠠᠢ  ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠲᠠᠰᠤᠷᠠᠯᠲᠠ ᠦᠭᠡᠢ ᠬᠥᠭᠵᠢᠪᠡ᠃            ᠨᠢᠭᠡ ᠵᠢᠯ ᠤᠨ ᠲᠤᠷᠰᠢ᠂ ᠪᠢᠳᠡ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠠᠶᠤᠯ ᠲᠦᠭᠰᠢᠭᠦᠷᠢ ᠶᠢ  ᠰᠡᠷᠭᠡᠶᠢᠯᠡᠬᠦ ᠶᠢ ᠪᠠᠷᠢᠮᠲᠠᠯᠠᠵᠤ᠂ ᠨᠡᠶᠢᠭᠡᠮ ᠤᠨ ᠶᠡᠭᠡ ᠲᠠᠯ᠎ᠠ ᠠᠮᠤᠷ ᠲᠣᠭᠲᠠᠭᠤᠨ ᠪᠠᠶᠢᠨ᠎ᠠ᠃ ᠤᠳᠤ ᠦᠶ᠎ᠡ ᠶᠢᠨ ᠠᠮᠤᠷ  ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠮᠤᠷ ᠲᠦᠪᠰᠢᠨ ᠤ  ᠣᠷᠴᠢᠨ ᠨᠥᠬᠦᠴᠡᠯ ᠢ ᠢᠳᠡᠪᠬᠢᠲᠡᠶ ᠪᠠᠷ ᠪᠤᠢ ᠪᠣᠯᠭᠠᠵᠤ᠂ ᠠᠶᠤᠯ ᠲᠦᠭᠰᠢᠭᠦᠷᠢ ᠶᠢ ᠤᠷᠢᠳᠴᠢᠯᠠᠨ ᠮᠠᠭᠠᠳᠯᠠᠬᠤ ᠪᠠ   ᠰᠢᠢᠤᠡᠪᠤᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠳᠤᠮᠳᠠᠳᠤ ᠶᠢᠨ ᠦᠨᠳᠦᠰᠦᠲᠡᠨ ᠤ  ᠬᠠᠮᠲᠤ ᠶᠢᠨ ᠴᠣᠭᠴᠠ ᠶᠢᠨ ᠤᠬᠠᠮᠰᠠᠷ ᠦᠷᠭᠦᠯᠵᠢᠯᠡᠨ ᠪᠠᠲᠤᠵᠢᠪᠠ᠃ ᠨᠠᠮ ᠤᠨ ᠦᠨᠳᠦᠰᠦᠲᠡᠨ ᠤ ᠲᠥᠷᠥ ᠶᠢᠨ  ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ  ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠠᠮᠢᠳᠤᠯᠢᠭ ᠰᠠᠶᠢᠬᠠᠨ ᠪᠣᠯᠵᠣ᠂ ᠬᠤᠲᠠ ᠶᠢᠨ ᠦᠨᠳᠦᠰᠦᠲᠡᠨ ᠤ  ᠠᠵᠢᠯ ᠢᠯᠡᠳᠲᠡ ᠦᠷ᠎ᠡ ᠪᠦᠲᠦᠮᠵᠢ ᠣᠯᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ  ᠬᠡᠷᠡᠭᠯᠡᠬᠦ ᠠᠵᠢᠯ ᠯᠠᠪᠳᠠᠭᠤᠨ ᠢᠶᠠᠷ ᠠᠭᠢᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ  ᠰᠣᠯᠢᠯᠴᠠᠭ᠎ᠠ ᠠᠭᠤᠰᠤᠯᠴᠠᠯ ᠲᠠᠰᠤᠷᠠᠯᠲᠠ ᠥᠬᠡᠶ ᠭᠦᠨᠵᠡᠭᠡᠶᠢᠷᠡᠪᠡ᠃ ᠪᠠᠶᠢᠩᠭᠤ ᠶᠢᠨ ᠴᠢᠨᠠᠷᠲᠠᠶ ᠬᠢᠵᠢᠭ ᠤᠨ  ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠭᠤᠤᠯ ᠬᠤᠲᠠ ᠶᠢᠨ ᠡᠭᠦᠷᠭᠡᠯᠡᠯ ᠢ ᠭᠦᠶ᠋ᠴᠡᠳ ᠢᠯᠡᠷᠡᠭᠦᠯᠪᠡ᠃ ᠰᠢᠨ᠎ᠡ  ᠲᠠᠷᠢᠯᠭ᠎ᠠ ᠶᠢᠨ ᠸᠠᠺᠼᠢᠨ ᠤ ᠲᠠᠷᠢᠯᠭ᠎ᠠ 29 ᠲᠦᠮᠡᠨ ᠬᠥᠮᠦᠨ ᠤᠳᠠᠭ᠎ᠠ ᠳᠤ ᠬᠦᠷᠴᠦ᠂ ᠡᠭᠡᠯᠢᠯᠡᠭᠡ ᠶᠢᠨ  ᠬᠠᠯᠬᠠᠪᠴᠢ ᠶᠢ ᠠᠩᠬ᠎ᠠ ᠠᠯᠬᠤᠮ ᠪᠠᠶᠢᠭᠤᠯᠪᠠ︔ 1290 ᠲᠦᠮᠡᠨ ᠲᠥᠭᠦᠷᠢᠭ ᠤᠨ ᠪᠡᠯᠡ ᠮᠥᠩᠭᠦ ᠪᠠᠷ ᠥᠷᠭᠡᠳᠬᠡᠨ  ᠨᠡᠮᠡᠭᠳᠡᠭᠦᠯᠬᠦ ᠬᠡᠮᠵᠢᠭᠦᠷᠯᠢᠭ ᠵᠡᠷᠭᠡ ᠪᠠᠶᠢᠴᠠᠭᠠᠨ ᠰᠢᠯᠭᠠᠬᠤ ᠲᠥᠬᠦᠭᠡᠷᠦᠮᠵᠢ ᠵᠢᠴᠢ ᠰᠡᠷᠭᠡᠶᠢᠯᠡᠨ ᠡᠵᠡᠮᠳᠡᠬᠦ ᠡᠳ᠋ ᠪᠣᠳᠠᠰ  ᠬᠤᠳᠠᠯᠳᠤᠨ ᠠᠪᠤᠭᠰᠠᠨ ᠢ ᠪᠤᠷᠤᠭᠤᠰᠢᠶᠠᠵᠤ᠂ ᠪᠦᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ  ᠴᠢᠳᠠᠪᠤᠷᠢ ᠬᠠᠷᠠᠯᠲᠠ ᠶᠢᠨ ᠱᠠᠭᠠᠷᠳᠠᠯᠭ᠎ᠠ ᠳᠤ ᠬᠦᠷᠴᠡᠢ︔ ᠪᠥᠬᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ  ᠰᠢᠯᠭᠠᠬᠤ ᠰᠣᠷᠢᠯᠲᠠ ᠶᠢ 21 ᠤᠳᠠᠭ᠎ᠠ ᠥᠷᠨᠢᠭᠦᠯᠵᠦ᠂ ᠭᠤᠤᠯᠳᠠᠯᠭ᠎ᠠ ᠲᠠᠢ ᠬᠥᠮᠦᠰ ᠲᠤ ᠪᠠᠶᠢᠴᠠᠭᠠᠬᠤ  ᠶᠣᠰᠣᠲᠠᠶ ᠶᠢ ᠨᠢ ᠴᠥᠮ ᠪᠠᠶᠢᠴᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ  ᠱᠤᠭᠤᠮ ᠢ ᠨᠠᠩ ᠪᠠᠲᠤ ᠪᠠᠬᠢ ᠪᠣᠯᠭᠠᠪᠠ᠃ ᠡᠯ᠎ᠡ ᠵᠦᠢᠯ ᠤᠨ ᠠᠶᠤᠯ ᠲᠦᠭᠰᠢᠭᠦᠷᠢ ᠪᠠ ᠥᠷᠢᠰᠥᠯᠳᠦᠭᠡᠨ ᠢ  ᠪᠦᠲᠦᠮᠵᠢᠲᠡᠶ ᠪᠠᠷ ᠵᠠᠰᠠᠭ ᠤᠨ ᠣᠷᠳᠣᠨ ᠤ ᠥᠷᠢ ᠥᠭᠴᠡᠭ᠊᠃      ᠨᠢᠭᠡ ᠵᠢᠯ ᠤᠨ ᠲᠤᠷᠰᠢ᠂ ᠪᠢᠳᠡ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠠᠶᠤᠯ ᠲᠦᠭᠰᠢᠭᠦᠷᠢ ᠶᠢ  ᠰᠡᠷᠭᠡᠶᠢᠯᠡᠬᠦ ᠶᠢ ᠪᠠᠷᠢᠮᠲᠠᠯᠠᠵᠤ᠂ ᠨᠡᠶᠢᠭᠡᠮ ᠤᠨ ᠶᠡᠭᠡ ᠲᠠᠯ᠎ᠠ ᠠᠮᠤᠷ ᠲᠣᠭᠲᠠᠭᠤᠨ ᠪᠠᠶᠢᠨ᠎ᠠ᠃ ᠤᠳᠤ ᠦᠶ᠎ᠡ ᠶᠢᠨ ᠠᠮᠤᠷ  ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠮᠤᠷ ᠲᠦᠪᠰᠢᠨ ᠤ  ᠣᠷᠴᠢᠨ ᠨᠥᠬᠦᠴᠡᠯ ᠢ ᠢᠳᠡᠪᠬᠢᠲᠡᠶ ᠪᠠᠷ ᠪᠤᠢ ᠪᠣᠯᠭᠠᠵᠤ᠂ ᠠᠶᠤᠯ ᠲᠦᠭᠰᠢᠭᠦᠷᠢ ᠶᠢ ᠤᠷᠢᠳᠴᠢᠯᠠᠨ ᠮᠠᠭᠠᠳᠯᠠᠬᠤ ᠪᠠ   ᠰᠢᠢᠤᠡᠪᠤᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠳᠤᠮᠳᠠᠳᠤ ᠶᠢᠨ ᠦᠨᠳᠦᠰᠦᠲᠡᠨ ᠤ  ᠬᠠᠮᠲᠤ ᠶᠢᠨ ᠴᠣᠭᠴᠠ ᠶᠢᠨ ᠤᠬᠠᠮᠰᠠᠷ ᠦᠷᠭᠦᠯᠵᠢᠯᠡᠨ ᠪᠠᠲᠤᠵᠢᠪᠠ᠃ ᠨᠠᠮ ᠤᠨ ᠦᠨᠳᠦᠰᠦᠲᠡᠨ ᠤ ᠲᠥᠷᠥ ᠶᠢᠨ  ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ  ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠠᠮᠢᠳᠤᠯᠢᠭ ᠰᠠᠶᠢᠬᠠᠨ ᠪᠣᠯᠵᠣ᠂ ᠬᠤᠲᠠ ᠶᠢᠨ ᠦᠨᠳᠦᠰᠦᠲᠡᠨ ᠤ  ᠠᠵᠢᠯ ᠢᠯᠡᠳᠲᠡ ᠦᠷ᠎ᠡ ᠪᠦᠲᠦᠮᠵᠢ ᠣᠯᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ  ᠬᠡᠷᠡᠭᠯᠡᠬᠦ ᠠᠵᠢᠯ ᠯᠠᠪᠳᠠᠭᠤᠨ ᠢᠶᠠᠷ ᠠᠭᠢᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ  ᠰᠣᠯᠢᠯᠴᠠᠭ᠎ᠠ ᠠᠭᠤᠰᠤᠯᠴᠠᠯ ᠲᠠᠰᠤᠷᠠᠯᠲᠠ ᠥᠬᠡᠶ ᠭᠦᠨᠵᠡᠭᠡᠶᠢᠷᠡᠪᠡ᠃ ᠪᠠᠶᠢᠩᠭᠤ ᠶᠢᠨ ᠴᠢᠨᠠᠷᠲᠠᠶ ᠬᠢᠵᠢᠭ ᠤᠨ  ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠭᠤᠤᠯ ᠬᠤᠲᠠ ᠶᠢᠨ ᠡᠭᠦᠷᠭᠡᠯᠡᠯ ᠢ ᠭᠦᠶ᠋ᠴᠡᠳ ᠢᠯᠡᠷᠡᠭᠦᠯᠪᠡ᠃ ᠰᠢᠨ᠎ᠡ  ᠲᠠᠷᠢᠯᠭ᠎ᠠ ᠶᠢᠨ ᠸᠠᠺᠼᠢᠨ ᠤ ᠲᠠᠷᠢᠯᠭ᠎ᠠ 29 ᠲᠦᠮᠡᠨ ᠬᠥᠮᠦᠨ ᠤᠳᠠᠭ᠎ᠠ ᠳᠤ ᠬᠦᠷᠴᠦ᠂ ᠡᠭᠡᠯᠢᠯᠡᠭᠡ ᠶᠢᠨ  ᠬᠠᠯᠬᠠᠪᠴᠢ ᠶᠢ ᠠᠩᠬ᠎ᠠ ᠠᠯᠬᠤᠮ ᠪᠠᠶᠢᠭᠤᠯᠪᠠ︔ 1290 ᠲᠦᠮᠡᠨ ᠲᠥᠭᠦᠷᠢᠭ ᠤᠨ ᠪᠡᠯᠡ ᠮᠥᠩᠭᠦ ᠪᠠᠷ ᠥᠷᠭᠡᠳᠬᠡᠨ  ᠨᠡᠮᠡᠭᠳᠡᠭᠦᠯᠬᠦ ᠬᠡᠮᠵᠢᠭᠦᠷᠯᠢᠭ ᠵᠡᠷᠭᠡ ᠪᠠᠶᠢᠴᠠᠭᠠᠨ ᠰᠢᠯᠭᠠᠬᠤ ᠲᠥᠬᠦᠭᠡᠷᠦᠮᠵᠢ ᠵᠢᠴᠢ ᠰᠡᠷᠭᠡᠶᠢᠯᠡᠨ ᠡᠵᠡᠮᠳᠡᠬᠦ ᠡᠳ᠋ ᠪᠣᠳᠠᠰ  ᠬᠤᠳᠠᠯᠳᠤᠨ ᠠᠪᠤᠭᠰᠠᠨ ᠢ ᠪᠤᠷᠤᠭᠤᠰᠢᠶᠠᠵᠤ᠂ ᠪᠦᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ  ᠴᠢᠳᠠᠪᠤᠷᠢ ᠬᠠᠷᠠᠯᠲᠠ ᠶᠢᠨ ᠱᠠᠭᠠᠷᠳᠠᠯᠭ᠎ᠠ ᠳᠤ ᠬᠦᠷᠴᠡᠢ︔ ᠪᠥᠬᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ  ᠰᠢᠯᠭᠠᠬᠤ ᠰᠣᠷᠢᠯᠲᠠ ᠶᠢ 21 ᠤᠳᠠᠭ᠎ᠠ ᠥᠷᠨᠢᠭᠦᠯᠵᠦ᠂ ᠭᠤᠤᠯᠳᠠᠯᠭ᠎ᠠ ᠲᠠᠢ ᠬᠥᠮᠦᠰ ᠲᠤ ᠪᠠᠶᠢᠴᠠᠭᠠᠬᠤ  ᠶᠣᠰᠣᠲᠠᠶ ᠶᠢ ᠨᠢ ᠴᠥᠮ ᠪᠠᠶᠢᠴᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ  ᠱᠤᠭᠤᠮ ᠢ ᠨᠠᠩ ᠪᠠᠲᠤ ᠪᠠᠬᠢ ᠪᠣᠯᠭᠠᠪᠠ᠃ ᠡᠯ᠎ᠡ ᠵᠦᠢᠯ ᠤᠨ ᠠᠶᠤᠯ ᠲᠦᠭᠰᠢᠭᠦᠷᠢ ᠪᠠ ᠥᠷᠢᠰᠥᠯᠳᠦᠭᠡᠨ ᠢ  ᠪᠦᠲᠦᠮᠵᠢᠲᠡᠶ ᠪᠠᠷ ᠵᠠᠰᠠᠭ ᠤᠨ ᠣᠷᠳᠣᠨ ᠤ ᠥᠷᠢ ᠥᠭᠴᠡᠭᠡ ᠶᠢᠨ ᠨᠣᠷᠮ᠎ᠠ ᠦᠷᠭᠦᠯᠵᠢᠯᠡᠨ ᠪᠠᠭᠤᠷᠠᠵᠤ᠂ ᠣᠨ ᠤ  ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠠᠶᠤᠯᠭᠦᠢ ᠦᠢᠯᠡᠳᠪᠦᠷᠢᠯᠡᠯ ᠤᠨ  ᠲᠤᠰᠬᠠᠢ ᠴᠡᠭᠴᠡᠯᠡᠨ ᠵᠠᠰᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠪᠣᠳᠠᠲᠠᠢ ᠬᠢᠵᠦ᠂ 3043  ᠵᠦᠢᠯ ᠤᠨ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠴᠡᠭᠴᠡᠯᠡᠨ ᠵᠠᠰᠠᠪᠠ᠃ ᠮᠥᠩᠭᠦᠨ ᠭᠦᠢᠯᠭᠡᠭᠡᠨ ᠤ  ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠲᠦᠷᠭᠡᠪᠴᠢᠯᠡᠨ ᠲᠡᠭᠦᠯᠳᠡᠷᠵᠢᠭᠦᠯᠵᠦ᠂ ᠬᠠᠤᠯᠢ  ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠪᠦᠲᠦᠮᠵᠢᠲᠡᠶ ᠪᠠᠷ ᠬᠤᠷᠢᠭᠯᠠᠪᠠ᠃ ᠬᠠᠷ᠎ᠠ ᠪᠦᠯᠦᠭᠲᠡᠨ ᠬᠠᠷᠭᠢᠰ  ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠵᠢᠷᠭᠤᠭᠠᠨ ᠶᠡᠭᠡ  ᠭᠤᠣᠯᠳᠠᠯᠭ᠎ᠠ ᠲᠠᠢ ᠬᠦᠷᠢᠶᠡᠨ ᠤ ᠴᠡᠭᠴᠡᠯᠡᠨ ᠵᠠᠰᠠᠯᠲᠠ ᠶᠢᠨ ᠦᠷ᠎ᠡ ᠪᠦᠲᠦᠮᠵᠢ ᠢᠯᠡᠳᠲᠡ ᠪᠣᠯᠪᠠ᠃ ᠬᠤᠳᠠ ᠶᠢᠨ  ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢ ᠪᠦᠬᠦ 2500 ᠲᠦᠮᠡᠨ  ᠲᠥᠭᠦᠷᠢᠭ ᠴᠤᠭᠯᠠᠭᠤᠯᠤᠨ ᠭᠤᠷᠪᠠᠨ ᠱᠠᠲᠤᠨ ᠤ ᠨᠡᠶᠢᠭᠡᠮ ᠤᠨ ᠵᠠᠰᠠᠯᠲᠠ ᠶᠢᠨ ᠲᠥᠪ ᠥᠷᠲᠡᠭᠡ ᠶᠢ ᠪᠠᠶᠢᠭᠤᠯᠵᠤ᠂  ᠪᠥᠬᠦ ᠬᠤᠲᠠ ᠶᠢᠨ ᠠᠩᠬᠠᠳᠠᠭᠴᠢ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ  ᠲᠤᠷᠰᠢᠯᠲᠠ ᠶᠢᠨ ᠲᠤᠬᠠᠶ ᠶᠢᠨ ᠲᠠᠯᠠᠪᠤᠷ ᠤᠨ ᠬᠤᠷᠠᠯ ᠢ ᠠᠮᠵᠢᠯᠲᠠ ᠲᠠᠢ ᠳᠠᠭᠠᠭᠠᠨ ᠡᠷᠭᠢᠯᠡᠵᠦ᠂ 404 ᠲᠤᠰᠬᠠᠶ  ᠲᠤᠰᠢᠶᠠᠯᠲᠤ ᠰᠦᠯᠵᠢᠶᠡᠨ ᠤ ᠠᠵᠢᠯᠲᠠᠨ ᠢ ᠰᠣᠩᠭᠤᠨ ᠤᠷᠢᠵᠤ᠂ ︽1342︾ ᠨᠡᠶᠢᠭᠡᠮ ᠤᠨ ᠵᠠᠰᠠᠯᠲᠠ ᠶᠢᠨ  ᠰᠢᠰᠲ᠋ᠧᠮᠵᠢ ᠶᠢ ᠪᠠᠶᠢᠭᠤᠯᠤᠨ ᠠᠵᠢᠯᠯᠠᠭᠤᠯᠪᠠ᠃ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ  ᠰᠢᠢᠤᠡᠪᠤᠷᠢᠯᠡᠬᠦ ᠶᠠᠰᠤ  ᠴᠢᠨᠠᠷ ᠲᠠᠰᠤᠷᠠᠯᠲᠠ ᠦᠭᠡᠢ ᠳᠡᠭᠡᠭᠰᠢᠯᠡᠵᠦ᠂ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ  ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠪᠦᠬᠦᠨ ᠢ  ᠰᠢᠢᠤᠡᠪᠤᠷᠢᠯᠡᠨ ᠳᠠᠭᠤᠰᠬᠠᠵᠤ᠂  ᠳᠠᠪᠲᠠᠨ ᠰᠤᠷᠪᠤᠯᠵᠢᠯᠠᠬᠤ ᠶᠢ ᠲᠤᠰᠬᠠᠶᠢᠯᠠᠨ ᠵᠠᠰᠠᠬᠤ ᠠᠵᠢᠯ ᠢ ᠭᠦᠨᠵᠡᠭᠡᠶ ᠥᠷᠨᠢᠭᠦᠯᠪᠡ᠃      ᠨᠢᠭᠡ ᠵᠢᠯ ᠤᠨ ᠲᠤᠷᠰᠢ᠂ ᠪᠢᠳᠡ ᠤᠭ ᠰᠠᠨᠠᠭ᠎ᠠ ᠪᠠᠨ ᠦᠯᠦ ᠮᠠᠷᠲᠠᠵᠤ᠂ ᠦᠷ᠎ᠡ ᠪᠦᠲᠦᠮᠵᠢ ᠪᠠᠨ  ᠳᠡᠭᠡᠭᠰᠢᠯᠡᠭᠦᠯᠬᠦ ᠶᠢ ᠪᠠᠷᠢᠮᠲᠠᠯᠠᠵᠤ᠂ ᠲᠤᠰ ᠪᠡᠶ᠎ᠡ ᠶᠢᠨ ᠪᠠᠶᠢᠭᠤᠯᠤᠯᠲᠠ ᠳᠠᠭᠠᠨ ᠳᠠᠬᠢᠨᠲᠠ ᠰᠢᠨ᠎ᠡ ᠠᠮᠵᠢᠯᠲᠠ ᠪᠦᠲᠦᠮᠵᠢ  ᠤᠯᠪᠠ᠃ ᠨᠠᠮ ᠢ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠳᠤ  ᠬᠤᠶᠠᠷ ᠬᠠᠷᠢᠭᠤᠴᠠᠯᠭ᠎ᠠ ᠲᠠᠢ ᠪᠠᠶᠢᠬᠤ︾᠎ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠭᠦᠷᠡᠰᠦᠨ ᠤ ᠡᠬᠢ  ᠪᠠᠶᠠᠯᠢᠭ ᠤᠨ ᠬᠦᠷᠢᠶᠡᠨ ᠳᠠᠬᠢ ᠲᠣᠭᠲᠠᠭᠠᠯ ᠢ ᠵᠥᠷᠢᠴᠡᠵᠦ ᠬᠠᠤᠯᠢ ᠶᠢ ᠵᠥᠷᠢᠴᠡᠭᠰᠡᠨ ᠠᠰᠠᠭᠤᠳᠠᠯ᠂ ᠣᠶᠢᠲᠤ ᠭᠠᠵᠠᠷ  ᠨᠤᠲᠤᠭ ᠪᠡᠯᠴᠢᠭᠡᠷ ᠢ ᠡᠪᠳᠡᠬᠦ᠂ ᠲᠡᠷᠭᠡᠨ ᠵᠣᠭᠰᠣᠭᠠᠯ ᠤᠨ ᠪᠦᠳᠦᠭᠡᠨ ᠪᠠᠶᠢᠭᠤᠯᠤᠯᠲᠠ ᠬᠠᠮᠢᠶᠠᠷᠤᠯᠲᠠ ᠵᠡᠷᠭᠡ ᠲᠤᠰᠬᠠᠶ  ᠵᠠᠰᠠᠯᠲᠠ ᠳᠤ ᠱᠠᠳᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠵᠤ᠂ ᠨᠡᠭᠡᠭᠡᠨ ᠬᠥᠭᠵᠢᠭᠦᠯᠬᠦ ᠣᠷᠣᠨ ᠤ  ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠲᠥᠪ  ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠯ ᠦᠭᠡᠢ ᠨᠠᠶᠢᠳᠠᠪᠤᠷᠢᠵᠢᠭᠤᠯᠵᠤ᠂ ︽  ᠲᠦ᠋ᠷᠪᠡᠨ ᠰᠤᠷᠲᠠᠯ︾ ᠎ ᠢ ᠴᠥᠬᠦᠷᠡᠰᠢ ᠦᠭᠡᠢ ᠵᠠᠯᠠᠷᠠᠭᠤᠯᠪᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ  ᠬᠠᠷᠢᠭᠤᠴᠠᠯᠭ᠎ᠠ ᠶᠢᠨ ᠨᠠᠮ ᠪᠠᠶᠢᠭᠤᠯᠤᠭᠳᠠᠭᠰᠠᠨ ᠵᠠᠭᠤᠨ ᠵᠢᠯ ᠢ ᠪᠡᠯᠭᠡᠯᠡᠬᠦ ᠰᠢᠷᠢᠰ ᠠᠵᠢᠯᠯᠠᠭ᠎ᠠ ᠶᠢ ᠦᠪᠡᠳᠡᠭᠰᠢ  ᠶᠡᠭᠡ ᠪᠠᠷ ᠡᠷᠬᠢᠯᠡᠪᠡ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂  31 ᠵᠦᠢᠯ ᠤᠨ ︽ᠪᠢ ᠤᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠠᠵᠢᠯ ᠪᠣᠳᠠᠲᠠᠢ ᠦᠷ᠎ᠡ ᠪᠦᠲᠦᠮᠵᠢ  ᠣᠯᠵᠠᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ  ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ  ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ  ᠵᠥᠪᠯᠡᠯᠭᠡᠨ ᠤ ᠰᠠᠨᠠᠯ ᠵᠥᠪᠯᠡᠯᠭᠡ ᠶᠢ 214 ᠬᠤᠪᠢ ᠰᠢᠢᠤᠡᠪᠤᠷᠢᠯᠡᠨ ᠳᠠᠭᠤᠰᠬᠠᠵᠤ᠂  ᠰᠢᠢᠤᠡᠪᠤᠷᠢᠯᠡᠵᠤ ᠬᠠᠷᠢᠭᠤᠯᠲᠠ  ᠥᠭᠭᠦᠭᠰᠡᠨ ᠨᠤᠷᠮ᠎ᠠ ᠪᠠ ᠬᠠᠨᠤᠮᠵᠢᠲᠠᠶ ᠪᠠᠶᠢᠬᠤ ᠨᠤᠷᠮ᠎ᠠ ᠴᠥᠮ 100%᠎ ᠳᠤ ᠬᠦᠷᠪᠡ᠃ ᠬᠢᠨᠠᠨ ᠪᠤᠳᠤᠯᠳᠠ ᠶᠢᠨ  ᠬᠢᠨᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠠᠵᠤ ᠠᠬᠤᠶ ᠶᠢᠨ ᠪᠡᠶ᠎ᠡ ᠶᠢᠨ ᠪᠠᠶᠢᠴᠠᠭᠠᠯᠲᠠ︾᠎ ᠶᠢ  ᠪᠠᠶᠢᠩᠭᠤᠵᠢᠭᠤᠯᠤᠨ ᠲᠦᠯᠬᠢᠨ ᠠᠬᠢᠭᠤᠯᠪᠠ᠃ ᠬᠠᠤᠯᠢ ᠴᠠᠭᠠᠵᠠ ᠶᠢ ᠲᠦᠭᠡᠮᠡᠯᠵᠢᠭᠦᠯᠬᠦ ᠳᠣᠯᠣᠳᠤᠭᠠᠷ ᠲᠠᠪᠤᠨ ᠵᠢᠯ ᠤᠨ  ᠲᠥᠯᠥᠪᠯᠡᠭᠡᠨ ᠤ ᠬᠤᠭᠤᠴᠠᠭᠠᠨ ᠳᠠᠬᠢ ᠰᠢᠯᠭᠠᠨ ᠠᠪᠬᠤ ᠠᠵᠢᠯ ᠢ ᠳᠠᠭᠤᠰᠬᠠᠵᠤ᠂ ᠬᠠᠤᠯᠢ ᠴᠠᠭᠠᠵᠠ ᠶᠢ  ᠲᠦᠭᠡᠮᠡᠯᠵᠢᠭᠦᠯᠬᠦ ᠨᠠᠢᠮᠠᠳᠤᠭᠠᠷ ᠲᠠᠪᠤᠨ ᠵᠢᠯ ᠤᠨ ᠲᠥᠯᠥᠪᠯᠡᠭᠡᠨ ᠤ ᠬᠤᠭᠤᠴᠠᠭᠠᠨ ᠳᠠᠬᠢ ᠰᠢᠯᠭᠠᠨ ᠠᠪᠬᠤ ᠤᠯᠤᠰ ᠤᠨ  ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ᠂ ᠠᠷᠠᠳ ᠤᠨ ᠵᠡᠪᠰᠡᠭᠲᠦ ᠬᠦᠴᠦᠨ ᠢ ᠤᠯᠠᠮ ᠨᠢᠭᠡ  ᠠᠯᠬᠤᠮ ᠴᠢᠩᠭᠠᠳᠬᠠᠵᠤ᠂ ᠬᠤᠶᠠᠷ ᠢ ᠬᠦᠷᠢᠶᠡᠯᠡᠬᠦ ᠠᠵᠢᠯ᠂ ᠴᠡᠷᠢᠭ ᠠᠴᠠ ᠬᠠᠯᠠᠭᠳᠠᠭᠰᠠᠳ᠂ ᠦᠨᠳᠦᠰᠦᠲᠡᠨ ᠱᠠᠰᠢᠨ  ᠰᠤᠷᠲᠠᠬᠤᠨ᠂ ᠡᠮᠡᠭᠲᠡᠶᠢᠴᠦᠳ ᠬᠡᠤᠬᠡᠳ᠂ ᠲᠠᠩᠰᠠ ᠡᠪᠬᠡᠮᠡᠯ ᠲᠡᠤᠬᠡ ᠣᠶᠢᠯᠠᠯᠭ᠎ᠠ᠂ ᠨᠠᠰᠤᠲᠠᠶᠢᠴᠤᠳ᠂ ᠵᠡᠮᠳᠡᠭᠴᠦᠳ  ᠵᠡᠷᠭᠡ ᠠᠵᠢᠯ ᠴᠥᠮ ᠰᠢᠨ᠎ᠡ ᠠᠬᠢᠴᠠ ᠲᠠᠢ ᠪᠣᠯᠪᠠ᠃            ᠲᠥᠯᠥᠭᠡᠯᠡᠭᠴᠢᠳ ᠡ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠵᠦ᠂ ᠤᠷᠢᠳᠤᠬᠢ ᠶᠢ  ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠭᠰᠡᠨ 2021 ᠣᠨ ᠨᠢ ᠲᠤᠰ ᠬᠤᠭᠤᠴᠠᠭᠠᠨ ᠤ ᠠᠷᠠᠳ ᠤᠨ ᠵᠠᠰᠠᠭ ᠤᠨ  ᠣᠷᠳᠣᠨ ᠤ ᠠᠵᠢᠯ ᠢ ᠲᠡᠭᠦᠰ ᠠᠮᠵᠢᠯᠲᠠ ᠲᠠᠢ ᠲᠡᠭᠦᠰᠬᠡᠪᠡ᠃ ᠬᠠᠶᠢᠷᠤᠪ ᠤᠨ ᠲᠤᠬᠤᠢ  ᠲᠤᠭᠤᠷᠢᠭ ᠤᠨ  ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ  ᠨᠠᠰᠢᠬᠢ ᠲᠦᠷᠪᠡᠨ ᠵᠢᠯ ᠳᠤ᠂ ᠪᠢᠳᠡ ᠪᠦᠬᠦ  ᠲᠤᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ  ᠴᠢᠩᠭ᠎ᠠ ᠲᠦᠰᠢᠭᠯᠡᠨ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠬᠦᠴᠦᠯᠡᠨ ᠰᠠᠶᠢᠲᠤᠷ ᠬᠢᠵᠦ᠂ ︽  ᠲᠠᠪᠤᠨ ᠣᠷᠣᠨ︾᠎ ᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ  ᠲᠥᠯᠥᠪᠵᠢᠭᠦᠯᠭᠡ ᠶᠢ ᠤᠷᠤᠭᠰᠢᠲᠠᠢ ᠪᠠᠷ ᠲᠡᠭᠦᠰᠬᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ  ᠲᠥᠯᠥᠪᠵᠢᠭᠦᠯᠭᠡ ᠶᠢ ᠠᠮᠵᠢᠯᠲᠠ ᠲᠠᠢ ᠡᠬᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ  ᠰᠢᠢᠳᠪᠦᠷᠢᠲᠦ ᠢᠯᠠᠯᠲᠠ ᠶᠢ ᠲᠡᠮᠡᠴᠡᠨ ᠣᠯᠵᠤ᠂ ᠪᠦᠬᠦ ᠤᠯᠤᠰ ᠲᠠᠢ ᠬᠠᠮᠲᠤᠪᠠᠷ ᠴᠢᠨᠡᠭᠡᠯᠢᠭ ᠨᠡᠶᠢᠭᠡᠮ ᠢ ᠪᠦᠬᠦ  ᠲᠠᠯ᠎ᠠ ᠪᠠᠷ ᠪᠡᠶᠡᠯᠡᠭᠦᠯᠵᠦ᠂ ᠥᠨᠳᠥᠷ ᠭᠠᠷᠤᠭ᠎ᠠ ᠠᠴᠠ ᠰᠢᠨ᠎ᠡ ᠠᠶᠠᠨ ᠢ ᠡᠬᠢᠯᠡᠭᠦᠯᠬᠦ ᠳᠤ ᠪᠠᠲᠤ ᠪᠠᠬᠢ ᠰᠠᠭᠤᠷᠢ ᠶᠢ  ᠲᠠᠯᠪᠢᠭᠰᠠᠨ ᠪᠠᠶᠢᠨ᠎ᠠ᠃             ᠲᠦᠷᠪᠡᠨ ᠵᠢᠯ ᠡᠷᠡᠮᠡᠬᠡᠶᠢᠯᠡᠨ ᠤᠷᠤᠭᠰᠢᠯᠠᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠢᠯᠡᠳᠲᠡ ᠳᠡᠭᠡᠭᠰᠢᠯᠡᠪᠡ ᠃ ᠵᠢᠱᠢᠯᠲᠡ ᠪᠠᠷ ᠠᠵᠤ ᠠᠬᠤᠶ ᠶᠢᠨ ᠶᠡᠷᠦᠩᠬᠡᠶ ᠬᠡᠮᠵᠢᠶ᠎ᠡ 248 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ  305 ᠳ᠋ᠦᠩᠰᠢᠭᠤᠷ ᠲᠥᠭᠦᠷᠢᠭ ᠪᠣᠯᠤᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 8 .4%᠎ ᠪᠠᠷ  ᠨᠡᠮᠡᠭᠳᠡᠪᠡ︔  ᠨᠡᠶᠢᠲᠡ 271 ᠭᠤᠤᠯᠳᠠᠯᠭ᠎ᠠ ᠲᠠᠢ ᠲᠥᠷᠥᠯ ᠵᠤᠶᠢᠯ ᠢ ᠬᠡᠷᠡᠭᠵᠢᠭᠦᠯᠵᠦ᠂ ᠲᠣᠭᠲᠠᠮᠠᠯ ᠬᠥᠷᠥᠩᠭᠡ ᠶᠢᠨ ᠪᠠᠯᠠ  ᠣᠷᠣᠭᠤᠯᠤᠯᠲᠠ ᠨᠡᠶᠢᠲᠡ 279 ᠳ᠋ᠦᠩᠰᠢᠭᠤᠷ ᠲᠥᠭᠦᠷᠢᠭ ᠢ ᠪᠡᠶᠡᠯᠡᠭᠦᠯᠪᠡ︔ ᠬᠡᠪᠴᠢᠶᠡᠵᠢᠯ ᠠᠴᠠ ᠳᠡᠭᠡᠭᠰᠢᠬᠢ ᠠᠵᠤ   ᠤᠶᠢᠯᠡᠤᠡᠪᠤᠷᠢ ᠶᠢᠨ ᠨᠡᠮᠡᠭᠳᠡᠯ ᠥᠷᠲᠡᠭ ᠵᠢᠯ ᠪᠦᠷᠢ ᠳᠤᠮᠳᠠᠴᠢ ᠪᠠᠷ 18.9% ᠨᠡᠮᠡᠭᠳᠡᠪᠡ︔ ᠡᠩ ᠤᠨ ᠤᠯᠠᠨ  ᠨᠡᠶᠢᠲᠡ ᠶᠢᠨ ᠲᠥᠰᠦᠪ ᠤᠨ ᠣᠷᠣᠯᠭ᠎ᠠ 17 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 27 ᠳ᠋ᠦᠩᠰᠢᠭᠤᠷ  ᠲᠥᠭᠦᠷᠢᠭ ᠪᠤᠯᠵᠤ ᠳᠡᠭᠡᠭᠰᠢᠯᠡᠪᠡ︔ ᠨᠡᠶᠢᠭᠡᠮ ᠤᠨ ᠬᠡᠷᠡᠭᠯᠡᠭᠡᠨ ᠤ ᠡᠳ᠋ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ  ᠬᠡᠮᠵᠢᠶ᠎ᠡ 110 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠬᠤᠲᠠ ᠶᠢᠨ ᠶᠡᠷᠦᠩᠬᠡᠶ ᠬᠡᠮᠵᠢᠶᠡᠨ ᠤ 82%᠎ ᠢ  ᠡᠵᠡᠯᠡᠪᠡ︔ ᠬᠤᠲᠠ ᠪᠠᠯᠭᠠᠰᠤ ᠪᠠ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ  ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ ᠵᠢᠯ ᠪᠦᠷᠢ ᠳᠤᠮᠳᠠᠴᠢ ᠪᠠᠷ 5.2%᠂ 8.5%᠎ ᠪᠠᠷ  ᠨᠡᠮᠡᠭᠳᠡᠭᠦᠯᠵᠦ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠬᠢᠭᠡᠳ ᠠᠵᠤ ᠠᠬᠤᠶ ᠶᠢᠨ ᠨᠡᠮᠡᠭᠳᠡᠯ ᠢ  ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠬᠤ ᠵᠢᠱᠢᠭᠰᠡᠨ ᠬᠠᠷᠠᠯᠲᠠ ᠶᠢ ᠪᠡᠶᠡᠯᠡᠭᠦᠯᠦᠨ᠎ᠡ᠃            ᠲᠦᠷᠪᠡᠨ ᠵᠢᠯ ᠦᠷᠭᠦᠯᠵᠢᠯᠡᠨ ᠬᠦᠴᠦᠯᠡᠵᠦ᠂ ᠠᠮᠢ ᠠᠬᠤᠢ ᠶᠢᠨ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠪᠡ᠃ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠬᠠᠶᠢᠷᠤᠪ ᠤᠨ ᠲᠤᠬᠤᠢ ᠲᠤ ᠦᠨᠳᠦᠰᠦᠯᠡᠭᠦᠯᠬᠦ ᠶᠢ ᠦᠨᠡᠨᠬᠦ  ᠠᠬᠢᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ  ᠤᠢᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠤᠯᠤᠰ ᠲᠦᠷᠦ ᠶᠢᠨ ᠲᠠᠯ᠎ᠠ ᠠᠴᠠ ᠠᠮᠢ ᠠᠬᠤᠢ ᠶᠢᠨ  ᠪᠣᠯᠪᠠᠰᠤᠨ ᠢ ᠬᠠᠷᠠᠬᠤ᠂ ᠤᠯᠤᠰ ᠲᠦᠷᠦ ᠶᠢᠨ ᠲᠠᠯ᠎ᠠ ᠠᠴᠠ ᠣᠷᠴᠢᠨ ᠲᠣᠭᠤᠷᠢᠨ ᠤ ᠵᠠᠰᠠᠯᠲᠠ ᠶᠢ ᠠᠳᠬᠤᠬᠤ ᠶᠢ  ᠪᠠᠳᠤᠯᠠᠪᠠ᠃ ᠬᠥᠬᠡᠮᠳᠦᠭ ᠲᠩᠷᠢ᠂ ᠨᠣᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠲᠠᠶᠢᠨ ᠢ ᠡᠷᠡᠰ ᠰᠠᠶᠢᠲᠤᠷ  ᠬᠢᠨ᠎ᠠ᠃ 70 ᠳ᠋ᠦᠩᠰᠢᠭᠤᠷ ᠰᠢᠬᠠᠮ ᠲᠥᠭᠦᠷᠢᠭ ᠤᠨ ᠪᠡᠯᠡ ᠣᠷᠣᠭᠤᠯᠵᠤ 35 ᠠᠮᠢ ᠠᠬᠤᠶ ᠶᠢᠨ  ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠪᠡ᠃ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ  ᠲᠣᠭᠤᠷᠢᠨ ᠤ ᠵᠠᠰᠠᠯᠲᠠ ᠶᠢ ᠴᠢᠩᠭᠠᠳᠬᠠᠵᠤ᠂ 5 ᠰᠠᠭᠤᠷᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ  ᠥᠬᠡᠶ ᠠᠭᠤᠷᠬᠠᠶ ᠶᠢ ᠪᠠᠶᠢᠭᠤᠯᠤᠨ ᠳᠠᠭᠤᠰᠬᠠᠵᠤ᠂ 4365 ᠮᠥ ᠠᠭᠤᠷᠬᠠᠶ ᠶᠢᠨ ᠣᠷᠣᠨ ᠢ ᠳᠠᠬᠢᠨ ᠬᠠᠭᠠᠯᠪᠤᠷᠢᠯᠠᠵᠤ  ᠨᠣᠭᠤᠭᠠᠷᠠᠭᠤᠯᠬᠤ ᠶᠢ ᠪᠡᠶᠡᠯᠡᠭᠦᠯᠦᠨ᠎ᠡ᠃ ᠡᠯ᠎ᠡ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ  ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠤᠰᠤᠨ ᠤ ᠡᠬᠢ  ᠰᠤᠷᠪᠤᠯᠵᠢ ᠶᠢᠨ ᠪᠠᠶᠢᠷᠢᠰᠢᠯ ᠢ ᠳᠣᠭᠢᠷᠠᠭᠤᠯᠤᠨ ᠰᠢᠯᠢᠳᠡᠭᠵᠢᠭᠦᠯᠵᠦ᠂ ᠪᠠᠷᠠᠭᠤᠨ ᠣᠷᠳᠣᠰ ᠤᠨ ᠪᠠᠶᠢᠭᠠᠯᠢ ᠶᠢᠨ  ᠬᠠᠮᠠᠭᠠᠯᠠᠯᠲᠠ ᠶᠢᠨ ᠣᠷᠣᠨ ᠤ 23 ᠤᠶᠢᠯᠡᠤᠡᠪᠤᠷᠢ ᠠᠭᠤᠷᠬᠠᠶ ᠶᠢᠨ ᠠᠵᠤ ᠠᠬᠤᠶᠢᠯᠠᠯ ᠢ ᠪᠦᠬᠦᠨ ᠢ ᠪᠤᠴᠠᠭᠠᠨ  ᠭᠠᠷᠭᠠᠪᠠ᠃ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠢ ᠰᠢᠰᠲ᠋ᠧᠮ ᠲᠠᠢ  ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠬᠠᠳᠤᠨ ᠭᠤᠣᠯ ᠤᠨ ᠬᠠᠶᠢᠷᠤᠪ ᠤᠨ ᠪᠤᠯᠤᠩ ᠤᠨ ᠬᠡᠰᠡᠭ ᠤᠨ ᠠᠮᠢ  ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂  ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂  ᠬᠥᠮᠦᠨ ᠳᠤᠮᠳᠠᠴᠢ ᠶᠢᠨ ᠴᠡᠴᠡᠷᠯᠢᠭ ᠤᠨ ᠨᠣᠭᠤᠭᠠᠷᠠᠭᠤᠯᠤᠭᠰᠠᠨ ᠭᠠᠵᠠᠷ ᠤᠨ ᠲᠠᠯᠠᠪᠠᠢ 22.54 ᠲᠡᠭᠰᠢ  ᠳᠥᠷᠪᠡᠯᠵᠢᠨ ᠮᠧᠲᠷ ᠲᠤ ᠬᠦᠷᠴᠦ᠂ ᠲᠡᠦᠬᠡ ᠶᠢᠨ ᠬᠠᠮᠤᠭ ᠤᠨ ᠰᠠᠶᠢᠨ ᠲᠦᠪᠰᠢᠨ ᠳᠤ ᠬᠦᠷᠴᠡᠢ᠃            ᠲᠦᠷᠪᠡᠨ ᠵᠢᠯ ᠳᠤ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠥ᠂ ᠬᠡᠯᠪᠡᠷᠢ ᠶᠢ ᠬᠤᠪᠢᠷᠠᠭᠤᠯᠤᠨ  ᠬᠥᠭᠵᠢᠭᠦᠯᠬᠦ ᠶᠢᠨ ᠶᠠᠰᠤ ᠴᠢᠨᠠᠷ ᠦᠷ᠎ᠡ ᠠᠰᠢᠭ ᠵᠡᠷᠭᠡᠪᠡᠷ ᠳᠡᠭᠡᠭᠰᠢᠯᠡᠪᠡ᠃ ᠢᠮᠠᠭᠲᠠ ᠴᠢᠨᠠᠷ ᠰᠠᠶᠢᠲᠠᠢ  ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠶᠠᠨ ᠯᠦᠩ᠂ ᠵᠢᠩ ᠶᠦᠨ ᠲᠦᠩ᠂ ᠪᠦᠦ ᠦ᠋ ᠵᠡᠷᠭᠡ ᠠᠵᠢᠯ  ᠲᠦᠷᠦᠯ ᠤᠨ ᠲᠠᠭᠠᠭᠤᠯᠤᠬᠴᠢ ᠠᠵᠤ ᠠᠬᠤᠶᠢᠯᠠᠯ ᠠᠮᠵᠢᠯᠲᠠ ᠲᠠᠢ ᠪᠠᠷ ᠣᠷᠣᠵᠤ ᠰᠠᠭᠤᠵᠤ᠂ ᠨᠡᠭᠦᠷᠡᠰᠦ  ᠬᠡᠦᠷᠰᠢᠭᠦᠯᠦᠭᠰᠡᠨ ᠪᠤᠯᠤᠳ ᠬᠢᠮᠢ ᠶᠢᠨ ᠤᠯᠠᠮᠵᠢᠯᠠᠯᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ  ᠠᠰᠢᠭ ᠢ ᠨᠡᠮᠡᠭᠳᠡᠭᠦᠯᠪᠡ︔ ᠰᠢᠨ᠎ᠡ ᠡᠨᠧᠷᠭᠢ ᠶᠢᠨ ᠰᠤᠷᠪᠤᠯᠵᠢ᠂ ᠰᠢᠨ᠎ᠡ ᠮᠠᠲ᠋ᠧᠷᠢᠶᠠᠯ᠂ ᠲᠣᠨᠣᠭᠯᠠᠯ ᠦᠢᠯᠡᠳᠬᠦ ᠵᠡᠷᠭᠡ  ᠰᠢᠨ᠎ᠡ ᠪᠠᠷ ᠬᠥᠭᠵᠢᠭᠰᠡᠨ ᠠᠵᠤ ᠦᠢᠯᠡᠰ ᠲᠠᠰᠤᠷᠠᠯᠳᠠ ᠦᠭᠡᠢ ᠪᠤᠵᠠᠭᠠᠶᠢᠷᠠᠵᠤ᠂ ᠠᠵᠤ ᠦᠢᠯᠡᠳᠪᠦᠷᠢ ᠶᠢᠨ ᠠᠵᠤ  ᠠᠬᠤᠶ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠠᠯᠬᠤᠴᠠ ᠲᠦᠷᠭᠡᠳᠪᠡ᠃ ᠰᠢᠨ᠎ᠡ ᠪᠠᠷ 200 ᠭᠠᠷᠤᠶ ᠨᠠᠷᠠᠲᠠᠶ ᠠᠷᠠᠯᠵᠢᠶ᠎ᠠ ᠬᠤᠳᠠᠯᠳᠤᠭᠠᠨ ᠤ ᠨᠠᠷᠠᠲᠤ ᠲᠥᠷᠥᠯ ᠲᠡᠮᠳᠡᠭᠲᠦ ᠶᠢ ᠨᠡᠮᠡᠭᠳᠡᠭᠦᠯᠵᠦ᠂  ᠰᠦᠯᠵᠢᠶᠡᠨ ᠤ ᠤᠯᠠᠭᠠᠨ ᠠᠵᠤ ᠠᠬᠤᠶ᠂ ᠠᠩᠬᠠᠨ ᠤ ᠳᠡᠯᠭᠡᠭᠦᠷ ᠤᠨ ᠠᠵᠤ ᠠᠬᠤᠶ ᠵᠡᠷᠭᠡ ᠰᠢᠨ᠎ᠡ ᠡᠵᠡᠩᠨᠡᠯᠲᠡ ᠶᠢᠨ  ᠬᠡᠯᠪᠡᠷᠢ ᠪᠠᠶᠢᠳᠠᠯ ᠦᠳᠲᠡᠷ ᠲᠦᠷᠭᠡᠨ ᠬᠥᠭᠵᠢᠪᠡ᠃ ᠮᠥᠩᠭᠦᠨ ᠭᠦᠢᠯᠭᠡᠭᠡᠨ ᠤ ᠦᠢᠯᠡᠰ ᠤᠨ ᠬᠤᠪᠢ ᠨᠡᠮᠡᠷᠢ ᠶᠢᠨ  ᠨᠤᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠵᠤᠭᠠᠴᠠᠯ ᠤᠨ ᠣᠷᠣᠯᠭ᠎ᠠ᠂ ᠬᠦᠯᠢᠶᠡᠨ ᠠᠪᠬᠤ ᠬᠥᠮᠦᠨ ᠤ  ᠲᠤᠭ᠎ᠠ ᠶᠢ ᠦᠷᠭᠦᠯᠵᠢᠯᠡᠨ ᠨᠡᠮᠡᠭᠳᠡᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠤᠨ  ᠬᠥᠲᠥᠴᠢ ᠠᠵᠤ ᠠᠬᠤᠶᠢᠯᠠᠯ ᠢ ᠨᠡᠶᠢᠲᠡ 7 ᠪᠤᠶᠢᠵᠢᠭᠤᠯᠵᠤ᠂  ᠬᠠᠨᠰᠸᠡᠨ᠂ ᠶᠦᠨ ᠹᠸᠢ ᠵᠡᠷᠭᠡ ᠨᠢᠭᠡ ᠪᠦᠯᠦᠭ  ᠨᠠᠷᠠᠲᠤ ᠲᠡᠮᠳᠡᠭᠲᠦ ᠨᠢ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠤ ᠨᠠᠷᠠᠲᠤ ᠲᠠᠸᠠᠷ ᠤᠨ ᠲᠡᠮᠳᠡᠭ ᠢ ᠢᠷᠠᠭᠤ  ᠠᠯᠳᠠᠷᠲᠠᠶ ᠪᠠᠷ ᠭᠥᠷᠳᠡᠪᠡ᠃ 1486 ᠲᠦᠮᠡᠨ ᠲᠥᠭᠦᠷᠢᠭ ᠣᠷᠣᠭᠤᠯᠵᠤ᠂ ᠲᠣᠰᠬᠤᠨ ᠤ ᠬᠠᠮᠲᠤ ᠶᠢᠨ ᠠᠵᠤ  ᠠᠬᠤᠶ ᠶᠢᠨ 36 ᠲᠥᠷᠥᠯ ᠵᠤᠶᠢᠯ ᠢ ᠪᠠᠶᠢᠭᠤᠯᠵᠤ᠂ ᠨᠡᠶᠢᠲᠡ 300 ᠲᠦᠮᠡᠨ ᠲᠥᠭᠦᠷᠢᠭ ᠤᠨ ᠣᠷᠣᠯᠭ᠎ᠠ ᠲᠠᠢ ᠪᠣᠯᠪᠠ  ᠃ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂  ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ  ᠣᠯᠭᠤᠬᠤ ᠠᠵᠢᠯ ᠢ ᠪᠡᠶᠡᠯᠡᠭᠦᠯᠦᠨ᠎ᠡ᠃ ᠤᠯᠤᠰ ᠤᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠤᠶᠢᠯᠡᠰ ᠢ  ᠠᠭᠤᠰᠤᠯᠴᠠᠭᠤᠯᠤᠨ ᠬᠥᠭᠵᠢᠭᠦᠯᠬᠦ ᠲᠤᠷᠰᠢᠯᠲᠠ ᠶᠢᠨ ᠬᠤᠰᠢᠭᠤ ᠰᠢᠶᠠᠨ ᠢᠶᠠᠷ ᠦᠨᠡᠯᠡᠭᠳᠡᠪᠡ᠃ ᠴᠡᠭᠡᠯ ᠠᠭᠤᠯᠠ  ᠪᠠᠯᠭᠠᠰᠤ ᠪᠦᠬᠦ ᠤᠯᠤᠰ ᠤᠨ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢᠨ ᠢᠷᠠᠭᠤ ᠠᠯᠳᠠᠷ ᠢ  ᠬᠦᠷᠲᠡᠪᠡ᠃            ᠳᠥᠷᠪᠡᠨ ᠵᠢᠯ ᠳᠤ ᠨᠢᠭᠡ ᠴᠤᠭᠴᠠᠵᠢᠭᠤᠯᠤᠨ ᠬᠥᠭᠵᠢᠭᠦᠯᠵᠦ᠂ ᠬᠤᠲᠠ ᠬᠥᠳᠡᠭᠡ ᠶᠢᠨ ᠠᠭᠤᠰᠤᠯᠴᠠᠯ ᠤᠨ  ᠳᠦᠷᠰᠦ ᠪᠠᠶᠢᠳᠠᠯ ᠴᠤ᠋ ᠰᠢᠨ᠎ᠡ ᠪᠣᠯᠪᠠ᠃ 8 ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ  ᠥᠭᠡᠷᠡᠴᠢᠯᠡᠯᠲᠡ ᠶᠢ ᠦᠨᠳᠦᠰᠦᠨ ᠳᠡᠭᠡᠨ ᠳᠠᠭᠤᠰᠬᠠᠵᠤ᠂ ᠬᠠᠭᠤᠴᠢᠨ ᠪᠠ ᠬᠠᠭᠤᠴᠢᠨ ᠵᠢᠵᠢᠭ ᠲᠣᠭᠤᠷᠢᠭ ᠤᠨ  ᠨᠠᠶᠢᠷᠠᠮᠳᠠᠯ ᠤᠨ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ  ᠠᠬᠢᠭᠤᠯᠵᠤ᠂ 12 ᠠᠰᠠᠭᠤᠳᠠᠯ ᠲᠠᠢ ᠠᠰᠠᠷ ᠢ ᠪᠦᠲᠦᠮᠵᠢᠲᠡᠶ ᠪᠠᠷ ᠠᠷᠢᠯᠭᠠᠵᠤ᠂ ᠬᠤᠳᠠ ᠶᠢᠨ ᠵᠠᠰᠠᠮᠠᠯ ᠵᠠᠮ ᠤᠨ  ᠪᠦᠳᠦᠭᠡᠨ ᠪᠠᠶᠢᠭᠤᠯᠤᠯᠲᠠ ᠶᠢᠨ ᠤᠷᠳᠤ ᠶᠢᠨ ᠬᠡᠮᠵᠢᠶ᠎ᠡ 48 ᠺᠢᠯᠣᠮᠧᠲᠷ ᠲᠤ ᠬᠦᠷᠴᠦ᠂ ᠪᠣᠬᠢᠷ ᠤᠰᠤ᠂ ᠪᠣᠷᠣᠭᠠᠨ ᠤ  ᠤᠰᠤ ᠶᠢ ᠵᠠᠯᠠᠬᠤ ᠵᠡᠷᠭᠡ ᠭᠠᠵᠠᠷ ᠳᠣᠣᠷᠠᠬᠢ ᠬᠤᠭᠤᠯᠠᠶ ᠶᠢᠨ ᠲᠣᠣᠷ ᠤᠨ ᠬᠤᠯᠪᠣᠯᠳᠤᠨ ᠨᠡᠪᠲᠡᠷᠡᠯᠴᠡᠬᠦ ᠶᠢ  ᠪᠡᠶᠡᠯᠡᠭᠦᠯᠵᠦ᠂ 5G᠎ ᠶᠢᠨ ᠲᠣᠣᠷ ᠤᠨ ᠲᠥᠪ ᠬᠤᠳᠠ ᠶᠢᠨ ᠲᠣᠭᠤᠷᠢᠭ ᠢ ᠪᠦᠬᠦᠨ ᠢ ᠬᠠᠮᠤᠷᠬᠤ ᠶᠢ ᠪᠡᠶᠡᠯᠡᠭᠦᠯᠪᠡ᠃  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠪᠡ᠃  ᠨᠡᠶᠢᠲᠡ ᠪᠠᠷᠤᠭ 2.3 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠲᠠᠷᠢᠶᠠᠯᠠᠬᠤ ᠣᠷᠣᠨ ᠤ  ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠵᠦ᠂ ᠰᠢᠨ᠎ᠡ ᠪᠠᠷ ᠪᠠᠶᠢᠭᠤᠯᠤᠭᠰᠠᠨ᠂  ᠥᠭᠡᠷᠡᠴᠢᠯᠡᠨ ᠪᠠᠶᠢᠭᠤᠯᠤᠭᠰᠠᠨ ᠬᠥᠳᠡᠭᠡ ᠲᠣᠰᠬᠤᠨ ᠤ ᠵᠠᠰᠠᠮᠠᠯ ᠵᠠᠮ 59 ᠺᠢᠯᠣᠮᠧᠲᠷ ᠲᠤ ᠬᠦᠷᠴᠦ᠂ ᠲᠣᠰᠬᠤᠨ  ᠪᠠᠯᠭᠠᠰᠤ ᠵᠡᠭᠡᠯᠢ ᠭᠤᠳᠤᠮᠵᠢ ᠶᠢ ᠬᠠᠲᠠᠭᠤᠷᠠᠭᠤᠯᠤᠭᠰᠠᠨ ᠨᠣᠷᠮ᠎ᠠ 100%᠎ ᠳᠤ ᠬᠥᠷᠪᠡ᠃ 3043 ᠡᠷᠦᠬᠡ ᠶᠢᠨ  ᠵᠣᠷᠯᠣᠩ ᠢ ᠥᠭᠡᠷᠡᠴᠢᠯᠡᠬᠦ ᠡᠭᠦᠷᠭᠡ ᠶᠢ ᠪᠡᠶᠡᠯᠡᠭᠦᠯᠵᠦ᠂ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠵᠣᠷᠯᠣᠩ ᠢ  ᠲᠦᠭᠡᠮᠡᠯᠵᠢᠭᠦᠯᠦᠭᠰᠡᠨ ᠨᠣᠷᠮ᠎ᠠ 90%᠎ ᠳᠤ ᠬᠥᠷᠪᠡ᠃ ᠪᠣᠬᠢᠷ ᠤᠰᠤ ᠶᠢ  ᠰᠢᠢᠤᠡᠪᠤᠷᠢᠯᠡᠬᠦ 41 ᠪᠡᠯᠡᠳᠬᠡᠮᠵᠢ᠂  ᠬᠤᠭᠤᠯᠠᠶ ᠶᠢᠨ ᠲᠣᠣᠷ ᠢ 97 ᠺᠢᠯᠣᠮᠧᠲᠷ ᠰᠢᠨ᠎ᠡ ᠪᠠᠷ ᠪᠠᠶᠢᠭᠤᠯᠵᠤ ᠥᠭᠡᠷᠡᠴᠢᠯᠡᠨ  ᠪᠠᠶᠢᠭᠤᠯᠵᠠᠢ᠃ ᠤᠯᠤᠰ ᠤᠨ  ᠲᠠᠰ ᠤᠨ ᠪᠣᠯᠪᠠᠰᠤᠨ ᠲᠣᠰᠬᠤᠨ ᠢ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠯᠪᠠᠰᠤᠨ ᠲᠣᠰᠬᠤᠨ ᠢ 2  ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃       ᠲᠦᠷᠪᠡᠨ ᠵᠢᠯ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠢᠶᠠᠷ ᠬᠥᠭᠵᠢᠯᠲᠡ ᠶᠢᠨ ᠠᠮᠢᠳᠤᠯᠢᠭ  ᠬᠦᠴᠦᠨ ᠲᠠᠰᠤᠷᠠᠯᠳᠠ ᠦᠭᠡᠢ ᠴᠢᠩᠭᠠᠷᠠᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ  ᠰᠢᠯᠢᠳᠡᠭᠵᠢᠭᠦᠯᠵᠦ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ  ᠨᠠᠶᠢᠳᠠᠪᠤᠷᠢᠵᠢᠭᠤᠯᠤᠨ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠶᠡᠭᠡ ᠪᠠᠷ  ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠳᠠᠯᠳᠠ ᠬᠦᠴᠦᠨ ᠪᠠ ᠬᠥᠳᠡᠯᠭᠡᠭᠴᠢ ᠡᠨᠧᠷᠭᠢ ᠶᠢ  ᠤᠯᠠᠮ ᠨᠢᠭᠡ ᠠᠯᠬᠤᠮ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠵᠢᠯ ᠪᠦᠷᠢ ᠳᠤᠮᠳᠠᠴᠢ ᠪᠠᠷ  9%᠎ ᠠᠴᠠ ᠳᠡᠭᠡᠭᠰᠢ ᠨᠡᠮᠡᠭᠳᠡᠵᠠᠢ᠃ ᠬᠦᠷᠢᠶᠡᠯᠡᠩ ᠲᠣᠭᠤᠷᠢᠭ ᠤᠨ ᠤᠶᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ  ᠦᠷᠭᠦᠯᠵᠢᠯᠡᠨ ᠴᠢᠩᠭᠠᠷᠠᠭᠤᠯᠵᠤ᠂ ᠠᠮᠢ ᠠᠬᠤᠶ᠂ ᠪᠤᠶᠠᠨ ᠵᠡᠷᠭᠡ ᠬᠦᠴᠦᠳᠡᠯ ᠥᠭᠡᠷᠡᠴᠢᠯᠡᠬᠦ ᠥᠷᠲᠡᠭᠡ ᠶᠢ  ᠪᠠᠶᠢᠭᠤᠯᠤᠨ ᠳᠠᠭᠤᠰᠬᠠᠵᠤ ᠴᠠᠬᠢᠯᠭᠠᠨ ᠬᠦᠷᠭᠡᠵᠦ᠂ ᠤᠯᠤᠰ ᠤᠨ ᠲᠠᠰ ᠤᠨ ᠪᠣᠬᠢᠷᠲᠤᠯ ᠥᠬᠡᠶ ᠬᠦᠷᠢᠶᠡᠯᠡᠩ  ᠲᠣᠭᠤᠷᠢᠭ ᠢ ᠳᠠᠬᠢᠨ ᠬᠢᠨᠠᠬᠤ ᠪᠠ ᠤᠷᠴᠢᠯᠵᠢᠭᠤᠯᠤᠨ ᠥᠭᠡᠷᠡᠴᠢᠯᠡᠬᠦ ᠵᠢᠱᠢᠶ᠎ᠡ ᠦᠵᠡᠭᠦᠯᠬᠦ ᠲᠤᠷᠰᠢᠯᠲᠠ ᠶᠢᠨ ᠰᠢᠯᠭᠠᠨ  ᠠᠪᠬᠤ ᠶᠢ ᠤᠷᠤᠭᠰᠢᠲᠠᠶ ᠥᠩᠭᠡᠷᠡᠭᠦᠯᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠤᠶᠢᠯ ᠢ 30 ᠭᠠᠷᠤᠶ  ᠬᠡᠷᠡᠭᠵᠢᠭᠦᠯᠵᠦ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 22᠂ ᠥᠪᠡᠷᠲᠡᠭᠡᠨ ᠵᠠᠰᠠᠬᠤ  ᠣᠷᠣᠨ ᠤ ᠲᠠᠰ ᠤᠨ ᠰᠤᠳᠤᠯᠤᠨ ᠨᠡᠭᠡᠭᠡᠬᠦ ᠲᠥᠪ ᠵᠡᠷᠭᠡ ᠰᠢᠨ᠎ᠡ ᠶᠢ ᠡᠭᠦᠳᠬᠦ ᠲᠠᠪᠴᠠᠩ ᠢ 11 ᠪᠤᠶᠢᠵᠢᠭᠤᠯᠤᠨ᠎ᠠ᠃  ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠢᠯᠭᠠᠬᠤ ᠶᠠᠰᠤ ᠴᠢᠨᠠᠷ ᠲᠠᠰᠤᠷᠠᠯᠲᠠ ᠥᠬᠡᠶ ᠳᠡᠭᠡᠭᠰᠢᠯᠡᠵᠦ᠂  ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢᠯᠡᠳᠲᠡ ᠦᠷ᠎ᠡ ᠪᠦᠲᠦᠮᠵᠢ ᠤᠯᠪᠠ᠃  ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠶ  ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠦᠭᠡᠢ ᠪᠠᠶᠢᠬᠤ ᠶᠢ ᠪᠠᠲᠤᠯᠠᠪᠠ᠃        ᠲᠦᠷᠪᠡᠨ ᠵᠢᠯ ᠳᠤ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ᠂ ᠰᠤᠷᠭᠠᠨ ᠬᠥᠮᠦᠵᠢᠯ ᠢ  ᠰᠢᠯᠢᠳᠡᠭᠵᠢᠭᠦᠯᠬᠦ ᠡᠮᠴᠢᠯᠡᠭᠡ ᠶᠢ ᠰᠢᠯᠢᠳᠡᠭᠵᠢᠭᠦᠯᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠪᠠ᠃ ᠰᠤᠷᠭᠠᠨ  ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠵᠤ᠂ ᠤᠯᠤᠰ ᠤᠨ ᠠᠯᠪᠠᠨ ᠵᠢᠷᠤᠮ ᠤᠨ ᠰᠤᠷᠭᠠᠨ  ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠶ ᠪᠠᠶᠢᠯᠭᠠᠬᠤ ᠰᠢᠶᠠᠨ ᠤ ᠦᠨᠡᠯᠡᠨ ᠵᠢᠱᠢᠵᠦ ᠮᠠᠭᠠᠳᠯᠠᠨ  ᠲᠣᠭᠲᠠᠭᠠᠬᠤ ᠠᠵᠢᠯ ᠢ ᠤᠷᠤᠭᠰᠢᠲᠠᠶ ᠪᠠᠲᠤᠯᠠᠵᠤ᠂ ᠳᠤᠮᠳᠠᠳᠤ ᠪᠠᠭ᠎ᠠ ᠰᠤᠷᠭᠠᠭᠤᠯᠢ ᠵᠢᠴᠢ ᠬᠡᠦᠬᠡᠳ ᠤᠨ ᠴᠡᠴᠡᠷᠯᠢᠭ ᠢ  9 ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠡᠷᠳᠡᠮ ᠤᠨ ᠴᠣᠯᠠ ᠶᠢ 3470  ᠰᠢᠨ᠎ᠡ ᠪᠠᠷ ᠨᠡᠮᠡᠭᠳᠡᠭᠦᠯᠵᠦ᠂ 934 ᠪᠠᠭᠰᠢ ᠶᠢ ᠰᠢᠨ᠎ᠡ ᠪᠠᠷ ᠤᠷᠢᠨ ᠬᠡᠷᠡᠭᠯᠡᠪᠡ︔ ᠲᠦᠭᠡᠮᠡᠯ ᠬᠠᠷᠠᠭᠠᠯᠵᠠᠯ ᠤᠨ  ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 95%᠎ ᠳᠤ ᠬᠦᠷᠦᠭᠦᠯᠵᠦ᠂ ᠬᠤᠶᠠᠷ ᠵᠢᠯ  ᠤᠷᠢᠳᠴᠢᠯᠠᠨ ᠤᠯᠤᠰ ᠤᠨ ᠡᠮᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠯᠪᠠᠨ ᠠᠴᠠ  ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠶᠢ ᠢᠯᠡᠳᠲᠡ ᠲᠦᠷᠭᠡᠳᠬᠡᠨ᠂ ᠬᠤᠲᠠ ᠶᠢᠨ  ᠡᠮᠴᠢᠯᠡᠭᠡᠨ ᠤ ᠪᠦᠯᠦᠭᠯᠡᠯ ᠤᠨ ᠲᠣᠤᠷᠵᠢᠭᠤᠯᠤᠭᠰᠠᠨ ᠪᠠᠶᠢᠷᠢᠰᠢᠭᠤᠯᠤᠯᠲᠠ ᠶᠢ ᠤᠷᠤᠭᠰᠢᠲᠠᠶ ᠡᠬᠢᠯᠡᠭᠦᠯᠵᠦ᠂ ︽ᠪᠠᠭ᠎ᠠ  ᠡᠪᠡᠳᠴᠢᠨ ᠢ ᠨᠡᠶᠢᠭᠡᠮ ᠲᠣᠭᠤᠷᠢᠭ ᠲᠤ᠂ ᠬᠦᠨᠳᠦ ᠡᠪᠡᠳᠴᠢᠨ ᠢ ᠡᠮᠨᠡᠯᠭᠡ ᠶᠢᠨ ᠬᠤᠷᠢᠶ᠎ᠠ ᠳᠤ᠂ ᠡᠷᠡᠭᠦᠯᠵᠢᠯ ᠢ  ᠨᠡᠶᠢᠭᠡᠮ ᠲᠣᠭᠤᠷᠢᠭ ᠲᠤ ᠪᠤᠴᠠᠭᠠᠬᠤ︾ ᠲᠠᠰ ᠬᠤᠪᠢᠶᠠᠨ ᠣᠨᠣᠰᠢᠯᠠᠨ ᠡᠮᠨᠡᠬᠦ ᠵᠠᠭᠪᠤᠷ ᠢ ᠪᠡᠶᠡᠯᠡᠭᠦᠯᠪᠡ᠃ ᠤᠯᠤᠰ ᠤᠨ  ᠡᠷᠡᠭᠦᠯ ᠬᠠᠮᠠᠭᠠᠯᠠᠯ ᠤᠨ ᠬᠤᠲᠠ᠂ ᠤᠯᠤᠰ ᠤᠨ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ  ᠡᠵᠡᠮᠳᠡᠬᠦ ᠵᠢᠱᠢᠶ᠎ᠡ ᠦᠵᠡᠭᠦᠯᠬᠦ ᠣᠷᠣᠨ ᠵᠡᠷᠭᠡ ︽ᠤᠯᠤᠰ ᠤᠨ ᠨᠠᠷᠠᠲᠤ ᠲᠡᠮᠳᠡᠭᠲᠦ︾᠎ ᠶᠢᠨ ᠢᠷᠠᠭᠤ ᠠᠯᠳᠠᠷ ᠢ  ᠠᠮᠵᠢᠯᠲᠠ ᠲᠠᠢ ᠭᠥᠷᠳᠡᠪᠡ᠃ ᠡᠮ ᠡᠮᠨᠡᠯᠭᠡ ᠶᠢᠨ ᠳᠠᠭᠠᠳᠬᠠᠯ ᠤᠨ ᠣᠯᠭᠤᠮᠵᠢ ᠶᠢ ᠡᠮᠬᠢ ᠵᠢᠷᠤᠮ ᠲᠠᠢ  ᠳᠡᠭᠡᠭᠰᠢᠯᠡᠭᠦᠯᠵᠦ᠂ ᠠᠵᠢᠯᠲᠠᠨ ᠠᠵᠢᠯᠴᠢᠨ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ  ᠳᠠᠭᠠᠳᠬᠠᠯ ᠤᠨ ᠲᠠᠩᠰᠠ ᠲᠠᠶᠢᠯᠬᠤ ᠬᠠᠷᠢᠴᠠᠯ ᠢ ᠲᠣᠰ ᠲᠣᠰ 86.3% ᠪᠠ 74.6%᠎ ᠳᠤ ᠬᠦᠷᠦᠭᠦᠯᠵᠦ᠂  ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ ᠬᠡᠮᠵᠢᠶ᠎ᠡ ᠠᠴᠠ ᠥᠨᠳᠥᠷ ᠪᠣᠯᠭᠠᠪᠠ᠃            ᠲᠦᠷᠪᠡᠨ ᠵᠢᠯ ᠦᠷᠭᠦᠯᠵᠢᠯᠡᠨ ᠲᠡᠮᠡᠴᠡᠵᠦ᠂ ᠨᠡᠶᠢᠭᠡᠮ ᠤᠨ ᠦᠢᠯᠡᠰ ᠤᠨ ᠪᠠᠲᠤᠯᠠᠭ᠎ᠠ ᠬᠦᠴᠦᠲᠡᠢ ᠪᠣᠯᠪᠠ᠃  ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠳᠤ ᠬᠡᠷᠡᠭᠯᠡᠭᠰᠡᠨ ᠵᠠᠷᠤᠯᠭ᠎ᠠ 72 ᠳ᠋ᠦᠩᠰᠢᠭᠤᠷ ᠲᠥᠭᠦᠷᠢᠭ ᠢ ᠳᠠᠪᠠᠵᠤ  ᠂ ᠡᠵᠡᠯᠡᠬᠦ ᠬᠠᠷᠢᠴᠠᠯ ᠨᠢ 75%᠎ ᠠᠴᠠ ᠳᠡᠭᠡᠭᠰᠢ ᠪᠠᠶᠢᠬᠤ ᠶᠢ ᠦᠷᠭᠦᠯᠵᠢᠯᠡᠨ ᠪᠠᠲᠤᠯᠠᠪᠠ᠃ ᠬᠤᠲᠠ ᠪᠠᠯᠭᠠᠰᠤ ᠶᠢᠨ  ᠨᠡᠶᠢᠲᠡ 12422 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ  ᠨᠣᠷᠮ᠎ᠠ ᠶᠢ ᠵᠢᠯ ᠪᠦᠷᠢ ᠴᠥᠮ ᠥᠪᠡᠷᠲᠡᠭᠡᠨ ᠵᠠᠰᠠᠬᠤ ᠣᠷᠣᠨ ᠤ ᠬᠠᠷᠠᠯᠲᠠ ᠶᠢᠨ ᠳᠣᠲᠣᠷ᠎ᠠ ᠬᠢᠵᠠᠭᠠᠷᠯᠠᠪᠠ᠃  ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠨᠠᠰᠤᠵᠢᠯ ᠤᠨ ᠠᠰᠠᠷᠠᠮᠵᠢ ᠵᠡᠷᠭᠡ ᠡᠯ᠎ᠡ ᠲᠥᠷᠥᠯ ᠤᠨ ᠠᠪᠤᠷᠠᠨ  ᠲᠤᠰᠠᠯᠠᠬᠤ ᠨᠥᠬᠦᠪᠥᠷᠢ ᠶᠢ 1.6 ᠳ᠋ᠦᠩᠰᠢᠭᠤᠷ ᠲᠥᠭᠦᠷᠢᠭ ᠲᠠᠷᠬᠠᠭᠠᠵᠤ᠂ ᠪᠠᠲᠤᠯᠠᠬᠤ ᠶᠣᠰᠣᠲᠠᠶ ᠶᠢ ᠨᠢ ᠪᠦᠬᠦᠨ ᠢ  ᠪᠠᠲᠤᠯᠠᠵᠤ᠂ ᠠᠪᠤᠷᠠᠪᠠᠰᠤ ᠵᠣᠬᠢᠬᠤ ᠶᠢ ᠨᠢ ᠪᠦᠬᠦᠨ ᠢ ᠠᠪᠤᠷᠠᠬᠤ ᠶᠢ ᠪᠥᠬᠦ ᠲᠠᠯ᠎ᠠ ᠪᠠᠷ ᠪᠡᠶᠡᠯᠡᠭᠦᠯᠪᠡ᠃ ᠬᠠᠶᠢᠷᠤᠪ ᠤᠨ  ᠲᠤᠬᠤᠢ ᠤᠯᠠᠭᠠᠨᠮᠥ᠋ᠴᠢᠷ ᠢ ᠪᠠᠶᠢᠭᠤᠯᠵᠤ᠂ ᠬᠥᠮᠦᠨ ᠳᠤᠮᠳᠠᠴᠢ ᠶᠢᠨ ᠪᠡᠶ᠎ᠡ ᠶᠢᠨ ᠲᠠᠮᠢᠷ ᠤᠨ ᠲᠠᠯᠠᠪᠠᠢ ᠶᠢᠨ ᠲᠠᠯᠠᠪᠠᠢ  ᠤᠯᠤᠰ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ︽ᠠᠷᠪᠠᠨ ᠭᠤᠷᠪᠠᠳᠤᠭᠠᠷ ᠲᠠᠪᠤᠨ ᠵᠢᠯ︾᠎ ᠤᠨ  ᠲᠥᠯᠥᠪᠵᠢᠭᠦᠯᠭᠡ ᠶᠢᠨ ᠬᠠᠷᠠᠯᠲᠠ ᠠᠴᠠ ᠳᠠᠪᠠᠵᠤ᠂ ᠰᠣᠶᠣᠯ ᠪᠡᠶ᠎ᠡ ᠶᠢᠨ ᠲᠠᠮᠢᠷ ᠤᠨ ᠦᠢᠯᠡᠰ ᠨᠡᠩ ᠴᠡᠴᠡᠭᠯᠡᠨ  ᠬᠥᠭᠵᠢᠪᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠪᠠᠶᠢᠩᠭᠤᠵᠢᠭᠤᠯᠬᠤ ᠲᠣᠭᠲᠠᠴᠠ ᠶᠢ ᠨᠡᠩ   ᠳᠡᠭᠦᠯᠳᠡᠷᠵᠢᠭᠦᠯᠪᠡ᠃ ᠭᠠᠴᠠᠭᠠᠨ ᠤ ︵ᠰᠠᠭᠤᠭᠠᠯᠢ ᠠᠷᠠᠳ︶᠎ ᠤᠨ ᠺᠣᠮᠢᠰ ᠬᠤᠭᠤᠴᠠᠭ᠎ᠠ ᠰᠣᠯᠢᠬᠤ ᠠᠵᠢᠯ ᠢ  ᠤᠷᠤᠭᠰᠢᠲᠠᠶ ᠶᠠᠪᠤᠭᠳᠠᠭᠤᠯᠪᠠ᠃ ᠳᠥᠷᠪᠡᠳᠦᠭᠡᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠪᠠ  ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠲᠡᠭᠦᠰ ᠪᠡᠶᠡᠯᠡᠬᠦᠯᠪᠡ᠃ ᠴᠡᠷᠢᠭ ᠠᠴᠠ  ᠬᠠᠯᠠᠭᠳᠠᠭᠰᠠᠳ᠂ ᠲᠠᠩᠰᠠ ᠡᠪᠬᠡᠮᠡᠯ ᠲᠡᠤᠬᠡ ᠣᠶᠢᠯᠠᠯᠭ᠎ᠠ᠂ ᠠᠷᠠᠳ ᠤᠨ ᠵᠡᠪᠰᠡᠭᠲᠦ ᠬᠦᠴᠦᠨ᠂ ᠬᠤᠶᠠᠷ ᠢ  ᠬᠦᠷᠢᠶᠡᠯᠡᠬᠦ ᠵᠢᠴᠢ ᠵᠡᠮᠳᠡᠭᠴᠦᠳ ᠵᠡᠷᠭᠡ ᠠᠵᠢᠯ ᠳᠠᠬᠢᠨᠲᠠ ᠰᠢᠨ᠎ᠡ ᠳᠡᠭᠲᠡᠷ ᠲᠤ ᠭᠠᠷᠪᠠ᠃            ᠲᠥᠯᠥᠭᠡᠯᠡᠭᠴᠢᠳ ᠡ︕ ᠥᠩᠭᠡᠷᠡᠭᠰᠡᠨ ᠲᠦᠷᠪᠡᠨ ᠵᠢᠯ ᠪᠣᠯ ᠲᠦᠢᠯ ᠤᠨ ᠶᠡᠷᠦ ᠪᠤᠰᠤ ᠶᠢᠨ ᠲᠦᠷᠪᠡᠨ ᠵᠢᠯ  ᠮᠥᠨ᠃ ᠬᠠᠶᠢᠷᠤᠪ ᠤᠨ ᠲᠤᠬᠤᠢ ᠲᠤᠭᠤᠷᠢᠭ ᠤᠨ ᠬᠢᠨ ᠭᠠᠳᠠᠭᠠᠳᠤ ᠠᠵᠤ ᠠᠬᠤᠶ ᠶᠢᠨ ᠪᠠᠶᠢᠳᠠᠯ ᠤᠨ ᠪᠤᠳᠤᠯᠢᠶᠠᠨᠲᠠᠶ  ᠳᠠᠭᠠᠷᠢᠯᠲᠠ ᠶᠢ ᠢᠯᠠᠨ ᠳᠠᠪᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠶᠡᠭᠡ  ᠰᠢᠯᠭᠠᠯᠲᠠ ᠶᠢ ᠥᠩᠭᠡᠷᠡᠭᠡᠵᠦ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠣᠷᠣᠨ ᠪᠦᠰᠡ ᠶᠢᠨ ᠲᠥᠪ  ᠬᠤᠳᠠ ᠶᠢᠨ ᠲᠣᠭᠤᠷᠢᠭ ᠢ ᠲᠦᠷᠭᠡᠨ ᠪᠠᠶᠢᠭᠤᠯᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠤᠨ ᠲᠣᠭᠤᠷᠢᠨ ᠳᠤ᠂ ᠠᠵᠠ  ᠲᠣᠬᠢᠶᠠᠯ ᠢ ᠠᠮᠵᠢᠵᠤ᠂ ᠡᠷᠡᠮᠡᠬᠡᠶᠢᠯᠡᠨ ᠤᠷᠤᠭᠰᠢᠯᠠᠵᠤ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠭᠤᠣᠯ  ᠬᠠᠷᠠᠯᠲᠠ ᠡᠭᠦᠷᠭᠡ ᠶᠢ ᠠᠮᠵᠢᠯᠲᠠ ᠲᠠᠢ ᠪᠡᠶᠡᠯᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠠᠶᠢᠷᠤᠪ ᠤᠨ    ᠲᠤᠬᠤᠢ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠳᠤ ᠪᠠᠲᠤ ᠪᠠᠬᠢ ᠰᠠᠭᠤᠷᠢ ᠶᠢ  ᠲᠠᠯᠪᠢᠵᠤ᠂  ᠴᠣ ᠰᠢᠨ᠎ᠡ ᠲᠠᠶᠢᠨ ᠤ ᠲᠠᠯᠠᠪᠤᠷ ᠢ ᠨᠡᠭᠡᠭᠡᠵᠦ᠂ ᠬᠥᠭᠵᠢᠯᠲᠡ ᠶᠢᠨ ᠣᠷᠣᠨ ᠵᠠᠢ ᠶᠢ ᠥᠷᠭᠡᠳᠬᠡᠵᠡᠢ᠃  ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ  ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ ᠦᠷ᠎ᠡ ᠳ᠋ᠦᠩ᠂ ᠳᠡᠭᠡᠳᠦ  ᠱᠠᠲᠤᠨ ᠤ ᠨᠠᠮ ᠤᠨ  ᠬᠤᠷᠢᠶ᠎ᠠ ᠵᠠᠰᠠᠭ ᠤᠨ ᠣᠷᠳᠣᠨ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠪᠦᠬᠦ ᠲᠠᠯ᠎ᠠ ᠶᠢ  ᠶᠡᠷᠦᠩᠬᠡᠶᠢᠯᠡᠨ ᠡᠵᠡᠮᠳᠡᠵᠦ᠂ ᠡᠷᠡᠰ ᠴᠢᠩᠭ᠎ᠠ ᠤᠳᠤᠷᠢᠳᠴᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ  ᠲᠣᠭᠲᠠᠭᠠᠭᠰᠠᠨ ᠤ ᠦᠷ᠎ᠡ ᠳ᠋ᠦᠩ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶ᠎ᠠ᠂ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠰᠡᠳᠬᠢᠯ ᠰᠠᠨᠠᠭ᠎ᠠ ᠪᠠᠨ ᠨᠢᠭᠡᠳᠬᠡᠵᠦ  ᠂ ᠪᠦᠲᠦᠮᠵᠢᠲᠡᠢ ᠬᠢᠨᠠᠯᠲᠠ ᠲᠠᠯᠪᠢᠵᠤ᠂ ᠬᠦᠴᠦᠯᠡᠨ ᠳᠡᠮᠵᠢᠭᠰᠡᠨ ᠤ ᠦᠷ᠎ᠡ ᠳ᠋ᠦᠩ᠂ ᠪᠦᠬᠦ ᠲᠤᠭᠤᠷᠢᠭ ᠢᠶᠠᠷ ᠢᠶᠠᠨ  ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠴᠢᠷᠮᠠᠶᠢᠵᠤ᠂ ᠵᠣᠷᠢᠭᠲᠠᠢ ᠪᠠᠷ ᠤᠷᠤᠭᠰᠢᠯᠠᠨ ᠲᠠᠪᠰᠢᠵᠤ᠂  ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠤᠭᠰᠠᠨ ᠤ ᠦᠷ᠎ᠡ ᠳ᠋ᠦᠩ ᠪᠣᠯᠤᠨ᠎ᠠ᠃ ᠠᠳᠡ᠂ ᠪᠢ ᠲᠤᠭᠤᠷᠢᠭ ᠤᠨ  ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠬᠠᠶᠢᠷᠤᠪ ᠤᠨ ᠲᠤᠬᠤᠢ ᠤᠨ ᠬᠥᠭᠵᠢᠯᠲᠡ ᠳᠤ ᠬᠤᠪᠢ ᠨᠡᠮᠡᠷᠢ  ᠦᠵᠡᠭᠦᠯᠦᠭᠰᠡᠨ ᠪᠤᠢ ᠪᠦᠬᠦᠢ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂  ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕            ᠲᠦᠷᠪᠡᠨ ᠵᠢᠯ ᠤᠨ ᠥᠩᠭᠡᠷᠡᠯᠲᠡ ᠪᠠᠨ ᠡᠷᠭᠢᠴᠡᠭᠦᠯᠬᠦᠶ᠎ᠡ᠂ ᠵᠠᠰᠠᠭ ᠤᠨ ᠣᠷᠳᠣᠨ ᠤ ᠠᠵᠢᠯ ᠢ ᠴᠢᠩᠭᠠᠳᠬᠠᠵᠤ᠂  ᠬᠠᠶᠢᠷᠤᠪ ᠤᠨ ᠪᠤᠯᠤᠩ ᠤᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠄ ᠡᠷᠬᠡᠪᠰᠢ ᠨᠠᠮ ᠤᠨ ᠪᠦᠬᠦ  ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠶᠢ ᠬᠠᠮᠤᠭ ᠤᠨ ᠦᠨᠳᠦᠰᠦᠨ ᠬᠥᠭᠵᠢᠯᠲᠡ ᠶᠢᠨ ᠪᠠᠲᠤᠯᠠᠭ᠎ᠠ ᠪᠣᠯᠭᠠᠬᠤ  ᠬᠡᠷᠡᠭᠲᠡᠢ ᠭᠡᠳᠡᠭ ᠢ ᠪᠢᠳᠡ ᠭᠦᠨᠵᠡᠭᠡᠢ ᠣᠶᠢᠯᠠᠭᠠᠪᠠ᠃ ᠪᠠᠶᠢᠳᠠᠯ ᠬᠡᠳᠦᠶ ᠪᠤᠳᠤᠯᠢᠶᠠᠨᠲᠠᠶ ᠪᠣᠯᠬᠤ ᠲᠤᠲᠤᠮ ᠡᠭᠦᠷᠭᠡ  ᠬᠡᠳᠦᠶ ᠬᠠᠲᠠᠭᠤ ᠪᠡᠷᠬᠡ ᠪᠣᠯᠵᠤ᠂ ᠥᠷᠢᠰᠥᠯᠳᠦᠭᠡᠨ ᠲᠡᠳᠦᠶ ᠬᠦᠨᠳᠦ ᠬᠡᠴᠡᠭᠦᠦ ᠪᠣᠯᠵᠤ᠂ ᠤᠯᠠᠮ ᠭᠤᠶᠢᠪᠢᠰᠢ  ᠦᠭᠡᠶ ᠪᠠᠷ ︽ᠬᠤᠶᠠᠷ ᠢ ᠲᠣᠭᠲᠠᠭᠠᠬᠤ︾᠎ ᠶᠢ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠦᠵᠡᠯ  ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ᠂ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠵᠤ᠂ ︽  ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠶᠠᠪᠤᠳᠠᠯ ᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ  ᠴᠢᠩᠭᠠᠳᠬᠠᠬᠤ ᠶᠢᠨ ᠦᠨᠳᠦᠰᠦᠨ ᠱᠠᠭᠠᠷᠳᠠᠯᠭ᠎ᠠ ᠪᠣᠯᠭᠠᠵᠤ᠂ ᠲᠥᠪ ᠬᠤᠷᠢᠶᠠᠨ ᠤ ᠰᠢᠶ᠋ᠳᠪᠦᠷᠢᠲᠦ ᠪᠤᠳᠤᠯᠭ᠎ᠠ  ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠠᠵᠢᠯᠯᠠᠭ᠎ᠠ ᠳᠡᠭᠡᠷ᠎ᠡ ᠨᠠᠶᠢᠳᠠᠪᠤᠷᠢᠵᠢᠭᠤᠯᠵᠤ᠂ ᠲᠤᠰᠢᠶᠠᠯ  ᠬᠠᠷᠢᠭᠤᠴᠠᠯᠭ᠎ᠠ ᠪᠠᠨ ᠭᠦᠢᠴᠡᠳᠬᠡᠬᠦ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠶᠢᠨ ᠪᠣᠳᠠᠲᠤ ᠦᠷ᠎ᠡ ᠪᠦᠲᠦᠮᠵᠢ  ᠳᠡᠭᠡᠷ᠎ᠡ ᠨᠠᠶᠢᠳᠠᠪᠤᠷᠢᠵᠢᠭᠤᠯᠪᠠᠯ᠂ ᠪᠢᠳᠡ ᠯᠠᠪᠳᠠᠶ᠎ᠠ ᠤᠷᠤᠭᠰᠢᠯᠠᠯᠲᠠ ᠶᠢᠨ ᠵᠠᠮ ᠳᠡᠭᠡᠷᠡᠬᠢ ᠶᠠᠮᠠᠷᠪᠠ ᠬᠦᠴᠢᠷ  ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ ᠴᠢᠳᠠᠬᠤ ᠶᠤᠮ᠃ ᠡᠷᠬᠡᠪᠰᠢ ᠠᠮᠢ ᠠᠬᠤᠢ ᠶᠢ ᠡᠩ ᠲᠡᠷᠢᠭᠦᠨ ᠳᠤ  ᠪᠣᠬᠢᠷᠲᠤᠯ ᠦᠭᠡᠢ ᠬᠥᠭᠵᠢᠭᠦᠯᠬᠦ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠬᠠᠮᠤᠭ ᠤᠨ ᠴᠢᠬᠤᠯᠠ  ᠬᠥᠭᠵᠢᠯᠲᠡ ᠶᠢᠨ ᠤᠷᠢᠲᠠᠯ ᠪᠣᠯᠭᠠᠬᠤ ᠬᠡᠷᠡᠭᠲᠡᠢ᠃ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢ  ᠢᠮᠠᠭᠲᠠ ᠳᠡᠶᠢᠯᠦᠩᠭᠦᠢ ᠪᠠᠶᠢᠷᠢᠨ ᠳᠤ ᠲᠠᠯᠪᠢᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ  ᠶᠡᠭᠡ ᠳᠠᠩᠰᠠ᠂ ᠠᠯᠤᠰ ᠬᠡᠳᠤ ᠶᠢᠨ ᠳᠠᠩᠰᠠ᠂ ᠶᠡᠷᠦᠩᠬᠡᠶᠢᠯᠡᠭᠰᠡᠨ ᠳᠠᠩᠰᠠ ᠶᠢ ᠪᠤᠳᠤᠵᠤ᠂ ᠠᠮᠢ ᠠᠬᠤᠢ ᠶᠢᠨ  ᠣᠷᠴᠢᠨ ᠲᠣᠭᠤᠷᠢᠨ ᠢ ᠬᠤᠬᠢᠷᠠᠭᠤᠯᠬᠤ ᠴᠢᠨᠠᠭᠰᠢᠯᠠᠪᠠᠯ ᠡᠪᠳᠡᠬᠦ ᠬᠥᠭᠵᠢᠯᠲᠡ ᠶᠢᠨ ᠵᠠᠭᠪᠤᠷ ᠢ ᠡᠷᠡᠰ ᠲᠠᠶᠠᠭᠳᠠᠵᠤ᠂  ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠤ ᠳᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂  ᠪᠣᠬᠢᠷᠲᠤᠯ ᠦᠭᠡᠢ ᠪᠠᠶᠢᠬᠤ ᠶᠢ ᠴᠢᠨᠠᠷ ᠰᠠᠶᠢᠲᠠᠢ ᠬᠥᠭᠵᠢᠯᠲᠡ ᠶᠢᠨ ᠢᠯᠡ ᠲᠣᠳᠣ ᠰᠠᠭᠤᠷᠢ ᠦᠩᠬᠡ ᠪᠣᠯᠭᠠᠵᠤ᠂ ᠠᠮᠢ  ᠠᠬᠤᠢ ᠶᠢᠨ ᠳᠠᠪᠠᠭᠤᠯᠢᠭ ᠢ ᠲᠦᠷᠭᠡᠨ ᠬᠥᠭᠵᠢᠯᠲᠡ ᠶᠢᠨ ᠪᠠᠲᠤ ᠪᠠᠬᠢ ᠰᠠᠭᠤᠷᠢ ᠪᠣᠯᠭᠠᠬᠤ ᠬᠡᠷᠡᠭᠲᠡᠢ᠃ ᠡᠷᠬᠡᠪᠰᠢ  ᠠᠷᠠᠳ ᠲᠦᠮᠡᠨ ᠢ ᠳᠡᠭᠡᠳᠦᠯᠡᠬᠦ ᠶᠠᠪᠤᠳᠠᠯ ᠢ ᠬᠠᠮᠤᠭ ᠤᠨ ᠭᠤᠶᠢᠪᠢᠰᠢ ᠦᠭᠡᠢ ᠬᠥᠭᠵᠢᠯᠲᠡ ᠶᠢᠨ  ᠣᠶᠢᠯᠠᠭᠠᠭᠳᠠᠬᠤᠨ ᠢᠶᠠᠨ ᠪᠣᠯᠭᠠᠬᠤ ᠬᠡᠷᠡᠭᠲᠡᠶ᠃ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ  ᠬᠦᠰᠡᠯ ᠡᠷᠡᠮᠡᠯᠵᠡᠯ ᠪᠣᠯ ᠳᠠᠷᠤᠶ ᠪᠢᠳᠡᠨ ᠤ ᠲᠡᠮᠡᠴᠡᠯ ᠤᠨ ᠬᠠᠷᠠᠯᠲᠠ ᠮᠥᠨ᠂ ᠮᠠᠨ ᠤ ᠠᠯᠢᠪᠠ ᠠᠵᠢᠯ ᠤᠨ ᠡᠭᠦᠰᠭᠡᠯ  ᠪᠠ ᠲᠡᠭᠦᠰᠬᠡᠯ ᠮᠥᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠠᠷᠢᠯᠢᠭ ᠣᠨᠣᠴᠠᠲᠠᠶ ᠪᠣᠯᠭᠠᠬᠤ᠂ ᠣᠯᠠᠨ  ᠨᠡᠶᠢᠲᠡ ᠶᠢᠨ ᠦᠨᠳᠦᠰᠦᠨ ᠦᠶ᠋ᠯᠡᠴᠢᠯᠡᠭᠡ ᠶᠢ ᠠᠳᠠᠯᠢ ᠲᠡᠭᠰᠢ ᠪᠣᠯᠭᠠᠬᠤ᠂ ᠨᠡᠶᠢᠭᠡᠮ ᠤᠨ ᠵᠠᠰᠠᠯᠲᠠ ᠶᠢᠨ  ᠣᠳᠣᠬᠢᠴᠢᠯᠠᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ  ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ ᠂ ᠠᠷᠠᠳ ᠤᠨ ᠰᠡᠳᠬᠢᠯ ᠢ ᠨᠠᠩ ᠰᠠᠶᠢᠲᠤᠷ ᠨᠢᠭᠲᠠᠷᠠᠭᠤᠯᠵᠤ᠂ ᠠᠷᠠᠳ ᠤᠨ ᠣᠶᠤᠨ ᠤᠬᠠᠭᠠᠨ ᠢ ᠲᠥᠪᠯᠡᠷᠡᠭᠦᠯᠦᠨ᠂  ᠠᠷᠠᠳ ᠤᠨ ᠬᠦᠴᠦᠨ ᠢ ᠨᠠᠩ ᠰᠠᠶᠢᠲᠤᠷ ᠬᠤᠷᠠᠮᠳᠤᠭᠤᠯᠵᠤ᠂ ᠬᠥᠭᠵᠢᠯᠲᠡ ᠶᠢ ᠠᠬᠢᠭᠤᠯᠬᠤ ᠬᠡᠷᠡᠭᠲᠡᠶ᠃           ᠲᠦᠷᠪᠡᠨ ᠵᠢᠯ ᠤᠨ ᠥᠩᠭᠡᠷᠡᠯᠲᠡ ᠪᠠᠨ ᠡᠷᠭᠢᠴᠡᠭᠦᠯᠪᠡᠯ᠂ ᠮᠠᠨ ᠤ ᠣᠷᠣᠨ ᠤ ᠬᠥᠭᠵᠢᠯᠲᠡ ᠶᠢᠨ ᠭᠦᠢᠴᠡᠳ ᠪᠤᠰᠤ  ᠲᠡᠩᠴᠡᠭᠦᠷᠢ ᠦᠭᠡᠢ ᠵᠣᠬᠢᠴᠠᠩᠭᠤᠢ ᠪᠤᠰᠤ ᠠᠰᠠᠭᠤᠳᠠᠯ ᠮᠥᠨᠬᠦ ᠳᠤᠪᠤᠶᠢᠮ᠎ᠠ ᠪᠠᠶᠢᠬᠤ ᠶᠢ ᠪᠢᠳᠡ ᠰᠡᠷᠭᠡᠭ ᠢᠶᠠᠷ ᠣᠯᠵᠤ  ᠬᠠᠷᠠᠪᠠ᠃ ᠤᠯᠠᠮᠵᠢᠯᠠᠯᠲᠤ ᠠᠵᠤ ᠦᠢᠯᠡᠰ ᠨᠡᠯᠢᠶᠡᠳ ᠶᠡᠭᠡ ᠡᠵᠡᠯᠡᠵᠦ ᠪᠠᠶᠢᠭ᠎ᠠ ᠪᠦᠲᠦᠴᠡ ᠶᠢᠨ ᠴᠢᠨᠠᠷᠲᠠᠶ  ᠠᠰᠠᠭᠤᠳᠠᠯ ᠢ ᠪᠠᠰᠠ ᠦᠨᠳᠦᠰᠦᠨ ᠠᠴᠠ ᠨᠢ ᠰᠢᠶ᠋ᠳᠪᠦᠷᠢᠯᠡᠭᠡᠳᠦᠶ᠂ ᠳᠡᠭᠡᠳᠦ ᠰᠢᠨ᠎ᠡ ᠮᠡᠷᠭᠡᠵᠢᠯ ᠪᠠ ᠪᠠᠶᠢᠯᠳᠤᠬᠤ  ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠡᠪᠴᠢᠶ᠎ᠡ ᠶᠢᠨ ᠪᠠᠭᠲᠠᠭᠠᠮᠵᠢ ᠪᠠᠰᠠ ᠲᠡᠶᠢᠮᠦ  ᠶᠡᠭᠡ ᠪᠢᠰᠢ︔ ᠪᠣᠬᠢᠷᠲᠤᠯ ᠢ ᠵᠠᠰᠠᠬᠤ ᠡᠭᠦᠷᠭᠡ ᠮᠥᠨ ᠬᠦ ᠬᠠᠲᠠᠭᠤ ᠪᠡᠷᠬᠡ ᠪᠠᠶᠢᠵᠤ᠂ ᠠᠮᠢ ᠠᠬᠤᠶ ᠶᠢᠨ ᠣᠷᠴᠢᠨ  ᠨᠥᠬᠦᠴᠡᠯ ᠤᠨ ᠤᠭ ᠴᠣᠭᠴᠠ ᠬᠡᠪᠡᠷᠡᠭ ᠪᠠᠶᠢᠬᠤ ᠦᠨᠳᠦᠰᠦᠨ ᠪᠠᠶᠢᠳᠠᠯ ᠢ ᠬᠠᠷᠠᠬᠠᠨ ᠬᠤᠪᠢᠷᠠᠭᠤᠯᠤᠭᠠᠳᠤᠶ ᠪᠠᠶᠢᠨ᠎ᠠ︔ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠮᠥᠨ ᠯᠡ ᠥᠷᠢ ᠲᠠᠢ ᠪᠠᠶᠢᠵᠤ᠂ ᠰᠤᠷᠭᠠᠨ ᠬᠥᠮᠦᠵᠢᠯ᠂ ᠡᠮ  ᠡᠮᠨᠡᠯᠭᠡ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠨᠢ ᠠᠷᠠᠳ ᠤᠯᠠᠨ ᠤ ᠬᠡᠷᠡᠭᠴᠡᠭᠡ  ᠱᠠᠭᠠᠷᠳᠠᠯᠭ᠎ᠠ ᠶᠢᠨ ᠬᠦᠰᠡᠯ ᠡᠷᠡᠮᠡᠯᠵᠡᠯ ᠲᠠᠢ ᠪᠠᠰᠠ ᠵᠥᠷᠢᠶ᠎ᠡ ᠲᠠᠢ ᠪᠠᠶᠢᠨ᠎ᠠ︔ ᠴᠥᠭᠡᠨ ᠲᠣᠭᠠᠨ ᠤ ᠺᠠᠳ᠋ᠷ ᠤᠨ  ᠬᠡᠷᠡᠭᠵᠢᠭᠦᠯᠬᠦ ᠬᠦᠴᠦᠨ ᠥᠨᠳᠥᠷ ᠪᠢᠰᠢ᠂ ᠨᠠᠶᠢᠳᠠᠪᠤᠷᠢᠵᠢᠭᠤᠯᠬᠤ ᠬᠦᠴᠦᠨ ᠴᠢᠩᠭ᠎ᠠ ᠪᠢᠰᠢ᠂ ︽ᠬᠢᠬᠦ ᠵᠣᠷᠢᠭ ᠦᠭᠡᠢ  ᠂ ᠬᠢᠬᠦ ᠳᠤᠷ᠎ᠠ ᠦᠭᠡᠢ᠂ ᠬᠢᠬᠦ ᠳᠡᠭᠡᠨ ᠮᠠᠭᠤ ᠪᠠᠶᠢᠬᠤ︾ ᠵᠡᠷᠭᠡ ᠠᠰᠠᠭᠤᠳᠠᠯ ᠪᠠ ᠦᠵᠡᠭᠳᠡᠯ ᠮᠥᠨ ᠯᠡ  ᠣᠷᠣᠰᠢᠭᠰᠠᠭᠠᠷ ᠪᠠᠶᠢᠨ᠎ᠠ᠃ ᠡᠳᠡᠭᠡᠷ ᠬᠦᠴᠢᠷᠳᠡᠯ ᠪᠠ ᠠᠰᠠᠭᠤᠳᠠᠯ ᠢ ᠪᠢᠳᠡ ᠵᠠᠪᠠᠯ ᠰᠢᠳᠦ ᠪᠠᠨ ᠵᠠᠭᠤᠵᠤ᠂  ᠬᠢᠳᠤᠭ᠎ᠠ ᠶᠢᠨ ᠢᠷ ᠢ ᠳᠣᠲᠣᠭᠰᠢ ᠪᠠᠨ ᠬᠠᠨᠳᠤᠭᠤᠯᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨ  ᠬᠦ ᠰᠢᠢᠤᠡᠪᠤᠷᠢᠯᠡᠬᠦ ᠬᠡᠷᠡᠭᠲᠡᠶ᠃        ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠭᠤᠣᠯ ᠠᠵᠢᠯ ᠤᠨ ᠡᠭᠦᠷᠭᠡ         ᠬᠤᠶᠢᠰᠢᠳᠠ ᠶᠢᠨ ᠲᠠᠪᠤᠨ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠭᠰᠡᠨ ᠤ  ᠲᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ  ᠲᠥᠯᠥᠪᠵᠢᠭᠦᠯᠭᠡ ᠶᠢᠨ ᠬᠤᠭᠤᠴᠠᠭ᠎ᠠ ᠶᠢ ᠴᠢᠷᠮᠠᠶᠢᠨ ᠲᠡᠮᠡᠴᠡᠵᠦ᠂ ᠰᠢᠨ᠎ᠡ ᠠᠶᠠᠨ ᠵᠠᠮ ᠢᠶᠠᠨ ᠡᠬᠢᠯᠡᠭᠦᠯᠬᠦ  ᠵᠠᠩᠭᠢᠯᠠᠭ᠎ᠠ ᠶᠢᠨ ᠲᠠᠪᠤᠨ ᠵᠢᠯ ᠪᠣᠯᠤᠨ᠎ᠠ᠃ ᠣᠳᠣᠬᠠᠨ ᠳᠤ᠂ ᠪᠦᠬᠦ ᠲᠤᠭᠤᠷᠢᠭ ᠶᠠᠭ ᠰᠢᠨ᠎ᠡ ᠬᠠᠭᠤᠴᠢᠨ ᠬᠥᠳᠡᠯᠭᠡᠬᠦ  ᠬᠦᠴᠦᠨ ᠤ ᠰᠣᠯᠢᠭᠳᠠᠯ᠂ ᠬᠥᠭᠵᠢᠯᠲᠡ ᠶᠢᠨ ᠠᠷᠭ᠎ᠠ ᠬᠡᠯᠪᠡᠷᠢ ᠶᠢᠨ ᠬᠤᠪᠢᠷᠠᠯᠲᠠ ᠶᠢᠨ ᠵᠠᠩᠭᠢᠯᠠᠭ᠎ᠠ ᠶᠢᠨ  ᠬᠤᠭᠤᠴᠠᠭᠠᠨ ᠳᠤ ᠣᠷᠣᠰᠢᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ  ᠬᠡᠯᠪᠡᠷᠢ ᠶᠢ ᠬᠤᠪᠢᠷᠠᠭᠤᠯᠬᠤ ᠰᠢᠪᠲᠤᠯᠤᠯᠲᠠ ᠶᠢᠨ ᠬᠤᠭᠤᠴᠠᠭᠠᠨ ᠳᠤ ᠣᠷᠣᠵᠤ᠂ ᠥᠪᠡᠷᠲᠡᠭᠡᠨ ᠵᠠᠰᠠᠬᠤ ᠣᠷᠣᠨ ᠤ  ᠪᠦᠬᠦ ᠤᠯᠤᠰ ᠴᠢᠨᠠᠭᠰᠢᠯᠠᠪᠠᠯ ᠳᠡᠯᠡᠬᠡᠢ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠥᠨᠳᠦᠷᠯᠢᠭ ᠢ  ᠴᠣᠭᠴᠠᠯᠠᠬᠤ ᠶᠢᠨ ᠠᠪᠴᠢᠷᠠᠭᠰᠠᠨ ᠡᠷᠬᠢᠮ ᠨᠠᠨᠳᠢᠨ ᠠᠵᠠ ᠲᠣᠬᠢᠶᠠᠯ ᠤᠨ ᠬᠤᠭᠤᠴᠠᠭ᠎ᠠ ᠶᠢ ᠤᠭᠲᠤᠨ ᠠᠪᠴᠢᠷᠠᠯ᠎ᠠ᠃  ᠪᠢᠳᠡ ᠡᠷᠬᠡᠪᠰᠢ ᠠᠵᠠ ᠲᠣᠬᠢᠶᠠᠯ ᠤᠨ ᠤᠬᠠᠮᠰᠠᠷ ᠪᠣᠯᠤᠨ ᠠᠶᠤᠯ ᠲᠦᠭᠰᠢᠭᠦᠷᠢ ᠶᠢᠨ ᠤᠬᠠᠮᠰᠠᠷ ᠢᠶᠠᠨ ᠤᠯᠠᠮ  ᠴᠢᠨᠠᠭᠰᠢᠳᠠ ᠴᠢᠩᠭᠠᠳᠬᠠᠵᠤ᠂ ᠬᠤᠪᠢᠷᠠᠯᠲᠠ ᠶᠢ ᠣᠨᠣᠪᠴᠢᠲᠠᠢ ᠲᠠᠨᠢᠵᠤ᠂ ᠰᠢᠨᠵᠢᠯᠡᠬᠦ ᠤᠬᠠᠭᠠᠨᠴᠢ ᠪᠠᠷ  ᠬᠤᠪᠢᠷᠠᠯᠲᠠ ᠶᠢ ᠠᠷᠭᠠᠴᠠᠵᠤ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠵᠦ᠂ ᠰᠢᠨ᠎ᠡ ᠠᠶᠠᠨ  ᠵᠠᠮ ᠳᠠᠭᠠᠨ ᠬᠠᠶᠢᠷᠤᠪ ᠤᠨ ᠲᠤᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠠᠮᠢ  ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ  ᠰᠠᠶᠢᠲᠠᠢ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠢᠮᠠᠭᠲᠠ ᠴᠢᠩᠭ᠎ᠠ ᠠᠳᠬᠤᠵᠤ᠂ ᠪᠠᠶᠢᠷᠢᠰᠢᠯ ᠢ ᠲᠠᠬᠢᠨ  ᠪᠠᠶᠢᠭᠤᠯᠬᠤ ᠳᠤᠮᠳᠠ ᠲᠡᠷᠢᠭᠦᠨ ᠲᠣᠬᠢᠶᠠᠯ ᠢ ᠠᠮᠵᠢᠵᠤ᠂ ᠣᠷᠣᠨ ᠪᠦᠰᠡ ᠶᠢᠨ ᠥᠷᠢᠰᠥᠯᠳᠦᠭᠡᠨ ᠤ ᠳᠤᠮᠳᠠ ᠡᠮᠦᠨ᠎ᠡ  ᠡᠩᠨᠡᠭᠡᠨ ᠳᠤ ᠶᠠᠪᠤᠬᠤ ᠬᠡᠷᠡᠭᠲᠡᠢ᠃            ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ  ᠬᠤᠷᠠᠯ᠂ ᠦᠬᠠᠶ ᠬᠤᠲᠠ ᠶᠢᠨ ᠨᠠᠢᠮᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ  ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ  ᠬᠤᠷᠠᠯ ᠤᠨ ᠠᠵᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠬᠤᠶᠢᠰᠢᠳᠠ ᠶᠢᠨ ᠲᠠᠪᠤᠨ ᠵᠢᠯ ᠤᠨ ᠪᠦᠬᠦ  ᠲᠤᠭᠤᠷᠢᠭ ᠤᠨ ᠠᠵᠢᠯ ᠤᠨ ᠵᠢᠯᠣᠭᠤᠳᠬᠤ ᠦᠵᠡᠯ ᠰᠠᠨᠠᠭ᠎ᠠ ᠪᠣᠯ᠄ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ  ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ  ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ  ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂  ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ  ᠭᠦᠨᠵᠡᠭᠡᠢ ᠲᠤᠤᠱᠯᠠᠭᠤᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢ ᠶᠢᠨ ᠫᠢᠩ  ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ  ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ  ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ  ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠲᠣᠭᠲᠠᠭᠤᠨ  ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠠᠷᠠᠳ  ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ  ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ  ᠬᠥᠭᠵᠢᠯᠲᠡ ᠶᠢᠨ ᠪᠠᠶᠢᠷᠢᠰᠢᠯ ᠳᠤ ᠬᠦᠴᠦ ᠲᠠᠯᠪᠢᠨ ᠦᠢᠯᠡᠴᠢᠯᠡᠬᠦ ᠪᠠ ᠠᠭᠤᠰᠤᠯᠴᠠᠵᠤ᠂ ᠥᠭᠡᠷᠡᠴᠢᠯᠡᠯᠲᠡ  ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠠᠮᠢ  ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ  ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠰᠠᠶᠢᠲᠤᠷ ᠵᠠᠮᠨᠠᠵᠤ᠂ ᠥᠪᠡᠷᠲᠡᠭᠡᠨ ᠵᠠᠰᠠᠬᠤ  ᠣᠷᠣᠨ ᠤ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾᠂ ︽ᠨᠢᠭᠡ ᠪᠠᠬᠢᠯᠡᠯᠲᠡ︾᠎ ᠶᠢᠨ  ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠤᠬᠠᠮᠰᠠᠷ ᠠᠴᠠ ᠪᠠᠨ ᠳᠠᠭᠠᠵᠤ ᠲᠡᠭᠦᠨ ᠳᠤ ᠦᠢᠯᠡᠴᠢᠯᠡᠵᠦ᠂  ᠬᠤᠳᠠ ᠶᠢᠨ ᠨᠠᠮ ᠤᠨ ᠬᠤᠷᠢᠶ᠎ᠠ ᠶᠢᠨ ᠨᠢᠭᠡ ᠵᠢᠷᠤᠮᠯᠠᠯ ᠢ ᠪᠠᠷᠢᠮᠲᠠᠯᠠᠬᠤ᠂ ᠨᠢᠭᠡ ᠭᠤᠣᠯ ᠰᠢᠵᠢᠮ ᠢ ᠲᠤᠤᠱᠯᠠᠭᠤᠯᠬᠤ᠂  ᠬᠤᠶᠠᠷ ᠶᠡᠭᠡ ᠡᠭᠦᠷᠭᠡ ᠶᠢ ᠠᠬᠢᠭᠤᠯᠬᠤ᠂ ︽ᠭᠤᠷᠪᠠᠨ ᠥᠨᠳᠥᠷ︾᠎ ᠤᠨ ᠬᠠᠷᠠᠯᠲᠠ ᠶᠢ ᠪᠡᠶᠡᠯᠡᠭᠦᠯᠬᠦ ᠬᠥᠭᠵᠢᠯᠲᠡ ᠶᠢᠨ  ᠱᠠᠭᠠᠷᠳᠠᠯᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠩᠬᠠᠳᠠᠭᠴᠢ ᠬᠤᠳᠠ ᠶᠢᠨ ᠬᠠᠷᠢᠭᠤᠴᠠᠯᠭ᠎ᠠ ᠶᠢ  ᠪᠣᠳᠠᠲᠠᠶᠢᠵᠢᠭᠤᠯᠵᠤ᠂ ᠡᠭᠡ ᠬᠤᠳᠠ ᠶᠢᠨ ᠴᠢᠳᠠᠪᠬᠢ ᠶᠢ ᠳᠡᠭᠡᠭᠰᠢᠯᠡᠭᠦᠯᠵᠦ᠂ ᠭᠤᠣᠯ ᠬᠤᠳᠠ ᠶᠢᠨ ᠬᠠᠷᠢᠭᠤᠴᠠᠯᠭ᠎ᠠ ᠶᠢ  ᠡᠭᠦᠷᠭᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠳᠠ ᠦᠭᠡᠢ  ᠪᠠᠲᠤᠳᠬᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ  ᠰᠢᠨ᠎ᠡ ᠠᠶᠠᠨ ᠵᠠᠮ ᠳᠤ ᠬᠠᠶᠢᠷᠤᠪ ᠤᠨ ᠲᠤᠬᠤᠢ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ  ᠪᠢᠴᠢᠭᠯᠡᠨ᠎ᠡ᠃            ᠬᠤᠶᠢᠰᠢᠳᠠ ᠶᠢᠨ ᠲᠠᠪᠤᠨ ᠵᠢᠯ ᠤᠨ ᠲᠡᠮᠡᠴᠡᠯ ᠤᠨ ᠬᠠᠷᠠᠯᠲᠠ ᠪᠣᠯ᠄ 2035 ᠣᠨ ᠤ ᠠᠯᠤᠰ ᠤᠨ  ᠬᠠᠷᠠᠯᠲᠠ ᠪᠠᠨ ᠲᠣᠭᠲᠠᠭᠠᠵᠤ᠂ ᠲᠠᠪᠤᠨ ᠵᠢᠯ ᠤᠨ ᠰᠢᠨᠲᠠᠷᠠᠰᠢ ᠦᠭᠡᠶ ᠴᠢᠷᠮᠠᠶᠢᠯᠭ᠎ᠠ ᠪᠠᠷ ᠳᠡᠮᠵᠢᠨ᠂ ᠠᠮᠢ ᠠᠬᠤᠶ ᠶᠢ  ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ  ᠬᠥᠭᠵᠢᠯᠲᠡ ᠪᠣᠳᠠᠲᠠᠶ ᠠᠬᠢᠯᠲᠠ ᠲᠠᠢ ᠪᠣᠯᠵᠤ᠂ ᠡᠬᠢ ᠪᠠᠶᠠᠯᠢᠭ ᠰᠢᠪᠬᠠᠷᠤᠭᠰᠠᠨ ᠬᠤᠳᠠ ᠶᠢᠨ ᠬᠡᠯᠪᠡᠷᠢ ᠶᠢ  ᠬᠤᠪᠢᠷᠠᠭᠤᠯᠬᠤ ᠠᠵᠢᠯ ᠶᠢ ᠦᠷᠭᠦᠯᠵᠢᠯᠡᠨ ᠬᠢᠵᠤ᠂ ᠠᠮᠵᠢᠯᠲᠠ ᠪᠦᠲᠦᠮᠵᠢ ᠣᠯᠵᠤ᠂ ᠠᠮᠢ ᠠᠬᠤᠢ ᠶᠢᠨ ᠶᠠᠰᠤ  ᠴᠢᠨᠠᠷ ᠤᠨ ᠰᠢᠨ᠎ᠡ ᠦᠨᠳᠦᠷᠴᠡ ᠳᠤ ᠬᠦᠷᠬᠦ ᠶᠢ ᠪᠠᠲᠤᠯᠠᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ  ᠠᠵᠢᠯ ᠰᠢᠨ᠎ᠡ ᠦᠷ᠎ᠡ ᠪᠦᠲᠦᠮᠵᠢ ᠣᠯᠵᠤ᠂ ᠬᠤᠳᠠ ᠬᠥᠳᠡᠭᠡ ᠶᠢᠨ ᠠᠭᠤᠰᠤᠯᠴᠠᠯ ᠰᠢᠨ᠎ᠡ ᠳᠡᠭᠲᠡᠷ ᠲᠤ ᠭᠠᠷᠴᠤ᠂  ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠰᠢᠨ᠎ᠡ ᠰᠢᠯᠢᠳᠡᠭᠵᠢᠯᠲᠡ ᠶᠢ ᠪᠡᠶᠡᠯᠡᠭᠦᠯᠵᠦ᠂ ᠠᠷᠠᠳ ᠤᠨ  ᠠᠮᠢᠳᠤᠷᠠᠯ ᠤᠨ ᠪᠤᠶᠠᠨ ᠵᠢᠷᠭᠠᠯ ᠢ ᠰᠢᠨ᠎ᠡ ᠲᠦᠪᠰᠢᠨ ᠳᠤ ᠬᠦᠷᠭᠡᠵᠦ᠂ ᠨᠡᠶᠢᠭᠡᠮ ᠤᠨ ᠵᠠᠰᠠᠯᠲᠠ ᠶᠢ ᠰᠢᠨ᠎ᠡ  ᠳᠡᠭᠡᠭᠰᠢᠯᠡᠯᠲᠡ ᠲᠠᠢ ᠪᠣᠯᠭᠠᠨ᠎ᠠ᠃            ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄            — ᠠᠮᠢ ᠠᠬᠤᠢ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠭᠤᠶᠢᠪᠢᠰᠢ  ᠦᠭᠡᠢ ᠵᠠᠮᠨᠠᠵᠤ᠂ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠴᠣᠭᠴᠠᠯᠠᠨ᠎ᠠ᠃ ᠤᠯᠤᠰ ᠤᠨ ᠠᠮᠢ ᠠᠬᠤᠢ ᠶᠢᠨ  ᠠᠮᠤᠷ ᠲᠦᠪᠰᠢᠨ ᠢ ᠬᠠᠮᠠᠭᠠᠯᠠᠬᠤ ᠤᠯᠤᠰ ᠲᠦᠷᠦ ᠶᠢᠨ ᠦᠨᠳᠦᠷᠴᠡ ᠪᠠᠷ ᠦᠬᠠᠢ ᠵᠢᠴᠢ ᠡᠷᠬᠢᠨ ᠲᠣᠭᠤᠷᠢᠨ ᠤ  ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠤᠯᠤᠰ ᠲᠦᠷᠦ ᠶᠢᠨ  ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠃ ᠤᠯᠤᠰ ᠤᠨ ︽ᠬᠤᠤᠰ ᠨᠡᠭᠦᠷᠡᠰᠦᠲᠥ᠋ᠷᠥᠭᠴᠢ︾᠎ ᠶᠢᠨ  ᠬᠠᠷᠠᠯᠲᠠ ᠶᠢᠨ ᠱᠠᠭᠠᠷᠳᠠᠯᠭ᠎ᠠ ᠶᠢ ᠡᠷᠡᠰ ᠲᠤᠤᠱᠯᠠᠭᠤᠯᠵᠤ᠂ ᠪᠣᠬᠢᠷᠲᠤᠯ ᠥᠬᠡᠶ ᠡᠷᠬᠢᠯᠳᠡᠳᠦ ᠬᠥᠭᠵᠢᠯᠲᠡ ᠶᠢᠨ  ᠣᠨᠣᠯᠵᠢᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠤᠨ᠎ᠠ᠃ ᠠᠭᠤᠯᠠ ᠤᠰᠤ ᠤᠢ ᠰᠢᠭᠤᠶ  ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦᠨ ᠤ ᠠᠮᠢ ᠠᠬᠤᠶ ᠶᠢᠨ ᠰᠢᠰᠲ᠋ᠧᠮ ᠤᠨ ᠵᠠᠰᠠᠯᠲᠠ ᠶᠢ ᠪᠦᠬᠦ  ᠲᠠᠯ᠎ᠠ ᠪᠠᠷ ᠲᠦᠯᠬᠢᠨ ᠠᠬᠢᠭᠤᠯᠵᠤ᠂ ᠠᠮᠢ ᠠᠬᠤᠶ ᠶᠢᠨ ᠣᠷᠴᠢᠨ ᠨᠥᠬᠦᠴᠡᠯ ᠤᠨ ᠲᠤᠪᠤᠶᠢᠮ᠎ᠠ ᠠᠰᠠᠭᠤᠳᠠᠯ ᠢ  ᠪᠦᠲᠦᠮᠵᠢᠲᠡᠶ ᠪᠠᠷ ᠰᠢᠢᠤᠡᠪᠤᠷᠢᠯᠡᠨ᠎ᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠵᠦ  ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠵᠦ᠂ ᠲᠠᠷᠢᠶᠠᠨ ᠭᠠᠵᠠᠷ᠂ ᠤᠢ ᠰᠢᠭᠤᠶ᠂ ᠴᠢᠭᠢᠭᠯᠢᠭ ᠭᠠᠵᠠᠷ ᠵᠡᠷᠭᠡ  ᠬᠦᠷᠢᠶᠡᠨ ᠳᠠᠬᠢ ᠠᠮᠢ ᠠᠬᠤᠶ ᠶᠢᠨ ᠤᠯᠠᠭᠠᠨ ᠱᠤᠭᠤᠮ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠨ᠎ᠠ᠃  ᠨᠡᠭᠦᠷᠡᠰᠦᠨ ᠤ ᠠᠭᠤᠷᠬᠠᠶ ᠶᠢᠨ ᠦᠢᠯᠡᠰ ᠤᠨ ᠡᠷᠬᠡ ᠶᠢ ᠪᠦᠬᠦ ᠲᠠᠯ᠎ᠠ ᠪᠠᠷ ᠡᠮᠬᠢᠯᠡᠨ ᠨᠡᠶᠢᠯᠡᠭᠦᠯᠵᠦ᠂ ᠡᠬᠢ ᠪᠠᠶᠠᠯᠢᠭ ᠢ  ᠠᠰᠢᠭᠯᠠᠬᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠪᠣᠬᠢᠷᠲᠤᠯ ᠢ ᠰᠡᠷᠭᠡᠶᠢᠯᠡᠨ ᠵᠠᠰᠠᠬᠤ  ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠳᠠᠭᠠᠭᠠᠴᠠ ᠶᠢ ᠳᠠᠬᠢᠨ ᠢᠶᠠᠷ ᠨᠡᠮᠡᠭᠳᠡᠭᠦᠯᠬᠦ  ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ  ᠬᠦᠷᠢᠶᠡᠯᠡᠩ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠵᠢᠱᠢᠶ᠎ᠡ  ᠦᠵᠡᠭᠦᠯᠬᠦ ᠣᠷᠣᠨ ᠢ ᠬᠦᠴᠦᠯᠡᠨ ᠪᠠᠶᠢᠭᠤᠯᠤᠨ᠎ᠠ᠃            — ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠵᠤ ᠨᠡᠭᠦᠷᠡᠰᠦᠲᠥ᠋ᠷᠥᠭᠴᠢ ᠪᠠᠭ᠎ᠠ ᠲᠡᠰ ᠳᠡᠪᠰᠢᠭᠦᠯᠬᠦ  ᠵᠠᠮ ᠢᠶᠠᠷ ᠭᠤᠶᠢᠪᠢᠰᠢ ᠦᠬᠡᠢ ᠵᠠᠮᠨᠠᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠳᠡᠭᠡᠭᠰᠢᠯᠡᠭᠦᠯᠦᠨ᠎ᠡ᠃  ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠠᠰᠢᠭ ᠢ ᠦᠷᠭᠦᠯᠵᠢᠯᠡᠨ ᠴᠢᠩᠭᠠᠳᠬᠠᠵᠤ᠂ ᠰᠢᠨ᠎ᠡ ᠡᠨᠧᠷᠭᠢ᠂ ᠰᠢᠨ᠎ᠡ  ᠮᠠᠲ᠋ᠧᠷᠢᠶᠠᠯ ᠬᠤᠶᠠᠷ ᠶᠡᠭᠡ ᠠᠵᠤ ᠦᠢᠯᠡᠰ ᠤᠨ ᠰᠠᠭᠤᠷᠢᠨ ᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠲᠠᠢ ᠨᠢᠭᠲᠠ  ᠤᠶᠠᠯᠳᠤᠭᠤᠯᠤᠨ ᠤᠨᠢᠨ ᠳᠡᠭᠡᠷ᠎ᠡ ᠨᠢ ᠬᠦᠴᠦᠯᠡᠵᠦ᠂ ᠰᠢᠨ᠎ᠡ ᠡᠨᠧᠷᠭᠢ ᠪᠠᠷ ᠬᠥᠳᠡᠯᠭᠡᠭᠦᠷ ᠪᠣᠯᠭᠠᠬᠤ ᠪᠠᠶᠢᠯᠳᠤᠬᠤ  ᠪᠤᠳᠤᠯᠭ᠎ᠠ ᠶᠢ ᠭᠤᠣᠯᠳᠠᠯᠭ᠎ᠠ ᠲᠠᠢ ᠬᠡᠷᠡᠭᠵᠢᠭᠦᠯᠵᠦ᠂ ᠰᠢᠨ᠎ᠡ ᠡᠨᠧᠷᠭᠢ ᠶᠢᠨ ᠦᠢᠯᠡᠳᠬᠦ ᠦᠢᠯᠡᠰ ᠤᠨ ᠰᠠᠭᠤᠷᠢᠨ ᠪᠠ  ᠰᠢᠨ᠎ᠡ ᠡᠨᠧᠷᠭᠢ ᠶᠢᠨ ᠬᠡᠷᠡᠭᠯᠡᠭᠡᠨ ᠤ  ᠵᠢᠱᠢᠶ᠎ᠡ ᠦᠵᠡᠭᠦᠯᠬᠦ ᠰᠠᠭᠤᠷᠢᠨ ᠢ ᠢᠳᠡᠪᠬᠢᠲᠡᠢ ᠪᠠᠶᠢᠭᠤᠯᠵᠤ᠂ ᠤᠯᠠᠮᠵᠢᠯᠠᠯᠲᠤ  ᠡᠨᠧᠷᠭᠢ ᠶᠢᠨ ᠰᠤᠷᠪᠤᠯᠵᠢ ᠬᠢᠭᠡᠳ ᠰᠢᠨ᠎ᠡ ᠡᠨᠧᠷᠭᠢ ᠶᠢᠨ ᠰᠤᠷᠪᠤᠯᠵᠢ ᠶᠢᠨ ᠤᠷᠤᠭᠰᠢᠲᠠᠢ ᠵᠠᠯᠭᠠᠯᠳᠤᠬᠤ ᠶᠢ  ᠲᠦᠷᠭᠡᠳᠬᠡᠨ᠎ᠡ᠃ ᠣᠨᠴᠠᠯᠢᠭ ᠢᠶᠠᠷ ᠲᠣᠪᠤᠶᠢᠮ᠎ᠠ᠂ ᠣᠷᠣᠨ ᠪᠦᠰᠡ ᠬᠤᠯᠪᠣᠭᠠᠯᠠᠨ ᠬᠥᠳᠡᠯᠦᠯᠴᠡᠬᠦ᠂ ᠣᠷᠣᠨ ᠪᠠᠶᠢᠷᠢ  ᠰᠣᠯᠪᠢᠴᠠᠨ ᠬᠥᠭᠵᠢᠬᠦ ᠤᠶᠤᠨᠲᠤ ᠬᠦᠷᠢᠶᠡᠯᠡᠩ ᠲᠣᠭᠤᠷᠢᠭ ᠤᠨ ᠰᠢᠨ᠎ᠡ ᠲᠠᠪᠴᠠᠩ ᠢ ᠪᠥᠬᠦ ᠲᠠᠯ᠎ᠠ ᠪᠠᠷ ᠪᠠᠶᠢᠭᠤᠯᠤᠨ᠎ᠠ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠵᠤ᠂ ᠰᠢᠨ᠎ᠡ ᠬᠡᠪ ᠵᠠᠭᠪᠤᠷ ᠰᠢᠨ᠎ᠡ  ᠡᠵᠡᠩᠨᠡᠯᠲᠡ ᠶᠢᠨ ᠬᠡᠯᠪᠡᠷᠢ ᠪᠠᠶᠢᠳᠠᠯ ᠢ ᠶᠡᠭᠡ ᠪᠠᠷ ᠪᠤᠶᠢᠵᠢᠭᠤᠯᠤᠨ᠂ ᠲᠤᠭᠠᠵᠢᠭᠤᠯᠤᠭᠰᠠᠨ ᠠᠵᠤ ᠠᠬᠤᠶ ᠶᠢ  ᠢᠳᠡᠪᠬᠢᠲᠡᠶ ᠬᠥᠭᠵᠢᠭᠦᠯᠦᠨ᠎ᠡ᠃ ︽ᠨᠢᠭᠡ ᠴᠥᠮ᠎ᠡ ᠬᠤᠶᠠᠷ ᠪᠦᠰᠡ︾᠎ ᠶᠢᠨ ᠲᠠᠷᠢᠶᠠᠯᠠᠩ ᠤᠨ ᠬᠥᠭᠵᠢᠯᠲᠡ ᠶᠢᠨ  ᠰᠢᠨ᠎ᠡ ᠪᠠᠶᠢᠷᠢᠰᠢᠯ ᠢ ᠲᠦᠷᠭᠡᠪᠴᠢᠯᠡᠨ ᠪᠠᠶᠢᠭᠤᠯᠵᠤ᠂ ᠲᠠᠷᠢᠶᠠᠯᠠᠩ ᠤᠨ ᠴᠢᠨᠠᠷ ᠰᠠᠶᠢᠲᠠᠶ ᠪᠥᠭᠡᠳ ᠥᠨᠳᠥᠷ  ᠪᠦᠲᠦᠮᠵᠢᠲᠡᠶ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠶ᠂ ᠲᠠᠷᠢᠶᠠᠴᠢᠳ ᠤᠨ ᠪᠠᠶᠠᠨ  ᠴᠢᠨᠡᠭᠡᠯᠢᠭ ᠪᠠᠶᠢᠬᠤ ᠶᠢ ᠠᠬᠢᠭᠤᠯᠤᠨ᠎ᠠ᠃            — ᠬᠤᠳᠠ ᠶᠢᠨ ᠬᠡᠯᠪᠡᠷᠢ ᠶᠢ ᠬᠤᠪᠢᠷᠠᠭᠤᠯᠤᠨ ᠰᠢᠨᠡᠳᠬᠡᠵᠦ ᠲᠠᠩᠰᠠ ᠡᠪᠬᠡᠮᠡᠯ ᠢ ᠳᠡᠭᠡᠭᠰᠢᠯᠡᠭᠦᠯᠬᠦ ᠵᠠᠮ ᠢᠶᠠᠷ  ᠭᠤᠶᠢᠪᠢᠰᠢ ᠦᠭᠡᠢ ᠵᠠᠮᠨᠠᠵᠤ᠂ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠦᠨ᠎ᠡ᠃ ᠬᠠᠲᠤᠨ ᠭᠤᠤᠯ ᠤᠨ ᠭᠡᠷᠡᠯᠲᠦ  ᠰᠤᠪᠤᠳ ᠤᠨ ᠬᠤᠲᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠦᠵᠡᠰᠬᠦᠯᠡᠩᠲᠦ ᠰᠠᠶᠢᠬᠠᠨ ᠡᠶ᠎ᠡ  ᠵᠣᠬᠢᠴᠠᠯ ᠲᠠᠢ ᠬᠠᠶᠢᠷᠤᠪ ᠤᠨ ᠲᠤᠬᠤᠢ ᠶᠢᠨ ᠬᠤᠲᠠ ᠶᠢᠨ ᠨᠠᠷᠠᠲᠤ ᠲᠡᠮᠳᠡᠭᠲᠦ ᠶᠢ ᠬᠦᠴᠦᠯᠡᠨ ᠪᠣᠶ ᠪᠣᠯᠭᠠᠨ᠎ᠠ᠃  ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠶᠢ ᠦᠷᠭᠦᠯᠵᠢᠯᠡᠨ  ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠬᠥᠭᠵᠢᠯᠲᠡ ᠶᠢᠨ ᠪᠠᠶᠢᠷᠢᠰᠢᠯ ᠢ ᠤᠯᠠᠮ ᠨᠢᠭᠡ ᠠᠯᠬᠤᠮ  ᠰᠢᠯᠢᠳᠡᠭᠵᠢᠭᠦᠯᠦᠨ᠂ ᠬᠤᠳᠠ ᠬᠥᠳᠡᠭᠡ ᠶᠢᠨ ᠴᠢᠳᠠᠮᠵᠢ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠬᠤᠳᠠ ᠶᠢᠨ  ᠬᠠᠮᠢᠶᠠᠷᠤᠯᠲᠠ ᠶᠢ ᠨᠠᠷᠢᠯᠢᠬᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠭᠠᠵᠠᠷ ᠣᠷᠣᠨ ᠤ ᠳᠠᠭᠠᠭᠠᠬᠤ  ᠴᠢᠳᠠᠪᠤᠷᠢ ᠶᠢ ᠲᠦᠷᠭᠡᠪᠴᠢᠯᠡᠨ ᠳᠡᠭᠡᠭᠰᠢᠯᠡᠭᠦᠯᠦᠨ᠎ᠡ᠃ ᠬᠤᠳᠠ ᠶᠢᠨ ᠰᠢᠨᠡᠴᠢᠯᠡᠯᠲᠡ ᠶᠢᠨ ᠭᠤᠷᠪᠠᠨ ᠵᠢᠯ ᠤᠨ  ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠬᠤᠳᠠ ᠶᠢᠨ ᠰᠣᠶᠣᠯ ᠤᠨ ᠠᠭᠤᠯᠬᠤᠨ ᠢ ᠵᠤᠵᠠᠭᠠᠳᠬᠠᠵᠤ᠂ ᠬᠤᠳᠠ ᠶᠢᠨ  ᠵᠣᠷᠢᠭ ᠰᠠᠨᠠᠭ᠎ᠠ ᠶᠢ ᠬᠠᠳᠠᠭᠠᠯᠠᠵᠤ᠂ ᠬᠤᠳᠠ ᠶᠢᠨ ᠴᠢᠨᠠᠷ ᠴᠢᠨᠰᠠᠭ᠎ᠠ ᠪᠠ ᠥᠷᠢᠰᠥᠯᠳᠦᠬᠦ ᠬᠦᠴᠦᠨ ᠢ  ᠳᠡᠭᠡᠭᠰᠢᠯᠡᠭᠦᠯᠦᠨ᠎ᠡ᠃        — ᠲᠥᠪ ᠶᠣᠰᠣ ᠶᠢ ᠰᠠᠬᠢᠵᠤ ᠰᠢᠨ᠎ᠡ ᠶᠢ ᠡᠭᠦᠳᠴᠦ ᠦᠢᠯᠡᠴᠢᠯᠡᠭᠡ ᠶᠢ ᠰᠢᠯᠢᠳᠡᠭᠵᠢᠭᠦᠯᠬᠦ ᠵᠠᠮ ᠢᠶᠠᠷ  ᠭᠤᠶᠢᠪᠢᠰᠢ ᠦᠭᠡᠢ ᠵᠠᠮᠨᠠᠵᠤ᠂ ᠬᠥᠭᠵᠢᠯᠲᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ ᠵᠠᠰᠠᠭ ᠤᠨ  ᠣᠷᠳᠣᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠬᠠᠤᠯᠢ  ᠶᠣᠰᠣᠭᠠᠷ ᠵᠠᠰᠠᠭ ᠶᠠᠪᠤᠭᠤᠯᠬᠤ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂  ᠡᠷᠬᠡ ᠶᠢᠨ ︽ᠬᠦᠷᠢᠶ᠎ᠡ ᠬᠠᠰᠢᠶ᠎ᠠ︾᠎ ᠶᠢ ᠦᠷᠭᠦᠯᠵᠢᠯᠡᠨ ᠴᠢᠩᠭ᠎ᠠ ᠨᠢᠭᠲᠠ ᠰᠦᠯᠵᠢᠵᠦ᠂ ᠵᠠᠰᠠᠭ ᠤᠨ ᠣᠷᠳᠣᠨ ᠤ  ᠵᠠᠰᠠᠭ ᠵᠠᠬᠢᠷᠭᠠᠨ ᠤ ᠦᠷ᠎ᠡ ᠪᠦᠲᠦᠮᠵᠢ ᠪᠠ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠢᠯᠡᠳᠲᠡ  ᠳᠡᠭᠡᠭᠰᠢᠯᠡᠭᠦᠯᠦᠨ᠎ᠡ᠃ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ  ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠨᠡᠩ ᠰᠠᠶᠢᠲᠤᠷ ᠬᠥᠭᠵᠢᠭᠡᠵᠦ᠂ ᠥᠮᠴᠢᠯᠡᠯ ᠤᠨ  ᠡᠷᠬᠡ ᠶᠢᠨ ᠳᠦᠷᠢᠮ ᠤᠨ ᠥᠭᠡᠷᠡᠴᠢᠯᠡᠯᠲᠡ ᠪᠣᠯᠤᠨ ᠴᠢᠬᠤᠯᠠ ᠡᠯᠧᠮᠧᠨ᠋ᠲ ᠤᠨ ᠵᠠᠬ᠎ᠠ ᠳᠡᠯᠭᠡᠭᠦᠷᠴᠢᠯᠡᠨ ᠳᠤᠬᠢᠷᠠᠭᠤᠯᠬᠤ  ᠥᠭᠡᠷᠡᠴᠢᠯᠡᠯᠲᠡ ᠶᠢ ᠴᠢᠬᠤᠯᠠ ᠶᠡᠭᠡ ᠠᠬᠢᠴᠠ ᠲᠠᠢ ᠪᠣᠯᠭᠠᠵᠤ᠂ ᠡᠷᠬᠡ ᠲᠡᠭᠰᠢ ᠪᠠᠷ ᠦᠷᠢᠰᠦᠯᠳᠦᠬᠦ ᠳᠦᠷᠢᠮ ᠢ ᠨᠡᠩ  ᠪᠦᠷᠢᠨᠰᠢᠬᠦᠯᠦᠨ᠎ᠠ᠃      — ᠠᠷᠠᠳ ᠤᠨ ᠠᠮᠢᠳᠤᠷᠠᠯ ᠢᠶᠠᠷ ᠦᠨᠳᠦᠰᠦ ᠪᠣᠯᠭᠠᠬᠤ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠵᠠᠮ ᠢᠶᠠᠷ  ᠭᠤᠶᠢᠪᠢᠰᠢ ᠦᠭᠡᠢ ᠵᠠᠮᠨᠠᠵᠤ᠂ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠦᠨ᠎ᠡ᠃ ᠵᠣᠯ ᠵᠢᠷᠭᠠᠯᠲᠤ ᠰᠠᠶᠢᠨ  ᠰᠠᠶᠢᠬᠠᠨ ᠠᠮᠢᠳᠤᠷᠠᠯ ᠢ ᠲᠦᠷᠭᠡᠨ ᠴᠣᠭᠴᠠᠯᠠᠵᠤ᠂ ᠨᠡᠩ ᠴᠢᠨᠠᠷ ᠰᠠᠶᠢᠲᠠᠢ ᠠᠵᠢᠯ ᠣᠯᠭᠤᠯᠲᠠ ᠦᠢᠯᠡᠰ ᠪᠤᠰᠬᠠᠬᠤ ᠶᠢ  ᠠᠬᠢᠭᠤᠯᠵᠤ᠂ ᠰᠤᠷᠭᠠᠨ ᠬᠥᠮᠦᠵᠢᠯ ᠤᠨ ᠦᠢᠯᠡᠰ ᠢ ᠤᠷᠢᠳᠠᠪᠠᠷ ᠬᠥᠭᠵᠢᠭᠦᠯᠵᠦ᠂ ᠤᠯᠠᠨ ᠨᠡᠶᠢᠲᠡ ᠶᠢᠨ ᠡᠷᠡᠭᠦᠯ  ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠨᠡᠶᠢᠭᠡᠮ ᠤᠨ ᠪᠠᠲᠤᠯᠠᠪᠤᠷᠢ ᠶᠢᠨ  ᠰᠢᠰᠲ᠋ᠧᠮ ᠢ ᠲᠠᠰᠤᠷᠠᠯᠳᠡ ᠦᠭᠡᠢ ᠪᠦᠷᠢᠨᠰᠢᠬᠦᠯᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ  ᠰᠢᠰᠲ᠋ᠧᠮ ᠢ ᠲᠦᠷᠭᠡᠨ ᠲᠡᠭᠦᠯᠳᠡᠷᠵᠢᠭᠦᠯᠵᠦ᠂ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠵᠦ᠂ ᠠᠷᠠᠳ  ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠡ  ᠦᠭᠡᠢ ᠳᠡᠭᠡᠭᠰᠢᠯᠡᠭᠦᠯᠦᠨ᠎ᠡ᠃            — ᠤᠨᠢᠨ ᠳᠡᠭᠡᠷ᠎ᠡ ᠨᠢ ᠵᠠᠰᠠᠬᠤ ᠳᠥᠭᠦᠮ ᠳᠥᠲᠡ ᠥᠨᠳᠥᠷ ᠪᠦᠲᠦᠮᠵᠢᠲᠡᠢ ᠵᠠᠮ ᠢᠶᠠᠷ ᠡᠷᠡᠰ ᠭᠤᠶᠢᠪᠢᠰᠢ  ᠦᠭᠡᠢ ᠵᠠᠮᠨᠠᠵᠤ᠂ ᠨᠡᠶᠢᠭᠡᠮ ᠤᠨ ᠡᠶ᠎ᠡ ᠵᠣᠬᠢᠴᠠᠯ ᠢ ᠬᠠᠮᠠᠭᠠᠯᠠᠨ᠎ᠠ᠃ ᠨᠡᠶᠢᠭᠡᠮ ᠵᠢᠷᠤᠮ ᠤᠨ ᠠᠷᠠᠳᠴᠢᠯᠠᠯ ᠪᠠ  ᠬᠠᠤᠯᠢ ᠪᠠᠷ ᠵᠠᠰᠠᠬᠤ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ  ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠲᠤ ᠪᠠᠬᠢ ᠪᠤᠢ ᠪᠣᠯᠭᠠᠵᠤ᠂ ᠵᠢᠱᠢᠶᠡᠴᠢ ᠥᠪᠡᠷᠲᠡᠭᠡᠨ ᠵᠠᠰᠠᠬᠤ  ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠬᠠᠮᠠᠭᠠᠯᠠᠨ᠎ᠠ᠃ ᠨᠡᠶᠢᠭᠡᠮ ᠤᠨ ᠵᠠᠰᠠᠯᠲᠠ ᠶᠢᠨ ᠰᠢᠰᠲ᠋ᠧᠮ  ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠠᠶᠢᠭᠤᠯᠤᠯᠲᠠ ᠶᠢ ᠭᠦᠨᠵᠡᠭᠡᠶ ᠥᠷᠨᠢᠭᠦᠯᠵᠦ᠂ ᠬᠠᠮᠲᠤ ᠪᠠᠷ  ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠪᠠᠷ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ ᠢ  ᠥᠷᠭᠡᠳᠬᠡᠨ᠎ᠡ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠭᠤᠯᠤᠯ ᠲᠣᠭᠲᠠᠴᠠ ᠶᠢ  ᠲᠦᠷᠭᠡᠪᠴᠢᠯᠡᠨ ᠲᠡᠭᠦᠯᠳᠡᠷᠵᠢᠭᠦᠯᠵᠦ᠂ ᠭᠡᠨᠡᠳᠲᠡ ᠡᠭᠦᠰᠬᠦ ᠤᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ  ᠠᠷᠭᠠᠴᠠᠬᠤ ᠴᠢᠳᠠᠪᠤᠷᠢ ᠪᠠ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠬᠢᠷᠢ ᠲᠦᠪᠰᠢᠨ ᠢ ᠦᠷᠭᠦᠯᠵᠢᠯᠡᠨ  ᠴᠢᠩᠭᠠᠷᠠᠭᠤᠯᠤᠨ᠎ᠠ᠃              ᠭᠤᠷᠪᠠ᠂ 2022 ᠣᠨ ᠤ ᠠᠵᠢᠯ ᠤᠨ ᠲᠤᠬᠢᠷᠠᠭᠤᠯᠤᠯᠳᠠ          2022 ᠣᠨ ᠪᠣᠯ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ  ᠭᠦᠢᠴᠡᠳᠬᠡᠬᠦ ᠶᠢᠨ ᠡᠬᠢᠯᠡᠯᠲᠡ ᠶᠢᠨ ᠵᠢᠯ ᠮᠥᠨ᠂ ᠰᠠᠶᠢᠨ ᠡᠬᠢᠯᠡᠯᠲᠡ ᠲᠠᠢ ᠪᠣᠯᠭᠠᠬᠤ ᠨᠢ ᠴᠢᠬᠤᠯᠠ ᠶᠡᠭᠡ ᠠᠴᠢ  ᠬᠤᠯᠪᠣᠭᠳᠠᠯ ᠲᠠᠢ ᠶᠤᠮ᠃ ᠪᠦᠬᠦ ᠵᠢᠯ ᠤᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ  ᠦᠢᠯᠡᠳᠪᠦᠷᠢᠯᠡᠯ ᠤᠨ ᠪᠦᠬᠦ ᠦᠷᠳᠡᠭ ᠢ 6%᠎ ᠪᠠᠷ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠨᠡᠮᠡᠭᠳᠡᠯ ᠦᠷᠳᠡᠭ ᠢ 5%᠎ ᠪᠠᠷ ᠨᠡᠮᠡᠭᠳᠡᠭᠦᠯᠦᠨ᠎ᠡ︔ ᠲᠣᠭᠲᠠᠮᠠᠯ ᠬᠦᠷᠦᠩᠭᠡ ᠶᠢᠨ ᠪᠡᠯᠡ  ᠣᠷᠣᠭᠤᠯᠤᠯᠲᠠ ᠶᠢ 10%᠎ ᠪᠠᠷ ᠨᠡᠮᠡᠭᠳᠡᠭᠦᠯᠦᠨ᠎ᠡ︔ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ  5%᠎ ᠪᠠᠷ ᠨᠡᠮᠡᠭᠳᠡᠭᠦᠯᠦᠨ᠎ᠡ︔ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ  5%᠎ ᠪᠠᠷ ᠨᠡᠮᠡᠭᠳᠡᠭᠦᠯᠦᠨ᠎ᠡ︔ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ ᠶᠢᠨ  ᠨᠡᠮᠡᠭᠳᠡᠯ ᠢ ᠠᠵᠤ ᠠᠬᠤᠶ ᠨᠡᠶᠢᠭᠡᠮ ᠤᠨ ᠬᠥᠭᠵᠢᠯᠲᠡ ᠯᠦᠭᠡ ᠠᠳᠠᠯᠢ ᠠᠯᠬᠤᠮ ᠲᠠᠢ ᠪᠠᠶᠢᠯᠭᠠᠨ᠎ᠠ︔ ᠬᠤᠲᠠ  ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ᠂ ᠡᠨᠧᠷᠭᠢ ᠶᠢᠨ ᠬᠤᠷᠣᠭᠳᠠᠯ ᠤᠨ ᠬᠤᠤᠰ  ᠡᠵᠡᠮᠳᠡᠯ ᠵᠡᠷᠭᠡ ᠣᠨ ᠤ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠦᠨ᠎ᠡ᠃            ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠲᠣᠭᠲᠠᠭᠤᠨ ᠢ ᠲᠡᠷᠢᠭᠦᠨ ᠳᠤ ᠲᠠᠯᠪᠢᠬᠤ᠂  ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠵᠤ᠂ ᠭᠤᠣᠯ ᠰᠡᠳᠦᠪ ᠭᠤᠣᠯ ᠱᠤᠭᠤᠮ ᠢ ᠪᠠᠷᠢᠮᠲᠠᠯᠠᠵᠤ᠂  ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠤ᠂ ᠬᠥᠭᠵᠢᠯᠲᠡ ᠪᠣᠯᠤᠨ ᠠᠮᠤᠷ ᠲᠦᠪᠰᠢᠨ ᠢ  ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ  ᠱᠤᠭᠤᠮ ᠢ ᠪᠠᠬᠢᠵᠢᠭᠦᠯᠵᠦ᠂ ᠬᠠᠮᠲᠤᠪᠠᠷ ᠴᠢᠨᠡᠭᠡᠯᠢᠭᠵᠢᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠠᠮᠢ ᠠᠬᠤᠢ ᠶᠢ  ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ  ᠬᠥᠭᠵᠢᠯᠲᠡ ᠶᠢᠨ ᠵᠠᠮ ᠢ ᠶᠠᠪᠤᠬᠤ ᠳᠤᠳᠤᠮ ᠥᠷᠭᠡᠳᠬᠡᠬᠦ ᠬᠡᠷᠡᠭᠲᠡᠢ᠃ ᠳᠣᠣᠷᠠᠬᠢ ᠲᠦᠷᠪᠡᠨ ᠲᠠᠯ᠎ᠠ ᠶᠢᠨ ᠠᠵᠢᠯ ᠢ  ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠶ᠃            ︵ᠨᠢᠭᠡ︶ ᠥᠨᠳᠥᠷ ᠬᠢᠷᠢ ᠲᠦᠪᠰᠢᠨ ᠪᠥᠬᠦᠶ ᠬᠠᠮᠠᠭᠠᠯᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ  ᠠᠬᠤᠶ ᠶᠢᠨ ᠬᠠᠯᠬᠠᠪᠴᠢ ᠶᠢᠨ ᠰᠢᠨ᠎ᠡ ᠥᠨᠳᠦᠷᠯᠢᠭ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃              ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ ᠭᠦᠨᠵᠡᠭᠡᠶ ᠲᠤᠤᠱᠯᠠᠭᠤᠯᠤᠨ᠎ᠠ᠃ ᠬᠠᠲᠤᠨ ᠭᠤᠤᠯ ᠤᠨ  ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶ ᠰᠠᠶᠢᠲᠤᠷ  ᠠᠳᠬᠤᠵᠤ᠂ ᠬᠠᠲᠤᠨ ᠭᠤᠤᠯ ᠤᠨ ᠬᠠᠶᠢᠷᠤᠪ ᠤᠨ ᠲᠤᠬᠤᠢ ᠶᠢᠨ ᠬᠡᠰᠡᠭ ᠤᠨ ᠠᠮᠢ ᠠᠬᠤᠶ ᠶᠢᠨ ᠪᠥᠲᠥᠭᠡᠨ  ᠪᠠᠶᠢᠭᠤᠯᠤᠯᠲᠠ ᠶᠢ ᠭᠦᠨᠵᠡᠭᠡᠶ ᠠᠬᠢᠭᠤᠯᠤᠨ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠸᠠᠨ ᠲᠧᠩ ᠴᠠ  ᠭᠠᠨ ᠭᠧᠦ ᠶᠢᠨ ᠠᠮᠢ ᠠᠬᠤᠶ ᠶᠢᠨ ᠵᠠᠰᠠᠯᠲᠠ ᠰᠡᠷᠭᠦᠭᠡᠯᠲᠡ ᠶᠢ ᠲᠦᠷᠭᠡᠳᠬᠡᠵᠦ᠂ ᠬᠤᠶᠢᠲᠤ ᠮᠥᠸᠧ ᠡᠯ ᠭᠧᠦ ᠶᠢᠨ  ᠭᠤᠤᠯ ᠤᠨ ᠵᠠᠮ ᠤᠨ ᠵᠠᠰᠠᠯᠲᠠ ᠵᠡᠷᠭᠡ ᠢᠨᠵᠧᠨᠧᠷᠢᠩ ᠢ ᠪᠡᠶᠡᠯᠡᠭᠦᠯᠦᠨ᠎ᠡ᠃ ᠡᠨᠧᠷᠭᠢ ᠶᠢᠨ ᠬᠤᠷᠣᠭᠳᠠᠭᠤᠯᠤᠯ ᠤᠨ  ᠬᠤᠶᠠᠷ ᠢ ᠬᠢᠵᠠᠭᠠᠷᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠨᠧᠷᠭᠢ ᠶᠢᠨ ᠬᠤᠷᠣᠭᠳᠠᠭᠤᠯᠤᠯ  ᠶᠡᠬᠡᠲᠡᠶ ᠵᠦᠢᠯᠡᠰ ᠤᠨ ᠰᠣᠬᠤᠷ ᠪᠠᠯᠠᠶ ᠪᠠᠷ ᠬᠥᠭᠵᠢᠬᠦ ᠶᠢ ᠡᠷᠡᠰ ᠬᠤᠷᠢᠭᠯᠠᠵᠤ᠂ ᠡᠨᠧᠷᠭᠢ ᠶᠢᠨ ᠬᠤᠷᠣᠭᠳᠠᠭᠤᠯᠤᠯ  ᠶᠡᠬᠡᠲᠡᠶ ᠵᠦᠢᠯᠡᠰ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠡᠨᠧᠷᠭᠢ ᠶᠢᠨ ᠬᠤᠷᠣᠭᠳᠠᠭᠤᠯᠤᠯ ᠶᠡᠬᠡᠲᠡᠶ  ᠵᠦᠢᠯᠡᠰ ᠤᠨ ᠬᠠᠮᠢᠶᠠᠷᠤᠯᠲᠠ ᠪᠠ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠨᠢᠭᠡᠴᠢ ᠶᠢᠨ ᠰᠦᠯᠵᠢᠶᠡᠨ ᠳᠡᠭᠡᠷᠡᠬᠢ  ᠬᠢᠨᠠᠨ ᠬᠡᠮᠵᠢᠯᠲᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠡᠬᠢ ᠪᠠᠶᠠᠯᠢᠭ ᠢ ᠠᠷᠪᠢᠯᠠᠬᠤ᠂ ᠡᠷᠴᠢᠮᠵᠢᠭᠦᠯᠬᠦ᠂  ᠣᠷᠴᠢᠯᠳᠤᠭᠤᠯᠤᠨ ᠠᠰᠢᠭᠯᠠᠬᠤ ᠶᠢ ᠲᠦᠯᠬᠢᠨ ᠠᠬᠢᠭᠤᠯᠵᠤ᠂ ᠤᠯᠤᠰ ᠤᠨ ︽ᠬᠠᠶᠠᠭᠳᠠᠮᠠᠯ ᠪᠣᠳᠠᠰ ᠦᠭᠡᠢ ᠬᠤᠳᠠ︾ ᠎ ᠶᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠨᠤᠨᠲᠠᠭ ᠨᠡᠭᠦᠷᠡᠰᠦᠨ ᠤ ᠦᠨᠡᠰᠦ ᠵᠡᠷᠭᠡ ᠬᠠᠲᠠᠭᠤ ᠪᠡᠶᠡᠲᠦ  ᠬᠠᠶᠠᠭᠳᠠᠮᠠᠯ ᠪᠣᠳᠠᠰ ᠢ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠣᠬᠢᠷᠲᠤᠯ ᠥᠬᠡᠶ ᠪᠠᠷᠢᠯᠭ᠎ᠠ ᠶᠢ ᠶᠡᠬᠡᠪᠡᠷ  ᠬᠥᠭᠵᠢᠭᠦᠯᠵᠦ᠂ ᠪᠣᠬᠢᠷᠲᠤᠯ ᠥᠬᠡᠶ ᠵᠠᠮ ᠬᠠᠷᠢᠯᠴᠠᠭᠠᠨ ᠤ ᠰᠢᠰᠲ᠋ᠧᠮᠵᠢ ᠶᠢ ᠢᠳᠡᠪᠬᠢᠲᠡᠶ ᠪᠠᠷ ᠪᠣᠶ ᠪᠣᠯᠭᠠᠵᠤ᠂  ᠪᠣᠬᠢᠷᠲᠤᠯ ᠥᠬᠡᠶ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠣᠷᠴᠢᠨ ᠲᠣᠭᠤᠷᠢᠨ ᠢ ᠬᠠᠮᠠᠭᠠᠯᠠᠬᠤ  ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃      ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠤᠡᠪᠤᠷᠢᠯᠡᠬᠦ ᠲᠠᠶᠢᠨ ᠢ ᠭᠦᠨᠵᠡᠭᠡᠶ ᠰᠠᠶᠢᠲᠤᠷ ᠬᠢᠨ᠎ᠠ᠃  ᠰᠢᠰᠲ᠋ᠧᠮ ᠲᠠᠢ ᠪᠠᠷ ᠵᠠᠰᠠᠬᠤ᠂ ᠪᠦᠬᠦ ᠲᠠᠯ᠎ᠠ ᠪᠠᠷ ᠵᠠᠰᠠᠬᠤ᠂ ᠲᠦᠢᠯᠪᠤᠷᠢᠲᠠᠶ ᠵᠠᠰᠠᠬᠤ ᠶᠢ ᠪᠠᠷᠢᠮᠲᠠᠯᠠᠵᠤ᠂ ᠦᠬᠠᠶ  ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠬᠠᠮᠲᠤᠷᠠᠨ ᠰᠡᠷᠭᠡᠶᠢᠯᠡᠵᠦ  ᠬᠠᠮᠲᠤᠷᠠᠨ ᠡᠵᠡᠮᠳᠡᠵᠦ ᠬᠠᠮᠲᠤᠷᠠᠨ ᠵᠠᠰᠠᠬᠤ ᠶᠢ ᠰᠠᠶᠢᠲᠤᠷ ᠠᠳᠬᠤᠵᠤ᠂ ︽ᠳᠤᠯᠤᠭ᠎ᠠ ᠶᠢ ᠵᠠᠰᠠᠬᠤ︾  ᠡᠯ᠎ᠡ  ᠵᠦᠢᠯ ᠤᠨ ᠡᠭᠦᠷᠭᠡ ᠶᠢ ᠪᠠᠬᠢᠵᠢᠭᠦᠯᠦᠨ ᠭᠦᠨᠵᠡᠭᠡᠶᠢᠷᠡᠭᠦᠯᠦᠨ᠎ᠡ᠃ ᠠᠭᠠᠷ ᠮᠠᠨᠳᠠᠯ ᠤᠨ ᠪᠣᠬᠢᠷᠲᠤᠯ ᠪᠣᠳᠠᠰ ᠤᠨ  ᠣᠨᠴᠠᠭᠠᠶ ᠭᠠᠳᠠᠭᠰᠢᠯᠠᠭᠤᠯᠤᠯᠲᠠ ᠶᠢᠨ ᠬᠢᠵᠠᠭᠠᠷ ᠬᠡᠮᠵᠢᠭᠳᠡᠯ ᠢ ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠵᠦ᠂ ᠠᠭᠠᠷ  ᠮᠠᠨᠳᠠᠯ ᠤᠨ ᠪᠣᠬᠢᠷᠲᠤᠯ ᠢ ᠵᠠᠰᠠᠬᠤ 16 ᠵᠦᠢᠯᠡᠰ ᠢ ᠲᠦᠷᠭᠡᠪᠴᠢᠯᠡᠨ ᠬᠡᠷᠡᠭᠵᠢᠭᠦᠯᠵᠦ᠂ ︽ᠲᠠᠷᠠᠬᠠᠶ ᠪᠤᠲᠠᠷᠬᠠᠶ ᠡᠮᠬᠢ  ᠵᠠᠮᠪᠠᠷᠠᠭ᠎ᠠ ᠦᠭᠡᠢ ᠪᠣᠬᠢᠷᠲᠤᠯ ᠲᠠᠢ︾ ᠠᠵᠤ ᠠᠬᠤᠶᠢᠯᠠᠯ ᠢ ᠬᠦᠴᠦᠲᠡᠶ ᠴᠡᠭᠴᠡᠯᠡᠨ ᠵᠠᠰᠠᠵᠤ᠂ ᠬᠦᠨᠳᠦ  ᠪᠣᠬᠢᠷᠲᠤᠯ ᠲᠠᠢ ᠴᠠᠭ ᠠᠭᠤᠷ ᠢ ᠴᠢᠷᠮᠠᠶᠢᠨ ᠠᠷᠢᠯᠭᠠᠪᠠ᠃ ︽ᠲᠦᠷᠪᠡᠨ ᠤᠰᠤ ᠪᠠᠷ ᠲᠦᠷᠪᠡ ᠶᠢ ᠲᠣᠭᠲᠠᠭᠠᠬᠤ︾  ᠵᠠᠷᠴᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠤᠰᠤ ᠶᠢ ᠭᠦᠨ ᠠᠷᠪᠢᠯᠠᠵᠤ ᠤᠰᠤ ᠶᠢ ᠬᠢᠵᠠᠭᠠᠷᠯᠠᠬᠤ ᠠᠵᠢᠯᠯᠠᠭ᠎ᠠ ᠶᠢ  ᠬᠡᠷᠡᠭᠵᠢᠭᠦᠯᠵᠦ᠂ ᠬᠠᠳᠤᠨ ᠭᠤᠣᠯ ᠤᠨ ᠤᠰᠤ ᠶᠢ ᠲᠣᠭᠲᠠᠭᠠᠯ ᠠᠴᠠ ᠵᠥᠷᠢᠴᠡᠨ ᠲᠠᠲᠠᠵᠤ ᠬᠡᠷᠡᠭᠯᠡᠬᠦ᠂ ᠭᠠᠵᠠᠷ  ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠪᠠ ᠤᠰᠤ ᠶᠡᠭᠡ ᠬᠤᠷᠣᠭᠳᠠᠭᠤᠯᠬᠤ ᠠᠵᠢᠯ ᠲᠦᠷᠦᠯ ᠤᠨ  ᠬᠥᠭᠵᠢᠯᠲᠡ ᠶᠢ ᠴᠢᠩᠭ᠎ᠠ ᠬᠢᠵᠠᠭᠠᠷᠯᠠᠨ᠎ᠠ︔ ᠤᠰᠤᠨ ᠤ ᠡᠬᠢ ᠰᠤᠷᠪᠤᠯᠵᠢ ᠶᠢᠨ ᠣᠷᠣᠨ ᠤ ᠵᠢᠷᠤᠮᠵᠢᠭᠰᠠᠨ  ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠭ ᠨᠣᠪᠰᠢ ᠪᠤᠯᠠᠬᠤ ᠲᠠᠯᠠᠪᠠᠶ ᠶᠢᠨ ᠰᠢᠮᠡᠳᠦᠨ ᠱᠦᠭᠦᠬᠦ  ᠰᠢᠩᠭᠡᠨ ᠢ ᠰᠢᠢᠤᠡᠪᠤᠷᠢᠯᠡᠬᠦ ᠥᠷᠲᠡᠭᠡ ᠶᠢ ᠪᠠᠶᠢᠭᠤᠯᠤᠨ᠂ ᠤᠰᠤᠨ ᠤ ᠠᠮᠢ ᠠᠬᠤᠶ ᠂ ᠤᠰᠤᠨ ᠤ ᠣᠷᠴᠢᠨ  ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠤᠨ᠎ᠠ᠃ ᠭᠤᠣᠯᠳᠠᠯᠭ᠎ᠠ ᠲᠠᠢ ᠠᠵᠢᠯ ᠲᠦᠷᠦᠯ ᠤᠨ ᠬᠥᠷᠥᠰᠥ ᠰᠢᠷᠣᠶ ᠶᠢᠨ  ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠬᠥᠷᠥᠰᠥ ᠰᠢᠷᠣᠶ ᠶᠢᠨ ᠣᠷᠴᠢᠨ ᠡᠯ᠎ᠡ ᠱᠠᠲᠤᠨ ᠤ  ᠠᠮᠢ ᠠᠬᠤᠶ ᠶᠢᠨ ᠣᠷᠴᠢᠨ ᠨᠥᠬᠦᠴᠡᠯ ᠤᠨ ᠰᠢᠪᠠᠳᠠᠨ ᠪᠠᠶᠢᠴᠠᠭᠠᠯᠲᠠ ᠶᠢᠨ ᠠᠰᠠᠭᠤᠳᠠᠯ ᠢ ᠴᠡᠭᠴᠡᠯᠡᠨ  ᠰᠠᠶᠢᠵᠢᠷᠠᠭᠤᠯᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ  ᠨᠣᠮᠧᠷ ᠢ ᠨᠢ ᠬᠦᠴᠦᠨ ᠦᠭᠡᠢ ᠪᠣᠯᠭᠠᠬᠤ ᠶᠢ ᠦᠨᠡᠨ ᠬᠦ ᠪᠠᠲᠤᠯᠠᠵᠤ᠂ ᠯᠠᠪᠳᠠᠭᠤᠨ ᠪᠠᠲᠤᠲᠠᠶ ᠦᠷ᠎ᠡ ᠪᠦᠲᠦᠮᠵᠢ ᠪᠠᠷ  ᠰᠢᠨ᠎ᠡ ᠨᠢᠭᠡᠨ ᠡᠭᠡᠯᠵᠢ ᠶᠢᠨ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢ  ᠤᠭᠳᠤᠨ᠎ᠠ᠃           ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠨᠥᠬᠦᠴᠡᠯ ᠤᠨ ᠵᠠᠰᠠᠯᠲᠠ ᠶᠢ ᠠᠭᠤᠷᠬᠠᠶ ᠶᠢᠨ ᠣᠷᠣᠨ ᠢ  ᠴᠡᠭᠴᠡᠯᠡᠨ ᠵᠠᠰᠠᠬᠤ ᠪᠠᠷ ᠭᠤᠤᠯ ᠲᠡᠶᠢᠨ ᠤ ᠲᠠᠯᠠᠪᠤᠷ ᠪᠣᠯᠭᠠᠵᠤ᠂ ᠠᠭᠤᠷᠬᠠᠶ ᠶᠢᠨ ᠡᠷᠬᠡ ᠶᠢ ᠡᠮᠬᠢᠯᠡᠨ ᠨᠡᠶᠢᠯᠡᠭᠦᠯᠬᠦ ᠪᠠᠷ  ᠵᠠᠩᠭᠢᠯᠠᠭ᠎ᠠ ᠶᠢᠨ ᠴᠡᠭ ᠪᠣᠯᠭᠠᠨ᠂ ᠠᠭᠤᠷᠬᠠᠶ ᠶᠢᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ ᠪᠠᠷ  ᠬᠥᠰᠢᠶ᠎ᠡ ᠲᠡᠮᠳᠡᠭ ᠪᠣᠯᠭᠠᠬᠤ ᠶᠢ ᠪᠠᠷᠢᠮᠲᠠᠯᠠᠨ᠎ᠠ᠃ ᠠᠭᠤᠷᠬᠠᠶ ᠶᠢᠨ ᠤᠶᠢᠯᠡᠰ ᠤᠨ ᠡᠷᠬᠡ ᠶᠢ ᠡᠮᠬᠢᠯᠡᠨ ᠨᠡᠶᠢᠯᠡᠭᠦᠯᠬᠦ  ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠵᠤ᠂ ᠪᠣᠬᠢᠷᠲᠤᠯ ᠥᠬᠡᠶ ᠠᠭᠤᠷᠬᠠᠶ ᠶᠢ  ᠡᠭᠦᠳᠦᠨ ᠪᠠᠶᠢᠭᠤᠯᠬᠤ ᠠᠯᠬᠤᠴᠠ ᠶᠢ ᠦᠨᠡᠨᠬᠦ ᠲᠦᠷᠭᠡᠳᠬᠡᠨ᠎ᠡ᠃ ᠬᠤᠲᠠ ᠶᠢᠨ ᠲᠣᠭᠤᠷᠢᠭ ᠤᠨ ᠨᠢᠭᠡ ᠲᠠᠯ᠎ᠠ ᠳᠤ ︽  ᠮᠠᠯᠲᠠᠬᠤ ᠶᠢ ᠴᠠᠭᠠᠵᠠᠯᠠᠬᠤ ᠤᠯᠠᠭᠠᠨ ᠱᠤᠭᠤᠮ︾᠎ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂  ᠬᠤᠲᠠ ᠶᠢᠨ ︽ᠲᠩᠷᠢ ᠶᠢᠨ ᠬᠠᠶᠠᠭ᠎ᠠ︾᠎ ᠶᠢ ᠡᠷᠡᠰ ᠰᠠᠬᠢᠨ ᠬᠠᠮᠠᠭᠠᠯᠠᠨ᠎ᠠ᠃ 7 ᠦᠯᠡᠳᠡᠭᠳᠡᠯ ᠠᠭᠤᠷᠬᠠᠶ ᠶᠢ  ᠰᠡᠷᠭᠦᠭᠡᠨ ᠵᠠᠰᠠᠬᠤ ᠢᠨᠵᠧᠨᠧᠷᠢᠩ ᠢ ᠶᠡᠬᠡᠪᠡᠷ ᠳᠥᠯᠭᠢᠨ ᠠᠬᠢᠭᠤᠯᠵᠤ᠂ ᠲᠡᠮᠡᠭᠡᠨ ᠠᠭᠤᠯᠠ ᠶᠢᠨ ᠠᠭᠤᠷᠬᠠᠶ ᠶᠢᠨ  ᠣᠷᠣᠨ ᠤ ᠰᠢᠷᠣᠶ ᠭᠠᠳᠠᠭᠰᠢᠯᠠᠭᠤᠯᠬᠤ ᠲᠠᠯᠠᠪᠠᠶ ᠵᠡᠷᠭᠡ ᠵᠠᠯᠭᠠᠯᠳᠤᠭᠰᠠᠨ ᠵᠠᠰᠠᠯᠲᠠ ᠶᠢᠨ ᠲᠥᠷᠥᠯ‌ᠵᠤᠶᠢᠯ ᠢ  ᠲᠦᠷᠭᠡᠳᠬᠡᠨ ᠬᠡᠷᠡᠭᠵᠢᠭᠦᠯᠦᠨ᠎ᠡ᠃ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠶᠢ  ᠰᠠᠶᠢᠲᠤᠷ ᠠᠳᠬᠤᠵᠤ᠂ ᠨᠡᠭᠦᠷᠡᠰᠦ ᠤᠬᠢᠶᠠᠬᠤ ᠠᠵᠢᠯ ᠲᠦᠷᠦᠯ ᠢ ᠡᠮᠬᠢᠯᠡᠨ ᠨᠡᠶᠢᠯᠡᠭᠦᠯᠵᠦ ᠲᠡᠰ ᠳᠡᠪᠰᠢᠭᠦᠯᠬᠦ ᠶᠢ  ᠶᠡᠭᠡ ᠪᠠᠷ ᠲᠦᠯᠬᠢᠨ ᠠᠬᠢᠭᠤᠯᠵᠤ᠂ ᠨᠡᠭᠦᠷᠡᠰᠦᠨ ᠤ ᠤᠶᠤᠨᠲᠤ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ  ᠪᠦᠳᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠠᠭᠤᠷᠬᠠᠶ ᠶᠢᠨ ᠣᠷᠣᠨ ᠤ ᠵᠠᠮ ᠤᠨ ᠥᠭᠡᠷᠡᠴᠢᠯᠡᠯᠲᠡ ᠶᠢ  ᠲᠦᠷᠭᠡᠳᠬᠡᠵᠦ᠂ ᠠᠭᠤᠷᠬᠠᠶ ᠶᠢᠨ ᠣᠷᠣᠨ ᠤ ᠰᠢᠨ᠎ᠡ ᠡᠨᠧᠷᠭᠢ ᠶᠢᠨ ᠲᠡᠷᠭᠡ ᠬᠥᠰᠬᠡ᠂ ᠪᠢᠲᠡᠭᠦᠮᠵᠢᠯᠡᠭᠰᠡᠨ ᠮᠠᠶ᠋ᠢᠭ ᠤᠨ  ᠪᠦᠰᠡ᠂ ᠴᠢᠩᠭᠡᠯᠢᠭ ᠢᠶᠠᠷ ᠲᠡᠭᠡᠭᠡᠪᠦᠷᠢᠯᠡᠬᠦ ᠵᠡᠷᠭᠡ ᠪᠣᠬᠢᠷᠲᠤᠯ ᠥᠬᠡᠶ ᠲᠡᠭᠡᠭᠡᠪᠦᠷᠢ ᠶᠢᠨ ᠠᠷᠭ᠎ᠠ ᠮᠠᠶ᠋ᠢᠭ ᠢ  ᠢᠳᠡᠪᠬᠢᠲᠡᠶ ᠪᠠᠷ ᠳᠡᠯᠭᠡᠷᠡᠭᠦᠯᠦᠨ᠎ᠡ᠃           ︵ᠬᠤᠶᠠᠷ︶ ᠴᠢᠨᠠᠷ ᠰᠠᠶᠢᠲᠠᠶ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠤᠶᠢᠯᠡᠰ ᠤᠨ  ᠬᠡᠯᠪᠡᠷᠢ ᠪᠠᠨ ᠬᠤᠪᠢᠷᠠᠭᠤᠯᠬᠤ ᠰᠢᠨ᠎ᠡ ᠲᠤᠯᠭᠠᠭᠤᠷᠢᠯᠠᠯ ᠢ ᠬᠦᠴᠦᠯᠡᠨ ᠴᠣᠭᠴᠠᠯᠠᠨ᠎ᠠ᠃            ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠥᠲᠥᠯᠥᠨ ᠳᠠᠭᠠᠭᠤᠯᠬᠤ ᠦᠢᠯᠡᠳᠦᠯ ᠢ  ᠬᠦᠴᠦᠯᠡᠨ ︽ᠡᠭᠦᠯᠡᠨ ᠲᠤ ᠬᠡᠷᠡᠭᠯᠡᠬᠦ ᠲᠤᠭ᠎ᠠ ᠬᠡᠮᠵᠢᠶ᠎ᠡ ᠪᠠᠷ ᠤᠶᠤᠨ ᠤᠬᠠᠭᠠᠨ ᠣᠯᠭᠤᠬᠤ︾ ᠪᠠ ︽ᠰᠢᠨᠵᠢᠯᠡᠬᠦ  ᠤᠬᠠᠭᠠᠨ ᠮᠡᠷᠭᠡᠵᠢᠯ ᠢᠶᠠᠷ ᠦᠪᠤᠷ ᠮᠤᠩᠭᠤᠯ ᠢᠶᠠᠨ ᠬᠥᠭᠵᠢᠭᠦᠯᠬᠦ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂  ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠠᠬᠢᠯᠡᠯᠲᠡ ᠰᠢᠪᠲᠤᠯᠬᠤ ᠶᠢ ᠪᠥᠬᠦ ᠲᠠᠯ᠎ᠠ ᠪᠠᠷ ᠥᠷᠨᠢᠭᠦᠯᠦᠨ᠂ ᠳᠡᠭᠡᠳᠦ  ᠰᠢᠨ᠎ᠡ ᠮᠡᠷᠭᠡᠵᠢᠯ ᠟ ᠎ ᠤᠨ ᠠᠵᠤ ᠠᠬᠤᠶᠢᠯᠠᠯ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠮᠠᠶ᠋ᠢᠭ ᠤᠨ ᠳᠤᠮᠳᠠ  ᠵᠢᠵᠢᠭ ᠠᠵᠤ ᠠᠬᠤᠶᠢᠯᠠᠯ ᠟ ᠤᠨ ︽ᠬᠤᠶᠠᠷ ᠲᠠᠬᠢᠨ ᠢᠶᠠᠷ ᠨᠡᠮᠡᠭᠳᠡᠭᠦᠯᠬᠦ︾ ᠲᠥᠯᠥᠪᠯᠡᠭᠡ ᠶᠢ ᠲᠥᠯᠬᠢᠨ  ᠠᠬᠢᠭᠤᠯᠤᠨ᠎ᠠ᠃ ᠤᠯᠤᠰ ᠤᠨ ᠲᠠᠰ ᠤᠨ ᠣᠷᠣᠨ ᠪᠦᠰᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ  ᠡᠭᠦᠳᠬᠦ ᠲᠥᠪ ‍ᠤᠨ‌‍ᠰᠢᠨ᠎ᠡ ᠶᠢ ᠡᠭᠦᠳᠬᠦ ᠢ ᠴᠢᠷᠮᠠᠶᠢᠨ ᠠᠬᠢᠭᠤᠯᠵᠤ᠂ ᠤᠯᠤᠰ ᠤᠨ ᠲᠠᠰ ᠤᠨ ᠤᠰᠤᠲᠥ᠋ᠷᠥᠭᠴᠢ  ᠲᠡᠮᠦᠷᠯᠢᠭ ᠬᠠᠶᠢᠯᠤᠭᠤᠯᠬᠤ ᠰᠤᠳᠤᠯᠤᠨ ᠨᠡᠭᠡᠭᠡᠬᠦ ᠰᠠᠭᠤᠷᠢᠨ ᠭᠠᠵᠠᠷ ᠢ ᠢᠳᠡᠪᠬᠢᠲᠡᠶ ᠪᠠᠷ ᠪᠥᠲᠥᠭᠡᠨ ᠪᠠᠶᠢᠭᠤᠯᠵᠤ᠂  ᠳᠡᠭᠡᠳᠦ ᠴᠡᠪᠡᠷ ᠰᠢᠷᠡᠮᠦ ᠶᠢᠨ ᠬᠡᠷᠡᠭᠯᠡᠭᠡᠨ᠂ ᠰᠠᠯᠬᠢᠨ ᠬᠦᠴᠦᠨ ᠤ ᠮᠠᠰᠢᠨ ᠤᠶᠢᠯᠡᠤᠡᠬᠦ᠂ ᠬᠡᠷᠡᠯ ᠸᠣᠯᠲ ᠵᠡᠷᠭᠡ ᠢᠵᠢ  ᠪᠥᠷᠢᠳᠦᠭᠦᠯᠬᠦ ᠰᠤᠳᠤᠯᠤᠨ ᠨᠡᠭᠡᠭᠡᠬᠦ ᠲᠥᠪ ᠤᠨ ᠴᠤᠭᠯᠠᠷᠠᠯ ᠢ ᠲᠡᠳᠡᠨ ᠠᠪᠴᠢᠷᠠᠵᠤ᠂ ᠤᠰᠤᠲᠥ᠋ᠷᠥᠭᠴᠢ ᠲᠡᠮᠦᠷᠯᠢᠭ  ᠪᠣᠯᠪᠠᠰᠤᠷᠠᠭᠤᠯᠬᠤ ᠪᠠᠷ ᠭᠤᠤᠯ ᠪᠣᠯᠭᠠᠭᠰᠠᠨ ᠳᠡᠭᠡᠳᠦ ᠲᠠᠰ ᠤᠨ ᠲᠣᠨᠤᠭ ᠲᠥᠬᠦᠭᠡᠷᠦᠮᠵᠢ ᠤᠶᠢᠯᠡᠤᠡᠬᠦ ᠠᠵᠤ  ᠤᠶᠢᠯᠡᠰ ᠤᠨ ᠰᠤᠳᠤᠯᠤᠨ ᠨᠡᠭᠡᠭᠡᠬᠦ ᠠᠮᠢ ᠠᠬᠤᠶ ᠶᠢᠨ ᠴᠠᠭᠠᠷᠢᠭ ᠢ ᠲᠦᠷᠭᠡᠳᠬᠡᠨ ᠪᠣᠶ ᠪᠣᠯᠭᠠᠵᠤ᠂ ᠦᠬᠠᠶ  ᠬᠤᠲᠠ ᠶᠢᠨ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠡᠭᠦᠳᠦᠨ ᠪᠠᠶᠢᠭᠤᠯᠬᠤ ᠳᠤ  ᠬᠦᠴᠦᠨ ᠨᠡᠮᠡᠷᠢᠯᠡᠨ᠎ᠡ᠃ ᠰᠢᠨ᠎ᠡ ᠡᠨᠧᠷᠭᠢ ᠶᠢᠨ ᠬᠡᠷᠡᠭᠯᠡᠭᠡ᠂ 5G᠎ ᠶᠢᠨ ᠰᠢᠨ᠎ᠡ ᠡᠭᠦᠳᠦᠯᠲᠡ᠂ ᠡᠷᠬᠢᠨ ᠲᠣᠭᠤᠷᠢᠨ ᠤ  ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠨᠠᠩ ᠣᠯᠠᠨ ᠰᠢᠨᠵᠢᠯᠡᠬᠦ ᠤᠬᠠᠭᠠᠨ  ᠮᠡᠷᠭᠡᠵᠢᠯ ᠤᠨ ᠦᠷ᠎ᠡ ᠪᠦᠲᠦᠭᠡᠯ ᠢ ᠨᠡᠪᠴᠢᠭᠦᠯᠬᠦ ᠲᠥᠪ ᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ  ᠪᠦᠲᠦᠭᠡᠯ ᠢ ᠨᠡᠪᠴᠢᠭᠦᠯᠦᠨ ᠬᠤᠪᠢᠷᠠᠭᠤᠯᠬᠤ ᠶᠢ ᠬᠦᠴᠦᠯᠡᠨ ᠠᠬᠢᠭᠤᠯᠤᠨ᠎ᠠ᠃            ᠲᠥᠷᠥᠯ ᠵᠤᠶᠢᠯ ᠤᠨ ᠭᠤᠤᠯ ᠬᠥᠳᠡᠯᠭᠡᠭᠦᠷ ᠢ ᠶᠡᠬᠡᠪᠡᠷ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠵᠦᠢᠯᠡᠰ ᠤᠨ  ᠪᠡᠷᠬᠡ ᠰᠡᠳᠦᠪ ᠢ ᠰᠢᠢᠤᠡᠪᠤᠷᠢᠯᠡᠬᠦ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠷᠭ᠎ᠠ ᠪᠦᠬᠦᠨ ᠢ  ᠰᠦᠪᠡᠭᠴᠢᠯᠡᠨ ᠵᠦᠢᠯᠡᠰ ᠢ ᠰᠦᠪᠡᠭᠴᠢᠯᠡᠵᠦ᠂ ᠵᠦᠢᠯᠡᠰ ᠢ ᠲᠠᠲᠠᠵᠤ᠂ ᠵᠦᠢᠯᠡᠰ ᠢ ᠪᠠᠶᠢᠭᠤᠯᠤᠨ᠎ᠠ᠃ ᠤᠨᠴᠠᠯᠢᠬᠳᠤ  ᠳᠠᠪᠠᠭᠤᠯᠢᠭ ᠢ ᠳᠤᠪᠤᠶᠢᠯᠭᠠᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ᠂ ︽ᠬᠡᠯᠬᠢᠶ᠎ᠡ ᠶᠢᠨ  ᠳᠠᠷᠤᠭ᠎ᠠ ᠶᠢᠨ ᠳᠦᠷᠢᠮ︾ ᠪᠠ ᠲᠣᠯᠣᠭᠠᠶᠢᠯᠠᠭᠴᠢ ᠠᠵᠤ ᠠᠬᠤᠶᠢᠯᠠᠯ ᠤᠨ ︽ᠬᠡᠯᠬᠢᠶ᠎ᠡ ᠶᠢᠨ ᠡᠵᠡᠨ︾᠎ ᠤ ᠦᠢᠯᠡᠳᠦᠯ ᠢ  ᠦᠷᠭᠦᠯᠵᠢᠯᠡᠨ ᠪᠠᠳᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠳᠤᠤᠷᠠᠳᠤ ᠤᠷᠤᠰᠬᠠᠯ ᠤᠨ ᠠᠵᠤ ᠠᠬᠤᠶᠢᠯᠠᠯ᠂  ᠬᠠᠮᠵᠢᠯᠴᠠᠨ ᠢᠵᠢ ᠪᠦᠷᠢᠳᠦᠭᠦᠯᠬᠦ ᠠᠵᠤ ᠠᠬᠤᠶᠢᠯᠠᠯ ᠤᠨ ᠲᠠᠲᠠᠬᠤ ᠪᠠ ᠪᠤᠶᠢᠵᠢᠭᠤᠯᠬᠤ ᠡᠷᠴᠢᠮ ᠢ ᠴᠢᠩᠭᠠᠷᠠᠭᠤᠯᠵᠤ᠂  ᠠᠵᠤ ᠦᠢᠯᠡᠰ ᠤᠨ ᠬᠡᠯᠬᠢᠶ᠎ᠡ ᠶᠢᠨ ᠤᠶᠠᠨ ᠬᠠᠳᠠᠨ ᠴᠢᠨᠠᠷ ᠢ ᠴᠢᠩᠭᠠᠷᠠᠭᠤᠯᠤᠨ᠎ᠠ᠃ ᠬᠦᠷᠢᠶᠡᠯᠡᠩ ᠲᠣᠭᠤᠷᠢᠭ ᠢ  ᠬᠥᠭᠵᠢᠭᠦᠯᠦᠨ ᠮᠠᠨᠳᠤᠭᠤᠯᠬᠤ ᠪᠠ ︽ᠭᠤᠷᠪᠠᠨ ᠣᠳᠣᠬᠢᠴᠢᠯᠠᠯᠲᠠ ᠶᠢ ᠨᠢᠭᠡ ᠴᠤᠭᠴᠠᠵᠢᠭᠤᠯᠬᠤ︾ ᠬᠥᠭᠵᠢᠯᠲᠡ ᠶᠢ  ᠲᠦᠷᠭᠡᠳᠬᠡᠨ᠎ᠡ᠃ ︽ᠰᠢᠩᠭᠡᠯᠢᠭ ᠢᠶᠠᠨ ᠰᠤᠯᠠᠯᠠᠵᠤ ᠰᠢᠪᠠᠭᠤ ᠶᠢ ᠰᠣᠯᠢᠬᠤ︾᠎ ᠶᠢ ᠪᠠᠶᠢᠩᠭᠤᠵᠢᠭᠤᠯᠤᠨ ᠥᠷᠨᠢᠭᠦᠯᠵᠦ᠂  ᠦᠷ᠎ᠡ ᠠᠰᠢᠭ ᠢᠶᠠᠷ ᠳᠣᠤᠷ᠎ᠠ ᠰᠤᠯᠠ ᠪᠠᠶᠢᠬᠤ ᠭᠠᠵᠠᠷ ᠰᠢᠷᠣᠶ ᠶᠢ ᠪᠦᠲᠦᠮᠵᠢᠲᠡᠶ ᠠᠮᠢᠯᠠᠭᠤᠯᠤᠨ᠎ᠠ᠃ ᠴᠢᠬᠤᠯᠠ  ᠬᠦᠴᠦᠨ ᠵᠤᠶᠢᠯ ᠤᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠷᠠᠭᠤᠯᠵᠤ᠂  ᠤᠶᠢᠯᠡᠤᠡᠪᠤᠷᠢᠯᠡᠯ ᠠᠮᠢᠳᠤᠷᠠᠯ ᠳᠤ ᠬᠡᠷᠡᠭᠯᠡᠬᠦ  ᠤᠰᠤᠨ ᠬᠤᠭᠤᠯᠠᠶ ᠶᠢᠨ ᠲᠣᠤᠷ ᠢ ᠳᠡᠭᠡᠭᠰᠢᠯᠡᠭᠦᠯᠦᠨ ᠥᠭᠡᠷᠡᠴᠢᠯᠡᠵᠦ᠂ ᠬᠦᠷᠢᠶᠡᠯᠡᠩ ᠲᠣᠭᠤᠷᠢᠭ ᠤᠨ ᠲᠡᠮᠦᠷ ᠵᠠᠮ ᠤᠨ  ᠲᠤᠰᠬᠠᠶ ᠱᠤᠭᠤᠮ ᠤᠨ ᠪᠠᠭᠲᠠᠭᠠᠮᠵᠢ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ ᠰᠢᠨ᠎ᠡ ᠪᠠᠷ  ᠪᠠᠶᠢᠭᠤᠯᠬᠤ ᠲᠥᠷᠥᠯ  ᠵᠤᠶᠢᠯ ᠤᠨ ᠴᠠᠬᠢᠯᠭᠠᠨ ᠬᠠᠩᠭᠠᠬᠤ ᠲᠤᠰᠬᠠᠶ ᠱᠤᠭᠤᠮ ᠢ ᠬᠡᠷᠡᠭᠵᠢᠭᠦᠯᠵᠦ᠂ ᠧᠨ ᠾᠧ ᠶᠢᠨ  220 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢᠨ ᠠᠵᠢᠯ ᠡᠬᠢᠯᠡᠭᠦᠯᠬᠦ ᠶᠢ ᠬᠦᠴᠦᠯᠡᠨ ᠠᠬᠢᠭᠤᠯᠵᠤ᠂  ᠳ᠋ᠦᠩ ᠵᠢᠩ ᠰᠢᠨ᠎ᠡ ᠮᠠᠲ᠋ᠧᠷᠢᠶᠠᠯ ᠵᠡᠷᠭᠡ ᠲᠥᠷᠥᠯ‌ᠵᠤᠶᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠨ᠎ᠠ᠃         ᠬᠦᠷᠢᠶᠡᠯᠡᠩ ᠲᠣᠭᠤᠷᠢᠭ ᠤᠨ ᠴᠢᠳᠠᠮᠵᠢ᠂ ᠣᠷᠴᠢᠨ ᠲᠣᠭᠤᠷᠢᠨ᠂ ᠳᠦᠷᠢ ᠲᠥᠷᠬᠦ ᠶᠢ ᠳᠠᠬᠢᠨ ᠳᠡᠭᠡᠭᠰᠢᠯᠡᠭᠦᠯᠬᠦ ᠶᠢ  ᠪᠡᠶᠡᠯᠡᠭᠦᠯᠵᠦ᠂ ᠲᠡᠷᠭᠡ ᠨᠡᠪᠲᠡᠷᠡᠬᠦ  ᠴᠢᠶᠠᠨ ᠭᠠᠩ ᠨᠢᠭᠡ ᠵᠠᠮ ᠤᠨ ᠲᠥᠷᠥᠯ ᠵᠤᠶᠢᠯ ᠢ ᠪᠠᠶᠢᠭᠤᠯᠤᠨ ᠪᠦᠲᠦᠭᠡᠵᠦ᠂  ᠲᠣᠮᠣ ᠬᠡᠯᠪᠡᠷᠢ ᠶᠢᠨ ᠲᠡᠷᠭᠡᠨ ᠵᠣᠭᠰᠣᠭᠠᠯ ᠪᠠ ᠲᠥᠪᠯᠡᠷᠡᠭᠦᠯᠦᠨ ᠤᠶᠢᠯᠡᠴᠢᠯᠡᠬᠦ ᠲᠣᠭᠤᠷᠢᠭ ᠢ ᠢᠳᠡᠪᠬᠢᠲᠡᠶ ᠪᠠᠷ  ᠪᠥᠲᠥᠭᠡᠨ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠦᠶᠡᠷ ᠢ ᠰᠡᠷᠭᠡᠶᠢᠯᠡᠬᠦ ᠴᠢᠳᠠᠪᠤᠷᠢ ᠶᠢ ᠨᠡᠮᠡᠭᠳᠡᠭᠦᠯᠦᠨ᠂  ᠬᠦᠷᠢᠶᠡᠯᠡᠩ ᠲᠣᠭᠤᠷᠢᠭ ᠢ ᠭᠤᠶᠤᠵᠢᠭᠤᠯᠤᠨ ᠨᠣᠭᠤᠭᠠᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠨ᠎ᠠ᠃             ᠳᠠᠪᠠᠭᠤᠯᠢᠭ ᠠᠵᠤ ᠤᠶᠢᠯᠡᠰ ᠤᠨ ᠰᠦᠷᠦᠭᠵᠢᠯ ᠢ ᠬᠦᠴᠦᠯᠡᠨ ᠬᠦᠴᠦᠷᠬᠡᠭᠵᠢᠭᠦᠯᠦᠨ᠎ᠡ᠃ ᠨᠡᠭᠦᠷᠡᠰᠦᠲᠥ᠋ᠷᠥᠭᠴᠢ  ᠪᠠᠭ᠎ᠠ ᠭᠠᠳᠠᠭᠰᠢᠯᠠᠭᠤᠯᠬᠤ ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠬᠦ ᠬᠦᠷᠢᠶᠡᠯᠡᠩ ᠢ ᠪᠠᠶᠢᠭᠤᠯᠬᠤ ᠬᠠᠷᠠᠯᠲᠠ ᠶᠢᠨ  ᠲᠣᠭᠤᠷᠢᠨ ᠳᠤ ᠠᠵᠤ ᠦᠢᠯᠡᠰ ᠤᠨ ᠬᠤᠯᠪᠣᠯᠳᠤᠯ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ  ᠲᠦᠯᠬᠢᠨ ᠠᠬᠢᠭᠤᠯᠤᠨ᠎ᠠ᠃ ᠨᠡᠭᠦᠷᠡᠰᠦ ᠬᠡᠦᠷᠰᠢᠭᠦᠯᠦᠭᠰᠡᠨ ᠪᠣᠯᠣᠳ ᠲᠡᠮᠦᠷ ᠤᠨ ᠠᠵᠤ ᠤᠶᠢᠯᠡᠰ ᠤᠨ ᠬᠢᠷᠢ  ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ 321 ᠲᠦᠮᠡᠨ ᠲᠣᠨ ᠬᠡᠦᠷᠰᠢᠭᠦᠯᠦᠨ ᠨᠡᠶᠢᠯᠡᠭᠦᠯᠵᠦ ᠲᠠᠰ  ᠳᠡᠪᠰᠢᠭᠦᠯᠬᠦ ᠶᠢ ᠪᠡᠶᠡᠯᠡᠭᠦᠯᠦᠨ᠂ ᠵᠢᠶᠠᠨ ᠯᠦᠩ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠸᠠᠨ ᠲᠧᠩ H  ᠬᠡᠯᠪᠡᠷᠢ ᠶᠢᠨ ᠪᠣᠯᠣᠳ ᠲᠡᠮᠦᠷ ᠤᠨ ᠮᠡᠷᠭᠡᠵᠢᠯ ᠤᠨ ᠥᠭᠡᠷᠡᠴᠢᠯᠡᠯᠲᠡ ᠶᠢᠨ ᠬᠤᠶᠠᠳᠤᠭᠠᠷ ᠬᠤᠭᠤᠴᠠᠭᠠᠨ ᠤ ᠲᠥᠷᠥᠯ  ᠵᠤᠶᠢᠯ ᠤᠨ ᠠᠵᠢᠯ ᠡᠬᠢᠯᠡᠭᠦᠯᠵᠦ᠂ ᠤᠰᠤᠲᠥ᠋ᠷᠥᠭᠴᠢ ᠲᠡᠮᠦᠷᠯᠢᠭ ᠪᠣᠯᠪᠠᠰᠤᠷᠠᠭᠤᠯᠬᠤ ᠮᠡᠷᠭᠡᠵᠢᠯ ᠤᠨ ᠬᠡᠷᠡᠭᠯᠡᠯᠲᠡ ᠶᠢ  ᠶᠡᠬᠡᠪᠡᠷ ᠳᠡᠯᠭᠡᠷᠡᠭᠦᠯᠦᠨ᠎ᠡ᠃ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠢ  ᠬᠦᠴᠦᠯᠡᠨ ᠪᠠᠶᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 173 ᠳ᠋ᠦᠩᠰᠢᠭᠤᠷ ᠲᠥᠭᠦᠷᠢᠭ ᠲᠤ ᠬᠦᠷᠦᠭᠰᠡᠨ  ᠳ᠋ᠦᠩ ᠹᠠᠩ ᠰᠢ ᠸᠠᠩ ᠤᠨ ᠭᠡᠷᠡᠯ ᠴᠡᠨᠡᠭ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠢ  ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠬᠦᠴᠦᠯᠡᠨ ᠪᠠᠲᠤᠯᠠᠵᠤ᠂ ᠰᠠᠯᠬᠢᠨ ᠬᠦᠴᠦᠨ ᠤ ᠮᠠᠰᠢᠨ  ᠦᠢᠯᠡᠳᠬᠦ ᠠᠵᠤ ᠦᠢᠯᠡᠰ ᠤᠨ ᠲᠦᠷᠦᠯ ᠵᠦᠢᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠪᠠ᠃ ᠣᠯᠠᠨ  ᠡᠨᠧᠷᠭᠢ ᠶᠢᠨ ᠬᠠᠷᠢᠯᠴᠠᠨ ᠨᠥᠬᠦᠪᠥᠷᠢᠯᠡᠬᠦ ᠡᠨᠧᠷᠭᠢ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠦᠬᠠᠶ ᠶᠢᠨ  ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂  ᠤᠯᠤᠰ ᠤᠨ ᠡᠨᠧᠷᠭᠢ ᠶᠢᠨ ᠯᠦᠩ ᠶᠤᠸᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥᠯ ᠵᠤᠶᠢᠯ ᠢ  ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠶᠢ ᠪᠡᠶᠡᠯᠡᠭᠦᠯᠵᠦ᠂ ᠠᠭᠤᠷᠬᠠᠶ ᠶᠢᠨ ᠣᠷᠣᠨ ᠤ  ᠵᠠᠰᠠᠯᠲᠠ ᠶᠢᠨ ᠦᠷ᠎ᠡ ᠪᠦᠲᠦᠭᠡᠯ ᠢ ᠭᠦᠢᠴᠡᠤᠡ ᠠᠰᠢᠭᠯᠠᠨ ᠨᠠᠩ ᠣᠯᠠᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ  ᠲᠥᠷᠥᠯ ᠵᠤᠶᠢᠯ ᠢ ᠬᠡᠷᠡᠭᠵᠢᠭᠦᠯᠵᠦ᠂ ᠨᠡᠭᠦᠷᠡᠰᠦ ᠪᠠ ᠰᠢᠨ᠎ᠡ ᠡᠨᠧᠷᠭᠢ ᠶᠢ ᠰᠢᠯᠢᠳᠡᠭᠵᠢᠭᠦᠯᠦᠨ ᠵᠣᠬᠢᠶᠠᠨ  ᠪᠠᠶᠢᠭᠤᠯᠬᠤ ᠶᠢ ᠠᠬᠢᠭᠤᠯᠤᠨ᠎ᠠ᠃ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠬᠦᠴᠦᠯᠡᠨ ᠪᠤᠶᠢᠵᠢᠭᠤᠯᠵᠤ ᠂ ᠭᠤᠷᠪᠠᠨ ᠬᠡᠮᠵᠢᠯᠳᠦ ᠰᠢᠨ᠎ᠡ ᠮᠠᠲ᠋ᠧᠷᠢᠶᠠᠯ BDO᠎ ᠶᠢ ᠨᠢᠭᠡ ᠴᠤᠭᠴᠠᠵᠢᠭᠤᠯᠬᠤ᠂ ᠭᠦᠸᠧ ᠰᠢᠤᠸᠠᠨ ᠤ ᠳᠠᠩ  ᠨᠡᠭᠦᠷᠡᠰᠦᠲᠥ᠋ᠷᠥᠭᠴᠢᠲᠦ ᠰᠢᠨᠵᠢᠯᠡᠬᠦ ᠤᠬᠠᠭᠠᠨ ᠮᠡᠷᠭᠡᠵᠢᠯ ᠤᠨ ᠯᠢᠲ᠋ᠢ ᠴᠠᠬᠢᠯᠭᠠᠨ ᠴᠡᠨᠡᠭ ᠤᠨ ᠪᠢᠯᠢᠭ ᠲᠦᠢᠯ ᠤᠨ  ᠮᠠᠲ᠋ᠧᠷᠢᠶᠠᠯ ᠵᠡᠷᠭᠡ ︽  ᠹᠧᠢ ᠳ᠋ᠢ ᠠᠵᠤ ᠠᠬᠤᠶ︾᠎ ᠶᠢᠨ ᠲᠥᠷᠥᠯ  ᠵᠤᠶᠢᠯ ᠤᠨ ᠪᠥᠲᠥᠭᠡᠨ ᠪᠠᠶᠢᠭᠤᠯᠤᠯᠲᠠ ᠶᠢ  ᠢᠳᠡᠪᠬᠢᠲᠡᠶ ᠠᠬᠢᠭᠤᠯᠤᠨ᠎ᠠ᠃ ᠲᠣᠭᠠᠴᠢᠯᠠᠭᠰᠠᠨ ᠠᠵᠤ ᠠᠬᠤᠢ ᠶᠢ ᠶᠡᠬᠡᠪᠡᠷ ᠪᠤᠶᠢᠵᠢᠭᠤᠯᠵᠤ᠂ ᠲᠣᠭᠠᠴᠢᠯᠠᠭᠰᠠᠨ ᠠᠵᠤ  ᠦᠢᠯᠡᠰᠵᠢᠯᠲᠡ ᠪᠠ ᠠᠵᠤ ᠦᠢᠯᠡᠰ ᠤᠨ ᠲᠣᠭᠠᠴᠢᠯᠠᠯᠲᠠ ᠶᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ  ᠲᠣᠭᠠᠴᠢᠯᠠᠯᠲᠠ ᠶᠢᠨ ᠥᠭᠡᠷᠡᠴᠢᠯᠡᠯᠲᠡ ᠶᠢ ᠲᠦᠷᠭᠡᠳᠬᠡᠨ᠎ᠡ᠃ᠣᠯᠠᠨ ᠲᠦᠮᠡᠨ ᠤ ᠣᠯᠠᠨ ᠡᠰᠢᠵᠢᠭᠰᠡᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂  ᠤᠶᠢᠯᠡᠤᠡᠪᠤᠷᠢᠯᠡᠯ ᠤᠨ ᠴᠢᠨᠠᠷᠲᠠᠶ ᠤᠶᠢᠯᠡᠴᠢᠯᠡᠭᠡᠨ ᠤ ᠤᠶᠢᠯᠡᠰ ᠪᠠ ᠠᠮᠢᠳᠤᠷᠠᠯ ᠤᠨ ᠴᠢᠨᠠᠷᠲᠠᠶ ᠤᠶᠢᠯᠡᠴᠢᠯᠡᠭᠡᠨ ᠤ  ᠤᠶᠢᠯᠡᠰ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠤᠶᠢᠯᠡᠴᠢᠯᠡᠭᠡᠨ ᠤ ᠤᠶᠢᠯᠡᠰ ᠤᠨ ᠴᠢᠨᠠᠷ  ᠬᠡᠷᠡᠭᠯᠡᠭᠡ ᠶᠢᠨ ᠨᠡᠮᠡᠭᠳᠡᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠵᠢᠦᠯᠦ᠋ᠩ ᠤᠯᠠᠨ ᠤᠯᠤᠰ ᠤᠨ  ᠬᠤᠳᠠᠯᠳᠤᠭᠠᠨ ᠤ ᠴᠣᠭᠴᠠ ᠪᠣᠯᠤᠨ ᠭᠤᠸᠠᠩ ᠶᠤᠸᠠᠨ ᠸᠠᠨ ᠳ᠋ᠠ ᠪᠠᠭᠤᠳᠠᠯ ᠤᠨ ᠠᠵᠢᠯ ᠡᠬᠢᠯᠡᠬᠦ ᠶᠢ ᠪᠠᠲᠤᠯᠠᠵᠤ᠂  ᠨᠢᠭᠡᠳᠦᠭᠡᠷ ᠨᠣᠮᠧᠷᠲᠤ ᠪᠠᠷᠠᠭᠠᠨ ᠤ ᠭᠦᠢᠯᠭᠡᠭᠡᠨ ᠤ ᠤᠶᠤᠨᠲᠤ ᠵᠠᠰᠠᠮᠠᠯ ᠵᠠᠮ ᠤᠨ ᠭᠠᠷᠠᠮ ᠵᠡᠷᠭᠡ ᠲᠦᠷᠦᠯ ᠵᠦᠢᠯ ᠤᠨ  ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠧᠵᠢᠶᠠᠩ ᠤᠨ ᠬᠤᠳᠠᠯᠳᠤᠭᠠᠨ ᠤ ᠬᠤᠳᠠ ᠶᠢ ᠠᠮᠢᠯᠠᠭᠤᠯᠬᠤ ᠪᠠᠷ  ᠴᠢᠷᠮᠠᠶᠢᠵᠤ᠂ ᠢ ᠯᠢᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠲᠦᠷᠦᠯ ᠵᠦᠢᠯ ᠢ ᠡᠬᠢᠯᠡᠭᠦᠯᠦᠨ᠎ᠡ︔  ᠡᠷᠡᠭᠦᠯ ᠮᠡᠨᠳᠦ ᠶᠢᠨ  ᠤᠶᠢᠯᠡᠤᠡᠭᠦᠨ ᠤ ᠰᠢᠭᠤᠳ ᠡᠵᠡᠩᠨᠡᠯᠲᠡ ᠶᠢᠨ ᠣᠷᠳᠣᠨ ᠵᠡᠷᠭᠡ ᠠᠷᠠᠯᠵᠢᠶ᠎ᠠ ᠬᠤᠳᠠᠯᠳᠤᠭᠠᠨ ᠤ  ᠤᠶᠢᠯᠡᠰ ᠤᠨ ᠰᠢᠨ᠎ᠡ ᠨᠠᠷᠠᠲᠤ ᠲᠥᠷᠥᠯ ᠲᠡᠮᠳᠡᠭᠲᠦ᠂ ᠰᠢᠨ᠎ᠡ ᠵᠠᠭᠪᠤᠷ᠂ ᠰᠢᠨ᠎ᠡ ᠡᠵᠡᠩᠨᠡᠯᠲᠡ ᠶᠢᠨ ᠬᠡᠯᠪᠡᠷᠢ  ᠪᠠᠶᠢᠳᠠᠯ ᠤᠨ ᠲᠥᠷᠥᠯ  ᠵᠤᠶᠢᠯ ᠢ ᠭᠤᠤᠯᠳᠠᠯᠭ᠎ᠠ ᠲᠠᠢ ᠣᠷᠣᠭᠤᠯᠤᠨ ᠠᠪᠴᠢᠷᠠᠵᠤ᠂ ᠤᠯᠠᠮᠵᠢᠯᠠᠯᠲᠤ ᠬᠤᠳᠠᠯᠳᠤᠭᠠᠨ ᠤ  ᠴᠣᠭᠴᠠ ᠶᠢᠨ ︽ᠰᠦᠯᠵᠢᠶᠡᠨ ᠳᠡᠭᠡᠷ᠎ᠡ ᠪᠣᠷᠣᠯᠠᠭᠤᠯᠬᠤ︾᠎ ᠶᠢ ᠬᠥᠲᠥᠯᠦᠨ ᠵᠢᠯᠣᠭᠤᠳᠴᠤ᠂ ᠬᠡᠷᠡᠭᠯᠡᠭᠡ ᠶᠢᠨ  ᠨᠡᠮᠡᠭᠳᠡᠯ ᠤᠨ ᠬᠡᠮᠵᠢᠶ᠎ᠡ ᠶᠢ ᠥᠷᠭᠡᠳᠬᠡᠬᠦ ᠶᠢ ᠠᠬᠢᠭᠤᠯᠤᠨ᠎ᠠ᠃ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠰᠢᠨ᠎ᠡ  ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠬᠠᠲᠤᠨ ᠭᠤᠤᠯ ᠤᠨ ᠮᠠᠷᠠᠰᠤᠨ ᠤ ᠤᠷᠤᠯᠳᠤᠭᠠᠨ᠂  ᠠᠯᠬᠤᠬᠤ ᠶᠢᠨ ᠤᠷᠤᠯᠳᠤᠭᠠᠨ᠂ ᠳᠤᠭᠤᠶ ᠲᠡᠷᠭᠡᠨ ᠤ ︽ᠭᠤᠷᠪᠠ ᠶᠢ ᠨᠢᠭᠡᠳᠬᠡᠭᠰᠡᠨ︾ ᠤᠷᠤᠯᠳᠤᠭᠠᠨ ᠤ ᠵᠠᠮ ᠢ  ᠪᠥᠲᠥᠭᠡᠨ ᠪᠠᠶᠢᠭᠤᠯᠤᠨ᠎ᠠ ᠦᠵᠡᠮᠵᠢ ᠶᠢᠨ ᠣᠷᠣᠨ ᠤ ᠵᠢᠭᠤᠯᠴᠢᠯᠠᠭᠴᠢᠳ ᠤᠨ ᠤᠯᠠᠭ᠎ᠠ ᠥᠷᠲᠡᠭᠡ᠂ ᠵᠢᠭᠤᠯᠴᠢᠯᠠᠯ ᠤᠨ  ᠲᠥᠪᠯᠡᠷᠡᠭᠦᠯᠦᠨ ᠲᠠᠷᠬᠠᠭᠠᠬᠤ ᠲᠥᠪ ᠵᠡᠷᠭᠡ ᠲᠥᠷᠥᠯ  ᠵᠤᠶᠢᠯ ᠢ ᠬᠡᠷᠡᠭᠵᠢᠭᠦᠯᠵᠦ᠂ ᠶᠦᠨ ᠹᠸᠢ ᠠᠷᠢᠬᠢᠨ  ᠮᠤᠬᠤᠯᠠᠭ ᠲᠤ 3A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠳᠡᠮᠵᠢᠵᠦ᠂  ᠨᠠᠩ ᠣᠯᠠᠨ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠵᠠᠮ ᠱᠤᠭᠤᠮ ᠪᠠ ᠰᠤᠳᠤᠯᠤᠨ ᠰᠤᠷᠤᠯᠴᠠᠬᠤ  ᠵᠢᠭᠤᠯᠴᠢᠯᠠᠯ ᠤᠨ ᠪᠦᠲᠦᠭᠡᠭᠳᠡᠬᠦᠨ ᠢ ᠪᠣᠶ ᠪᠣᠯᠭᠠᠵᠤ᠂ ᠴᠢᠨᠠᠷ ᠰᠠᠶᠢᠲᠠᠶ ᠵᠢᠭᠤᠯᠴᠢᠯᠠᠯ ᠤᠨ ᠤᠶᠢᠯᠡᠴᠢᠯᠡᠭᠡᠨ ᠤ  ᠬᠠᠩᠭᠠᠯᠭ᠎ᠠ ᠶᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃ ᠮᠥᠩᠭᠦᠨ ᠭᠦᠢᠯᠭᠡᠭᠡᠨ ᠤ ᠵᠡᠭᠡᠯᠢ᠂ ᠰᠢᠨᠵᠢᠯᠡᠬᠦ ᠤᠬᠠᠭᠠᠨ  ᠮᠡᠷᠭᠡᠵᠢᠯ ᠤᠨ ᠰᠢᠨ᠎ᠡ ᠶᠢ ᠡᠭᠦᠳᠬᠦ ᠬᠤᠲᠠ ᠵᠡᠷᠭᠡ ᠲᠤᠰᠬᠠᠶ ᠵᠡᠭᠡᠯᠢ ᠲᠣᠭᠤᠷᠢᠭ ᠢ ᠢᠳᠡᠪᠬᠢᠲᠡᠶ ᠪᠠᠷ ᠪᠤᠶᠢᠵᠢᠭᠤᠯᠵᠤ᠂  ᠤᠶᠢᠯᠡᠴᠢᠯᠡᠭᠡᠨ ᠤ ᠤᠶᠢᠯᠡᠰ ᠢ ᠲᠤᠰᠬᠠᠶᠢᠵᠢᠭᠤᠯᠬᠤ ᠪᠠ ᠥᠷᠲᠡᠭ ᠤᠨ ᠬᠡᠯᠬᠢᠶᠡᠰᠦ ᠶᠢᠨ ᠳᠡᠭᠡᠳᠦ ᠦᠵᠦᠭᠦᠷ ᠳᠠᠰᠢ  ᠤᠷᠲᠤᠳᠬᠠᠬᠤ ᠶᠢ ᠶᠡᠬᠡᠪᠡᠷ ᠠᠬᠢᠭᠤᠯᠵᠤ᠂ ᠤᠶᠢᠯᠡᠴᠢᠯᠡᠭᠡᠨ ᠤ ᠠᠵᠤ ᠤᠶᠢᠯᠡᠰ ᠪᠠ ᠬᠤᠲᠠ ᠶᠢ ᠠᠭᠤᠰᠤᠯᠴᠠᠭᠤᠯᠬᠤ᠂  ᠬᠤᠲᠠ ᠬᠥᠳᠡᠭᠡ ᠶᠢ ᠠᠭᠤᠰᠤᠯᠴᠠᠭᠤᠯᠬᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ︽ᠤᠶᠤᠨᠲᠤ ᠲᠠᠪᠤᠨ  ᠲᠣᠭᠤᠷᠢᠭ︾᠎ ᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠪᠡᠶᠡᠯᠡᠭᠦᠯᠦᠨ᠎ᠡ᠃            ᠲᠠᠷᠢᠶᠠᠯᠠᠩ ᠤᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢ ᠬᠦᠴᠦᠯᠡᠨ ᠲᠦᠷᠭᠡᠳᠬᠡᠨ᠎ᠡ᠃ ᠨᠢᠭᠡᠳᠦᠭᠡᠷ  ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠭᠦᠨᠵᠡᠭᠡᠢ ᠠᠭᠤᠰᠤᠯᠴᠠᠭᠤᠯᠬᠤ᠂ ᠦᠢᠯᠡᠳᠪᠦᠷᠢᠯᠡᠯ ᠠᠮᠢᠳᠤᠷᠠᠯ ᠠᠮᠢ  ᠠᠬᠤᠢ ᠶᠢᠨ ︽ᠭᠤᠷᠪᠠᠨ ᠲᠦᠷᠦᠯ ᠢ ᠵᠡᠷᠭᠡᠪᠡᠷ ᠬᠥᠭᠵᠢᠭᠦᠯᠬᠦ︾᠂ ᠠᠵᠤ ᠦᠢᠯᠡᠰ ᠤᠨ ᠰᠤᠷᠭᠠᠨ ᠬᠥᠮᠦᠵᠢᠯ ᠰᠣᠶᠣᠯ  ᠵᠤᠭᠠᠴᠠᠯ ᠤᠨ ︽ᠭᠤᠷᠪᠠ ᠶᠢ ᠨᠢᠭᠡ ᠴᠤᠭᠴᠠᠵᠢᠭᠤᠯᠬᠤ︾ ᠲᠣᠭᠤᠷᠢᠨ ᠳᠤ ᠬᠥᠳᠡᠭᠡ ᠲᠣᠰᠬᠤᠨ ᠢ ᠬᠥᠭᠵᠢᠭᠦᠯᠦᠨ  ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠲᠠᠷᠢᠶᠠᠯᠠᠩ ᠤᠨ  ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ ᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠪᠣᠬᠢᠷᠲᠤᠯ ᠥᠬᠡᠶ  ᠴᠢᠨᠠᠷ ᠰᠠᠶᠢᠲᠠᠶ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠲᠠᠷᠢᠶᠠᠨ ᠭᠠᠵᠠᠷ ᠤᠨ  ᠶᠡᠷᠦᠩᠬᠡᠶᠢᠯᠡᠭᠰᠡᠨ ᠴᠣᠭᠴᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂  ︽ᠦᠬᠠᠶ ᠶᠢᠨ ᠦᠵᠦᠮ︾᠎ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠵᠢᠯᠴᠠᠨ ᠰᠢᠨ᠎ᠡ ᠶᠢ ᠡᠭᠦᠳᠬᠦ ᠲᠥᠪ᠂  ᠲᠣᠤᠷ ᠠᠷ ᠲᠠᠢ ᠠᠮᠲᠠᠲᠤ ᠬᠡᠮᠬᠡ ᠵᠡᠷᠭᠡ ᠰᠢᠷᠢᠰ ᠲᠥᠷᠥᠯ ᠵᠤᠶᠢᠯ ᠢ ᠰᠠᠶᠢᠲᠤᠷ ᠬᠡᠷᠡᠭᠵᠢᠭᠦᠯᠦᠨ᠎ᠡ᠃ ᠥᠨᠳᠥᠷ  ᠪᠠᠷᠢᠮᠵᠢᠶᠠᠲᠤ ᠲᠠᠷᠢᠶᠠᠨ ᠭᠠᠵᠠᠷ ᠢ ᠴᠢᠷᠮᠠᠶᠢᠨ ᠪᠤᠢ ᠪᠣᠯᠭᠠᠵᠤ᠂ ᠲᠠᠷᠢᠶᠠᠯᠠᠩ ᠤᠨ ᠬᠥᠭᠵᠢᠯᠲᠡ ᠶᠢ ᠥᠨᠳᠥᠷ  ᠪᠦᠲᠦᠮᠵᠢᠲᠡᠶ ᠤᠰᠤ ᠠᠷᠪᠢᠯᠠᠬᠤ᠂ ᠪᠣᠬᠢᠷᠲᠤᠯ ᠦᠭᠡᠢ ᠦᠷᠭᠦᠯᠵᠢᠯᠡᠬᠦ ᠬᠡᠯᠪᠡᠷᠢ ᠲᠡᠰᠢ ᠬᠤᠪᠢᠷᠠᠭᠤᠯᠬᠤ ᠶᠢ  ᠲᠦᠷᠭᠡᠳᠬᠡᠨ᠎ᠡ᠃ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ ᠲᠠᠪᠴᠠᠩ᠂ ᠡᠯᠡᠰᠦᠨ ᠴᠦᠯ ᠤᠨ  ᠦᠵᠦᠮ ᠤᠨ ᠠᠷᠢᠬᠢᠨ ᠤ ᠮᠦᠽᠧᠢ ᠶᠢᠨ ᠰᠡᠯᠡᠭᠦᠴᠡᠯ ᠦᠵᠡᠭᠦᠯᠦᠯᠭᠡ ᠶᠢᠨ ᠲᠢᠩᠬᠢᠮ᠂ ᠰᠣᠶᠣᠯ ᠤᠨ ᠠᠮᠢᠳᠤᠷᠠᠯ ᠢ  ᠪᠡᠶᠡᠴᠢᠯᠡᠨ ᠣᠶᠢᠯᠠᠭᠠᠬᠤ ᠣᠷᠳᠣᠨ ᠢ ᠲᠥᠯᠥᠪᠵᠢᠭᠦᠯᠵᠦ᠂ ᠤᠨᠴᠠᠯᠢᠬᠳᠤ ᠠᠷᠠᠳ ᠤᠨ ᠣᠷᠣᠨ ᠰᠠᠭᠤᠴᠠ᠂ ᠸᠠᠩ  ᠶᠤᠸᠠᠨ ᠳ᠋ᠢ ᠲᠣᠰᠬᠤᠨ ᠤ ᠵᠤᠭᠠᠴᠠᠯ ᠤᠨ ᠤᠯᠠᠭ᠎ᠠ ᠦᠷᠳᠡᠭᠡ ᠵᠡᠷᠭᠡ ᠲᠦᠷᠦᠯ ᠵᠦᠢᠯ ᠤᠨ ᠪᠦᠳᠦᠭᠡᠨ  ᠪᠠᠶᠢᠭᠤᠯᠤᠯᠲᠠ ᠶᠢ ᠠᠬᠢᠭᠤᠯᠵᠤ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃             ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠦᠨ᠎ᠡ᠃ ︽ᠬᠥᠮᠦᠨ  ᠪᠦᠬᠦᠨ ᠴᠥᠮ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ᠂ ᠶᠠᠪᠤᠳᠠᠯ ᠪᠦᠬᠦᠨ ᠴᠥᠮ ᠬᠤᠳᠠᠯᠳᠤᠭ᠎ᠠ ᠡᠷᠭᠢᠯᠡᠬᠦ  ᠣᠷᠴᠢᠨ ᠲᠣᠭᠤᠷᠢᠨ᠂ ᠭᠠᠵᠠᠷ ᠪᠣᠯᠭᠠᠨ ᠳᠤ ᠴᠥᠮ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ︾ ᠭᠡᠬᠦ  ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ︽ᠲᠠᠯᠪᠢᠬᠤ ᠬᠠᠮᠢᠶᠠᠷᠬᠤ ᠤᠶᠢᠯᠡᠴᠢᠯᠡᠬᠦ︾ ᠥᠭᠡᠷᠡᠴᠢᠯᠡᠯᠲᠡ ᠶᠢ  ᠭᠦᠨᠵᠡᠭᠡᠶ ᠠᠬᠢᠭᠤᠯᠤᠨ᠂ ︽ᠴᠠᠭᠠᠵᠠᠯᠠᠬᠤ ᠥᠬᠡᠶ ᠪᠣᠯ ᠳᠠᠷᠤᠶ ᠣᠷᠣᠬᠤ︾ ᠱᠠᠭᠠᠷᠳᠠᠯᠭ᠎ᠠ ᠶᠢ ᠪᠥᠬᠦ ᠲᠠᠯ᠎ᠠ ᠪᠠᠷ  ᠨᠠᠶᠢᠳᠠᠪᠤᠷᠢᠵᠢᠭᠤᠯᠵᠤ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ  ᠬᠠᠮᠢᠶᠠᠷᠤᠯᠲᠠ ᠶᠢ ᠴᠢᠩᠭᠠᠷᠠᠭᠤᠯᠤᠨ᠂ ᠨᠠᠩ ᠡᠷᠬᠡ ᠲᠡᠭᠰᠢ᠂ ᠲᠥᠪ ᠭᠤᠤᠯᠴᠢ ᠵᠠᠬ᠎ᠠ ᠳᠡᠯᠭᠡᠭᠦᠷ ᠤᠨ ᠣᠷᠴᠢᠨ  ᠲᠣᠭᠤᠷᠢᠨ ᠢ ᠪᠣᠶ ᠪᠣᠯᠭᠠᠨ᠎ᠠ᠃ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠰᠢᠨ᠎ᠡ ᠲᠦᠷᠦ ᠶᠢᠨ  ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ  ᠪᠣᠯᠤᠨ ᠵᠠᠰᠠᠭ ᠤᠨ ᠤᠷᠳᠤᠨ ᠠᠵᠤ ᠠᠬᠤᠶᠢᠯᠠᠯ ᠤᠨ ᠨᠡᠪᠲᠡᠷᠡᠯᠴᠡᠬᠦ ᠲᠠᠪᠴᠠᠩ ᠢ ᠲᠡᠭᠦᠯᠳᠡᠷᠵᠢᠭᠦᠯᠵᠦ᠂  ᠦᠢᠯᠡᠴᠢᠯᠡᠭᠡᠨ ᠤ ᠠᠵᠤ ᠠᠬᠤᠶᠢᠯᠠᠯ ᠤᠨ ︽ᠳᠠᠭᠤᠳᠠᠯᠭ᠎ᠠ ᠪᠠᠶᠢᠪᠠᠯ ᠵᠠᠪᠠᠯ ᠬᠦᠯᠢᠶᠡᠵᠦ᠂ ᠶᠠᠪᠤᠳᠠᠯ ᠦᠭᠡᠢ ᠪᠣᠯ  ᠬᠠᠷᠰᠢᠯᠠᠬᠤ ᠦᠭᠡᠢ︾ ︽ᠠᠯᠲᠠᠨ ᠮᠧᠳᠠᠯ ᠤᠨ ᠤᠶᠢᠯᠡᠴᠢᠯᠡᠭᠴᠢ︾ ᠪᠣᠯᠬᠤ ᠬᠡᠷᠡᠭᠲᠡᠢ᠃ ᠠᠵᠤ ᠠᠬᠤᠶᠢᠯᠠᠯᠲᠠᠨ ᠤ  ᠲᠥᠷᠥ ᠶᠢᠨ ᠪᠣᠳᠣᠯᠭ᠎ᠠ ᠲᠣᠭᠲᠠᠭᠠᠬᠤ ᠳᠤ ᠣᠷᠣᠯᠴᠠᠬᠤ ᠶᠢ ᠳᠡᠮᠵᠢᠵᠦ᠂ ᠵᠥᠭᠡᠯᠡᠨ ᠬᠠᠲᠠᠭᠤ ᠲᠣᠨᠤᠭ ᠤᠨ  ᠪᠡᠯᠡᠳᠬᠡᠮᠵᠢ ᠶᠢᠨ ᠣᠷᠣᠭᠤᠯᠤᠯᠲᠠ ᠶᠢ ᠨᠡᠮᠡᠭᠳᠡᠭᠦᠯᠦᠨ᠂ ︽ᠨᠢᠭᠡ ᠴᠣᠩᠬᠤ ᠪᠠᠷ ᠭᠥᠯᠢᠶᠡᠨ ᠠᠪᠴᠤ ᠰᠢᠢᠤᠡᠪᠤᠷᠢᠯᠡᠬᠦ︾  ︽ᠨᠢᠭᠡ ᠰᠦᠯᠵᠢᠶ᠎ᠡ ᠪᠠᠷ ᠨᠡᠶᠢᠳᠡᠮ ᠡᠷᠭᠢᠯᠡᠬᠦ︾ ︽ᠮᠤᠵᠢ ᠠᠯᠤᠰᠯᠠᠨ ᠨᠡᠶᠢᠳᠡᠮ ᠡᠷᠭᠢᠯᠡᠬᠦ︾᠎ ᠶᠢ ᠦᠷᠭᠦᠯᠵᠢᠯᠡᠨ  ᠠᠬᠢᠭᠤᠯᠵᠤ᠂ ᠡᠯ᠎ᠡ ᠲᠥᠷᠥᠯ ᠤᠨ ᠬᠢᠨᠠᠨ ᠵᠥᠪᠰᠢᠶᠡᠷᠡᠬᠦ ᠤᠶᠢᠯᠡᠴᠢᠯᠡᠭᠡᠨ ᠤ ᠴᠠᠭ ᠬᠤᠭᠤᠴᠠᠭ᠎ᠠ ᠶᠢ ᠬᠠᠮᠤᠭ ᠤᠨ ᠶᠡᠭᠡ  ᠬᠡᠮᠵᠢᠶ᠎ᠡ ᠪᠠᠷ ᠪᠠᠭᠠᠰᠬᠠᠨ᠂ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ ᠳᠤ ᠠᠰᠢᠭᠲᠠᠶ ᠠᠷᠠᠳ ᠲᠤ ᠲᠥᠬᠦᠮ  ᠦᠵᠡᠭᠦᠯᠵᠦ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ︽ᠬᠠᠶᠢᠷᠤᠪ ᠤᠨ ᠲᠤᠬᠤᠢ ᠶᠢᠨ  ᠨᠠᠷᠠᠲᠤ ᠲᠡᠮᠳᠡᠭᠲᠦ︾᠎ ᠶᠢ ᠪᠥᠬᠦ ᠲᠠᠯ᠎ᠠ ᠪᠠᠷ ᠡᠬᠢᠯᠡᠭᠦᠯᠦᠨ᠎ᠡ᠃            ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠦᠨ᠎ᠡ᠃ ᠤᠯᠤᠰ ᠤᠨ  ᠥᠮᠴᠢᠯᠡᠯ ᠤᠨ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ  ᠭᠦᠨᠵᠡᠭᠡᠶ ᠥᠷᠨᠢᠭᠦᠯᠵᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ  ᠪᠠᠶᠢᠭᠤᠯᠤᠯ ᠢ ᠲᠦᠷᠭᠡᠪᠴᠢᠯᠡᠨ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ  ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠶᠢ ᠲᠦᠯᠬᠢᠨ ᠠᠬᠢᠭᠤᠯᠵᠤ᠂ ᠤᠯᠤᠰ ᠤᠨ  ᠥᠮᠴᠢᠯᠡᠯ ᠤᠨ ᠬᠦᠷᠦᠩᠭᠡ ᠶᠢᠨ ᠠᠵᠢᠯᠯᠠᠭᠠᠨ ᠤ ᠦᠷ᠎ᠡ ᠲᠥᠰᠦᠪ ᠤᠨ ᠬᠠᠮᠢᠶᠠᠷᠤᠯᠲᠠ ᠶᠢᠨ ᠲᠦᠷᠢᠮ ᠤᠨ  ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠲᠥᠰᠦᠪ ᠤᠨ ᠠᠮᠵᠢᠯᠲᠠ ᠪᠦᠲᠦᠮᠵᠢ ᠶᠢᠨ  ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠳ᠋ ᠤᠨ ᠵᠠᠰᠠᠭ ᠤᠨ ᠨᠡᠶᠢᠭᠡᠮ ᠤᠨ ᠢᠲᠡᠭᠡᠮᠵᠢ ᠶᠢᠨ  ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠤᠨ ᠵᠣᠷᠢᠭᠵᠢᠭᠤᠯᠬᠤ  ᠪᠠ ᠢᠲᠡᠭᠡᠯ ᠠᠯᠳᠠᠬᠤ ᠶᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠵᠤ ᠠᠬᠤᠶᠢᠯᠠᠯ ᠤᠨ  ᠪᠡᠶᠡᠴᠢ ᠴᠣᠭᠴᠠ ᠶᠢᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠬᠢᠷᠢ ᠲᠦᠪᠰᠢᠨ ᠤ ᠥᠭᠡᠷᠡᠴᠢᠯᠡᠯᠲᠡ ᠵᠡᠷᠭᠡ  ᠨᠢᠭᠡ ᠪᠦᠯᠦᠭ ᠪᠡᠶ᠎ᠡ ᠪᠠᠨ ᠳᠠᠭᠠᠭᠠᠭᠰᠠᠨ ᠥᠭᠡᠷᠡᠴᠢᠯᠡᠯᠲᠡ ᠶᠢᠨ ᠵᠦᠢᠯᠡᠰ ᠢ ᠢᠳᠡᠪᠬᠢᠲᠡᠶ ᠲᠦᠯᠬᠢᠨ ᠠᠬᠢᠭᠤᠯᠤᠨ᠎ᠠ᠃            ︵ᠭᠤᠷᠪᠠ︶ ᠴᠢᠨᠠᠷ ᠰᠠᠶᠢᠲᠠᠶ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠯᠠᠨ ᠤ ᠰᠢᠨ᠎ᠡ  ᠬᠦᠰᠡᠯ ᠡᠷᠡᠮᠡᠯᠵᠡᠯ ᠢ ᠴᠢᠳᠠᠬᠤ ᠶᠢᠨ ᠬᠢᠷᠢ ᠪᠠᠷ ᠬᠠᠩᠭᠠᠨ᠎ᠠ᠃             ᠬᠤᠳᠠ ᠶᠢᠨ ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢ ᠥᠨᠳᠥᠷ ᠪᠠᠷᠢᠮᠵᠢᠶ᠎ᠠ ᠪᠠᠷ ᠲᠦᠯᠬᠢᠨ  ᠠᠬᠢᠭᠤᠯᠤᠨ᠎ᠠ᠃ ᠬᠤᠳᠠ ᠶᠢ ᠰᠢᠨᠡᠳᠬᠡᠬᠦ ᠭᠤᠷᠪᠠᠨ ᠵᠢᠯ ᠤᠨ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃  ᠢ ᠯᠢᠨ F ᠲᠣᠭᠤᠷᠢᠭ ᠵᠡᠷᠭᠡ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ 3 ᠲᠥᠷᠥᠯ ᠵᠤᠶᠢᠯ ᠤᠨ  ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠴᠢᠶᠠᠨ ᠭᠠᠩ ᠨᠡᠶᠢᠭᠡᠮ ᠲᠣᠭᠤᠷᠢᠭ ᠵᠡᠷᠭᠡ ᠪᠠᠶᠢᠰᠢᠩ ᠬᠡᠷ ᠲᠠᠢ  ᠲᠣᠭᠤᠷᠢᠭ ᠢ ᠨᠡᠭᠦᠯᠭᠡᠨ ᠲᠥᠪᠬᠢᠨᠡᠭᠦᠯᠬᠦ ᠶᠢ ᠴᠢᠷᠮᠠᠶᠢᠨ ᠡᠬᠢᠯᠡᠭᠦᠯᠦᠨ᠎ᠡ᠃ ᠠᠰᠠᠭᠤᠳᠠᠯ ᠲᠠᠢ ᠠᠰᠠᠷ ᠤᠨ ᠰᠡᠬᠦᠯ  ᠬᠤᠷᠢᠶᠠᠬᠤ ᠪᠡᠷᠬᠡ ᠰᠡᠳᠦᠪ ᠢ ᠰᠢᠢᠤᠡᠪᠤᠷᠢᠯᠡᠬᠦ ᠠᠵᠢᠯ ᠢ ᠰᠠᠶᠢᠲᠤᠷ ᠠᠳᠬᠤᠵᠤ᠂ ᠢ ᠾᠧ ᠬᠤᠸᠠ ᠲᠢᠩ ᠵᠡᠷᠭᠡ  ᠵᠦᠢᠯᠡᠰ ᠢ ᠪᠤᠴᠠᠭᠠᠨ ᠨᠡᠭᠦᠯᠭᠡᠵᠦ ᠲᠥᠪᠬᠢᠨᠡᠭᠦᠯᠬᠦ ᠶᠢ ᠪᠡᠶᠡᠯᠡᠭᠦᠯᠦᠨ᠎ᠡ᠃ ᠠᠷᠢᠭᠤᠨ ᠴᠡᠪᠡᠷ ᠢᠶᠠᠷ ᠳᠤᠯᠠᠭᠠᠯᠠᠬᠤ ᠶᠢ  ᠬᠤᠲᠠ ᠬᠥᠳᠡᠭᠡ ᠳᠤ ᠨᠡᠶᠢᠳᠡᠮ ᠪᠦᠷᠬᠦᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ 47 ᠬᠠᠭᠤᠴᠢᠨ ᠵᠢᠵᠢᠭ  ᠲᠣᠭᠤᠷᠢᠭ ᠵᠢᠴᠢ ᠶᠢᠨ ᠢᠦᠢ ᠨᠡᠶᠢᠭᠡᠮ ᠲᠣᠭᠤᠷᠢᠭ ᠤᠨ ᠠᠷᠪᠠᠨ ᠮᠦ ᠭᠠᠵᠠᠷ ᠵᠡᠷᠭᠡ ᠪᠠᠶᠢᠰᠢᠩ ᠭᠡᠷ ᠤᠨ  ᠲᠣᠭᠤᠷᠢᠭ ᠤᠨ ᠥᠭᠡᠷᠡᠴᠢᠯᠡᠯᠲᠡ ᠶᠢ ᠡᠬᠢᠯᠡᠭᠦᠯᠪᠡ᠃ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠰᠢᠷᠢᠰ  ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠳᠤ ᠰᠠᠶᠢᠲᠤᠷ ᠬᠠᠮᠵᠢᠯᠴᠠᠨ᠎ᠠ᠃ ᠪᠤᠭᠤᠲᠤ ᠠᠴᠠ ᠢᠨᠴᠦᠸᠠᠨ ᠳᠤ  ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠤᠨ ᠦᠬᠠᠶ ᠶᠢᠨ ᠬᠡᠰᠡᠭ ᠤᠨ ︽ᠭᠤᠷᠪᠠᠨ ᠴᠠᠬᠢᠯᠭᠠᠨ︾᠎ ᠢ ᠨᠡᠭᠦᠯᠭᠡᠨ  ᠥᠭᠡᠷᠡᠴᠢᠯᠡᠬᠦ ᠶᠢ ᠲᠦᠷᠭᠡᠳᠬᠡᠵᠦ᠂ ᠳᠡᠭᠡᠳᠦ ᠬᠤᠷᠳᠤᠴᠠᠲᠤ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢᠨ  ᠰᠠᠭᠤᠷᠢ ᠶᠢ ᠪᠠᠬᠢᠵᠢᠭᠦᠯᠦᠨ᠎ᠡ᠃ ᠬᠤᠲᠠ ᠶᠢᠨ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠰᠢᠨᠬᠤᠸᠠ  ᠵᠡᠭᠡᠯᠢ᠂ ᠠᠷᠠᠳ ᠤᠨ ᠵᠠᠮ ᠵᠡᠷᠭᠡ ᠭᠤᠤᠯ ᠪᠣᠯᠬᠤ ᠵᠠᠮ ᠢ ᠥᠭᠡᠷᠡᠴᠢᠯᠡᠨ ᠳᠡᠭᠡᠭᠰᠢᠯᠡᠭᠦᠯᠵᠦ᠂ ᠰᠢᠲᠠᠮᠠᠬᠠᠶ ᠬᠡᠶ ᠶᠢᠨ  ᠬᠦᠷᠢᠶ᠎ᠡ ᠬᠠᠰᠢᠶ᠎ᠠ ᠶᠢᠨ ᠬᠤᠭᠤᠯᠠᠶ ᠶᠢᠨ ᠲᠣᠤᠷ ᠢ 113 ᠺᠢᠯᠣᠮᠧᠲᠷ ᠰᠣᠯᠢᠵᠤ᠂ ᠬᠤᠲᠠ ᠶᠢᠨ ᠶᠠᠪᠤᠳᠠᠯ ᠤᠨ  ᠬᠤᠭᠤᠯᠠᠶ ᠶᠢᠨ ᠲᠣᠤᠷ ᠢ 35 ᠺᠢᠯᠣᠮᠧᠲᠷ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠤᠨ᠎ᠠ᠃  ᠪᠠᠷᠢᠯᠭ᠎ᠠ ᠶᠢᠨ ᠬᠤᠭ ᠨᠣᠪᠰᠢ ᠶᠢ ᠠᠷᠢᠯᠭᠠᠬᠤ ᠲᠠᠯᠠᠪᠠᠢ ᠵᠡᠷᠭᠡ ᠵᠦᠢᠯᠡᠰ ᠢ ᠢᠳᠡᠪᠬᠢᠲᠡᠶ ᠪᠠᠷ ᠲᠦᠯᠬᠢᠨ ᠠᠬᠢᠭᠤᠯᠵᠤ᠂  ᠳ᠋ᠦᠩᠱᠠᠨ ᠤ ᠦᠶᠡᠷ ᠢ ᠰᠡᠷᠭᠡᠶᠢᠯᠡᠬᠦ ᠭᠤᠤ ᠵᠡᠷᠭᠡ ᠶᠢ ᠥᠭᠡᠷᠡᠴᠢᠯᠡᠨ ᠵᠠᠰᠠᠬᠤ ᠢᠨᠵᠧᠨᠧᠷᠢᠩ ᠢ ᠲᠦᠷᠭᠡᠳᠬᠡᠨ᠎ᠡ᠃ ︽  ᠬᠥᠭᠦᠷᠭᠡᠨ ᠠᠭᠤᠶ︾᠎ ᠶᠢᠨ ᠰᠣᠶᠣᠯ ᠢ ᠪᠥᠬᠦ ᠲᠠᠯ᠎ᠠ ᠪᠠᠷ ᠳᠡᠯᠭᠡᠷᠡᠭᠦᠯᠵᠦ᠂ 4 ︽ᠬᠠᠷᠮᠠᠨ ᠴᠡᠴᠡᠷᠯᠢᠭ︾᠎ ᠢ  ᠰᠢᠨ᠎ᠡ ᠪᠠᠷ ᠪᠠᠶᠢᠭᠤᠯᠵᠤ᠂ ᠬᠤᠲᠠ ᠶᠢᠨ ︽ᠨᠣᠭᠤᠭᠠᠷᠠᠭᠤᠯᠤᠯᠲᠠ︾᠎ ᠶᠢ ︽ᠴᠡᠴᠡᠷᠯᠢᠭᠵᠢᠭᠦᠯᠬᠦ︾ ᠳᠠᠰᠢ  ᠬᠤᠪᠢᠷᠠᠭᠤᠯᠬᠤ ᠶᠢ ᠪᠡᠶᠡᠯᠡᠭᠦᠯᠦᠨ᠎ᠡ᠃ ᠬᠤᠲᠠ ᠶᠢᠨ ᠬᠠᠮᠢᠶᠠᠷᠤᠯᠲᠠ ᠶᠢᠨ ᠤᠶᠢᠯᠡᠴᠢᠯᠡᠭᠡᠨ ᠤ ᠬᠦᠴᠦᠨ ᠴᠢᠳᠠᠪᠤᠷᠢ ᠶᠢ  ᠬᠦᠴᠦᠯᠡᠨ ᠳᠡᠭᠡᠭᠰᠢᠯᠡᠭᠦᠯᠵᠦ᠂ ︽ᠵᠠᠰᠠᠮᠠᠯ ᠵᠠᠮ ᠢᠶᠠᠷ ᠠᠵᠢᠯᠯᠠᠬᠤ︾᠎ ᠶᠢ ᠦᠷᠭᠦᠯᠵᠢᠯᠡᠨ ᠠᠬᠢᠭᠤᠯᠵᠤ᠂ ᠰᠠᠭᠤᠭᠠᠯᠢ  ᠠᠷᠠᠳ ᠤᠨ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠤᠶᠢᠯᠡᠴᠢᠯᠡᠭᠡᠨ ᠢ ᠬᠠᠤᠯᠢᠵᠢᠭᠤᠯᠤᠨ  ᠵᠢᠷᠤᠮᠵᠢᠭᠤᠯᠬᠤ ᠶᠢ ᠠᠬᠢᠭᠤᠯᠤᠨ᠂ ᠰᠠᠶᠢᠨ ᠳᠤᠷ᠎ᠠ ᠶᠢᠨ ᠤᠶᠢᠯᠡᠴᠢᠯᠡᠭᠡᠨ ᠤ ᠠᠵᠢᠯᠯᠠᠭ᠎ᠠ ᠶᠢ ᠥᠷᠭᠡᠨ ᠢᠶᠠᠷ  ᠥᠷᠨᠢᠭᠦᠯᠦᠨ᠎ᠡ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ  ᠠᠬᠢᠭᠤᠯᠵᠤ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ  ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠲᠠᠷᠢᠶᠠᠯᠠᠬᠤ ᠣᠷᠣᠨ ᠤ ︽ᠵᠣᠷᠯᠣᠩ ᠤᠨ ᠬᠤᠪᠢᠰᠬᠠᠯ︾᠎ ᠢ  ᠭᠦᠨᠵᠡᠭᠡᠶᠢᠷᠡᠭᠦᠯᠵᠦ᠂ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ᠂ ᠪᠣᠬᠢᠷ ᠤᠰᠤ ᠶᠢ ᠵᠠᠰᠠᠬᠤ ᠠᠵᠢᠯ ᠢ  ᠰᠠᠶᠢᠲᠤᠷ ᠠᠳᠬᠤᠵᠤ᠂ ᠠᠶᠢᠯ ᠲᠣᠰᠬᠤᠨ ᠢ ᠨᠣᠭᠤᠭᠠᠷᠠᠭᠤᠯᠤᠨ ᠭᠤᠶᠤᠵᠢᠭᠤᠯᠬᠤ ᠠᠵᠢᠯ ᠢ ᠭᠦᠨᠵᠡᠭᠡᠢ ᠠᠬᠢᠭᠤᠯᠵᠤ᠂  ᠲᠠᠷᠢᠶᠠᠯᠠᠬᠤ ᠣᠷᠣᠨ ᠤ ᠤᠯᠠᠨ ᠨᠡᠶᠢᠲᠡ ᠶᠢᠨ ᠲᠥᠬᠦᠭᠡᠷᠦᠮᠵᠢ ᠶᠢᠨ ᠤᠷᠳᠤ ᠬᠤᠭᠤᠴᠠᠭᠠᠨ ᠤ ᠪᠦᠲᠦᠮᠵᠢᠲᠡᠢ  ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠦᠷᠢᠨᠰᠢᠬᠦᠯᠵᠦ᠂ ᠬᠥᠳᠡᠭᠡ ᠲᠣᠰᠬᠤᠨ ᠤ ︽ᠦᠡᠭᠭᠡ ᠵᠢᠰᠦ︾᠎ ᠶᠢ  ᠦᠷᠭᠦᠯᠵᠢᠯᠡᠨ ᠳᠡᠭᠡᠭᠰᠢᠯᠡᠭᠦᠯᠵᠦ᠂ ᠬᠤᠳᠠ ᠶᠢᠨ ᠠᠷᠤ ᠲᠠᠯ᠎ᠠ ᠶᠢᠨ ᠴᠡᠴᠡᠷᠯᠢᠭ ᠢ ᠬᠦᠴᠦᠯᠡᠨ ᠪᠠᠶᠢᠭᠤᠯᠤᠨ᠎ᠠ᠃            ᠤᠯᠠᠨ ᠠᠷᠭ᠎ᠠ ᠬᠡᠮᠵᠢᠶ᠎ᠡ ᠪᠠᠷ ᠦᠨᠳᠦᠰᠦᠨ ᠠᠷᠠᠳ ᠤᠨ ᠠᠮᠢᠳᠤᠷᠠᠯ ᠢ ᠳᠡᠭᠡᠭᠰᠢᠯᠡᠭᠦᠯᠦᠨ᠎ᠡ᠃ ᠠᠷᠭ᠎ᠠ ᠪᠦᠬᠦᠨ ᠢ  ᠰᠦᠪᠡᠭᠴᠢᠯᠡᠵᠦ ᠪᠠᠶᠢᠭᠠᠳ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠥᠷᠭᠡᠳᠬᠡᠨ᠎ᠡ᠃ ᠠᠵᠢᠯ ᠣᠯᠭᠤᠬᠤ ᠪᠠ  ᠠᠳᠠᠯ ᠤᠶᠢᠯᠡᠰ ᠴᠣᠭᠴᠠᠯᠠᠬᠤ ᠶᠢ ᠬᠠᠪᠰᠤᠷᠤᠨ ᠲᠡᠳᠬᠦᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠳᠠᠯ  ᠤᠶᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ ᠨᠡᠮᠡᠭᠳᠡᠭᠦᠯᠦᠨ᠂ ᠨᠠᠩ ᠣᠯᠠᠨ ᠨᠡᠶᠢᠲᠡ ᠶᠢᠨ ᠠᠰᠠᠷᠠᠮᠵᠢ ᠶᠢᠨ  ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠵᠦ᠂ ᠠᠵᠢᠯ ᠤᠯᠬᠤ ᠳᠤ ᠬᠦᠴᠢᠷᠲᠡᠶ ᠬᠥᠮᠦᠰ ᠢ ᠬᠠᠮᠤᠭ ᠤᠨ  ᠶᠡᠭᠡ ᠬᠡᠮᠵᠢᠶ᠎ᠡ ᠪᠠᠷ ᠲᠥᠪᠬᠢᠨᠡᠭᠦᠯᠦᠨ᠂ ᠬᠤᠲᠠ ᠪᠠᠯᠭᠠᠰᠤ ᠶᠢᠨ ᠠᠵᠢᠯ ᠠᠯᠳᠠᠭᠰᠠᠳ ᠤᠨ ᠳᠡᠩᠰᠡᠯᠡᠯᠲᠡ ᠶᠢᠨ  ᠨᠣᠷᠮ᠎ᠠ ᠶᠢ ᠥᠪᠡᠷᠲᠡᠭᠡᠨ ᠵᠠᠰᠠᠬᠤ ᠣᠷᠣᠨ ᠤ ᠬᠠᠷᠠᠯᠲᠠ ᠶᠢᠨ ᠬᠡᠪᠴᠢᠶᠡᠨ ᠳᠤ ᠶᠠᠳᠠᠭᠤ ᠠᠴᠠ ᠠᠩᠭᠢᠵᠢᠷᠠᠭᠤᠯᠬᠤ  ᠪᠡᠷᠬᠡ ᠰᠡᠳᠦᠪ ᠢ  ᠰᠢᠢᠤᠡᠪᠤᠷᠢᠯᠡᠭᠰᠡᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ︽ᠳᠥᠷᠪᠡ ᠶᠢ ᠰᠠᠯᠭᠠᠬᠤ  ᠥᠬᠡᠶ︾ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠣᠲᠣ ᠶᠢᠨ ᠪᠠᠶᠢᠭ᠎ᠠ ᠬᠠᠪᠰᠤᠷᠤᠨ ᠲᠡᠳᠬᠦᠬᠦ  ᠲᠥᠷᠥ ᠶᠢᠨ ᠪᠣᠳᠣᠯᠭ᠎ᠠ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠳᠠᠬᠢᠨ  ᠶᠠᠳᠠᠭᠤᠷᠠᠬᠤ ᠶᠢ ᠰᠡᠷᠭᠡᠶᠢᠯᠡᠬᠦ ᠶᠢᠨ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠦ᠂  ᠶᠠᠳᠠᠭᠤ ᠬᠦᠴᠢᠷᠳᠡᠯᠲᠡᠶ ᠡᠷᠦᠬᠡ ᠶᠢ ᠬᠥᠳᠡᠯᠦᠩᠭᠦᠶ ᠪᠠᠷ ᠦᠭᠡᠶᠢᠰᠬᠡᠬᠦ ᠬᠡᠷᠡᠭᠲᠡᠶ᠃ ᠨᠡᠶᠢᠭᠡᠮ ᠤᠨ ᠳᠠᠭᠠᠳᠬᠠᠯ ᠤᠨ  ᠬᠡᠪᠴᠢᠶ᠎ᠡ ᠶᠢ ᠥᠷᠭᠡᠳᠬᠡᠬᠦ ᠠᠵᠢᠯ ᠢ ᠰᠠᠶᠢᠲᠤᠷ ᠠᠳᠬᠤᠵᠤ᠂ ᠡᠯ᠎ᠡ ᠲᠦᠷᠦᠯ ᠤᠨ ᠣᠨᠴᠠᠭᠠᠶ ᠬᠠᠮᠲᠤᠯᠢᠭ ᠤᠨ ᠠᠯᠢ  ᠲᠦᠷᠭᠡᠨ ᠢᠶᠠᠷ ᠳᠠᠭᠠᠳᠬᠠᠯ ᠳᠤ ᠣᠷᠣᠯᠴᠠᠬᠤ ᠶᠢ ᠲᠦᠯᠬᠢᠨ ᠠᠬᠢᠭᠤᠯᠤᠨ᠎ᠠ᠃ ᠬᠤᠳᠠ ᠬᠥᠳᠡᠭᠡ ᠶᠢᠨ ᠨᠠᠭᠠᠳᠤ  ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ᠂ ᠲᠦᠷ ᠴᠠᠭ ᠤᠨ ᠠᠪᠤᠷᠠᠨ  ᠲᠤᠰᠠᠯᠠᠯᠲᠠ᠂ ᠥᠨᠥᠴᠢᠨ ᠬᠡᠦᠬᠡᠳ ᠪᠠ ᠵᠡᠮᠳᠡᠭᠴᠦᠳ ᠲᠤ ᠨᠥᠬᠦᠪᠥᠷᠢ ᠥᠭᠬᠦ ᠵᠡᠷᠭᠡ ᠨᠡᠶᠢᠭᠡᠮ ᠤᠨ ᠠᠪᠤᠷᠠᠨ  ᠲᠤᠰᠠᠯᠠᠬᠤ ᠲᠦᠷᠦ ᠶᠢᠨ ᠪᠤᠳᠤᠯᠭ᠎ᠠ ᠶᠢ  ᠨᠠᠶᠢᠳᠠᠪᠤᠷᠢᠵᠢᠭᠤᠯᠤᠨ᠎ᠠ᠃ ᠬᠥᠯᠥᠰᠥᠨ ᠠᠵᠢᠯᠴᠢᠨ᠂ ᠴᠡᠷᠢᠭ ᠠᠴᠠ  ᠬᠠᠯᠠᠭᠳᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠭᠠᠯᠠᠨ᠎ᠠ᠃ ︽ᠨᠢᠭᠡ ᠨᠠᠰᠤᠲᠠᠨ  ᠨᠢᠭᠡ ᠪᠠᠭ᠎ᠠ︾᠎ ᠶᠢᠨ ᠤᠶᠢᠯᠡᠴᠢᠯᠡᠭᠡ ᠶᠢ ᠬᠦᠴᠦᠯᠡᠨ ᠰᠢᠯᠢᠳᠡᠭᠵᠢᠭᠦᠯᠵᠦ᠂ ᠨᠠᠰᠤᠵᠢᠯ ᠤᠨ ᠤᠶᠢᠯᠡᠰ ᠪᠠ ᠨᠠᠰᠤᠵᠢᠯ ᠤᠨ  ᠠᠵᠤ ᠤᠶᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠤᠨ᠂ ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ  ᠨᠠᠰᠤᠵᠢᠯ ᠤᠨ ᠤᠶᠢᠯᠡᠴᠢᠯᠡᠭᠡᠨ ᠤ ᠪᠡᠯᠡᠳᠬᠡᠮᠵᠢ ᠶᠢ ᠨᠡᠮᠡᠭᠳᠡᠭᠦᠯᠵᠦ᠂ ︽ᠬᠤᠲᠠ ᠳᠤ 15 ᠮᠦᠴᠡᠳᠤ᠂ ᠲᠠᠷᠢᠶᠠᠯᠠᠬᠤ  ᠣᠷᠣᠨ ᠳᠤ 30 ᠮᠢᠨᠦ᠋ᠲ︾᠎ ᠤᠨ ᠨᠠᠰᠤᠵᠢᠯ ᠤᠨ ᠤᠶᠢᠯᠡᠴᠢᠯᠡᠭᠡᠨ ᠤ ᠲᠣᠭᠤᠷᠢᠭ ᠢ ᠪᠥᠬᠦ ᠬᠦᠴᠦᠨ ᠢᠶᠠᠷ ᠢᠶᠠᠨ  ᠴᠣᠭᠴᠠᠯᠠᠨ ᠪᠠᠶᠢᠭᠤᠯᠵᠤ᠂ ᠣᠯᠠᠨ ᠡᠰᠢᠲᠦ ᠨᠠᠰᠤᠵᠢᠯ ᠤᠨ ᠤᠶᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠬᠡᠨ  ᠪᠠᠶᠢᠭᠤᠯᠤᠨ᠎ᠠ︔ ᠨᠢᠭᠡ ᠪᠦᠯᠦᠭ ᠲᠦᠭᠡᠮᠡᠯ ᠬᠠᠷᠠᠭᠠᠯᠵᠠᠯ ᠤᠨ ᠴᠢᠨᠠᠷᠲᠠᠶ ᠨᠠᠶᠢᠳᠠᠨ ᠬᠥᠮᠦᠵᠢᠭᠦᠯᠬᠦ ᠤᠶᠢᠯᠡᠴᠢᠯᠡᠭᠡᠨ ᠤ  ᠪᠠᠶᠢᠭᠤᠯᠤᠮᠵᠢ ᠶᠢ ᠪᠠᠶᠢᠭᠤᠯᠵᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠨᠢᠯᠬ᠎ᠠ ᠬᠡᠤᠬᠡᠳ ᠢ  ᠬᠠᠷᠠᠭᠠᠯᠵᠠᠨ ᠠᠰᠠᠷᠠᠬᠤ ᠤᠶᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃            ᠨᠡᠶᠢᠭᠡᠮ ᠤᠨ ᠦᠢᠯᠡᠰ ᠢ ᠪᠦᠬᠦ ᠲᠠᠯ᠎ᠠ ᠪᠠᠷ ᠬᠥᠭᠵᠢᠭᠦᠯᠦᠨ᠎ᠡ᠃ ᠰᠤᠷᠭᠠᠨ ᠬᠥᠮᠦᠵᠢᠯ ᠢ ᠬᠥᠭᠵᠢᠭᠦᠯᠬᠦ ᠶᠢ  ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ  ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ ᠯᠢᠨ ᠶᠢᠨ ᠪᠠᠭ᠎ᠠ ᠰᠤᠷᠭᠠᠭᠤᠯᠢ᠂ ᠬᠠᠨ ᠮᠦᠸᠧ  ᠶᠤᠸᠠᠨ ᠪᠠᠭ᠎ᠠ ᠰᠤᠷᠭᠠᠭᠤᠯᠢ᠂ ᠠᠷᠪᠠᠨ ᠨᠢᠭᠡᠳᠦᠭᠡᠷ ᠳᠤᠮᠳᠠᠳᠤ ᠰᠤᠷᠭᠠᠭᠤᠯᠢ ᠵᠡᠷᠭᠡ ᠲᠥᠷᠥᠯ ᠵᠤᠶᠢᠯ ᠤᠨ ᠪᠥᠲᠥᠭᠡᠨ  ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠷᠪᠠᠨ ᠲᠠᠪᠤᠳᠤᠭᠠᠷ ᠬᠡᠤᠬᠡᠳ ᠤᠨ ᠴᠡᠴᠡᠷᠯᠢᠭ ᠤᠨ ᠴᠡᠴᠡᠷᠯᠢᠭ  ᠨᠡᠭᠡᠭᠡᠵᠦ ᠰᠣᠷᠣᠭᠴᠢ ᠡᠯᠰᠡᠬᠦ ᠶᠢ ᠪᠡᠶᠡᠯᠡᠭᠦᠯᠦᠨ᠂ ᠪᠦᠯᠦᠭᠯᠡᠯᠵᠢᠭᠦᠯᠦᠨ ᠰᠤᠷᠭᠠᠭᠤᠯᠢ ᠡᠷᠭᠢᠯᠡᠬᠦ ᠶᠢ ᠦᠷᠭᠦᠯᠵᠢᠯᠡᠨ  ᠠᠬᠢᠭᠤᠯᠵᠤ᠂ ᠾᠧᠩ ᠱᠢ ᠳᠤᠮᠳᠠᠳᠤ ᠰᠤᠷᠭᠠᠭᠤᠯᠢ ᠵᠡᠷᠭᠡ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ  ᠬᠥᠭᠵᠢᠯᠲᠡ ᠶᠢ ᠦᠷᠭᠦᠯᠵᠢᠯᠡᠨ ᠳᠡᠮᠵᠢᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ  ᠰᠤᠷᠭᠠᠨ ᠬᠥᠮᠦᠵᠢᠯ ᠪᠠ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ  ᠦᠷᠭᠦᠯᠵᠢᠯᠡᠨ ᠰᠠᠶᠢᠲᠤᠷ ᠠᠳᠬᠤᠨ᠎ᠠ᠃ ᠰᠤᠷᠭᠠᠨ ᠬᠥᠮᠦᠵᠢᠯ ᠤᠨ ︽ᠬᠤᠶᠠᠷ ᠢ ᠬᠦᠩᠬᠡᠷᠡᠭᠦᠯᠬᠦ︾ ᠲᠥᠷᠥ ᠶᠢᠨ  ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ  ᠵᠠᠰᠠᠵᠤ᠂ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ  ᠤᠶᠢᠯᠡᠴᠢᠯᠡᠭᠡ ᠶᠢ ᠵᠢᠷᠤᠮᠵᠢᠭᠤᠯᠤᠨ᠎ᠠ᠃ ᠡᠷᠡᠭᠦᠯ ᠡᠩᠬᠡ  ᠬᠠᠶᠢᠷᠤᠪ ᠤᠨ  ᠲᠤᠬᠤᠢ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠲᠣᠭᠤᠷᠢᠭ ᠤᠨ ᠠᠷᠠᠳ ᠤᠨ  ᠡᠮᠨᠡᠯᠭᠡ ᠶᠢᠨ ᠬᠤᠷᠢᠶᠠᠨ ᠤ ᠰᠢᠨ᠎ᠡ ᠪᠠᠷ ᠪᠠᠶᠢᠭᠤᠯᠬᠤ ᠲᠦᠷᠦᠯ ᠵᠦᠢᠯ ᠢ ᠵᠢᠯ ᠤᠨ ᠳᠣᠲᠣᠷ᠎ᠠ ᠪᠠᠶᠢᠭᠤᠯᠵᠤ  ᠳᠠᠭᠤᠰᠬᠠᠭᠠᠳ ᠠᠰᠢᠭᠯᠠᠯᠲᠠ ᠳᠤ ᠤᠷᠤᠭᠤᠯᠵᠤ᠂ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠰᠢᠨ᠎ᠡ ᠠᠷᠭ᠎ᠠ  ᠵᠠᠮ ᠢ ᠬᠠᠶᠢᠨ ᠰᠦᠪᠡᠭᠴᠢᠯᠡᠵᠦ᠂ ᠠᠷᠪᠠᠳᠤᠭᠠᠷ ᠬᠤᠭᠤᠴᠠᠭᠠᠨ ᠤ ᠬᠠᠶᠢᠷᠤᠪ ᠤᠨ ᠲᠤᠬᠤᠢ ᠶᠢᠨ ᠤᠯᠠᠮᠵᠢᠯᠠᠯᠲᠤ  ᠰᠣᠶᠣᠯ ᠤᠨ ᠨᠠᠶᠢᠷ᠂ ᠬᠤᠷᠢᠨ ᠭᠤᠷᠪᠠᠳᠤᠭᠠᠷ ᠬᠤᠭᠤᠴᠠᠭᠠᠨ ᠤ ᠨᠡᠶᠢᠭᠡᠮ ᠲᠣᠭᠤᠷᠢᠭ ᠤᠨ ᠤᠷᠠᠯᠢᠭ ᠤᠨ ᠨᠠᠶᠢᠷ ᠵᠡᠷᠭᠡ  ᠰᠢᠷᠢᠰ ᠰᠣᠶᠣᠯ ᠤᠨ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠨᠡᠭᠦᠷᠡᠰᠦᠨ ᠤ ᠮᠦᠽᠧᠢ᠂ ᠰᠣᠶᠣᠯ ᠤᠨ ᠣᠷᠳᠣᠨ  ᠵᠡᠷᠭᠡ ᠶᠢ ᠲᠡᠰ ᠳᠡᠪᠰᠢᠭᠦᠯᠦᠨ ᠥᠭᠡᠷᠡᠴᠢᠯᠡᠬᠦ ᠲᠦᠷᠦᠯ ᠵᠦᠢᠯ ᠢ ᠠᠬᠢᠭᠤᠯᠤᠨ᠎ᠠ᠃ ᠪᠡᠶ᠎ᠡ ᠶᠢᠨ ᠲᠠᠮᠢᠷ ᠤᠨ  ᠤᠶᠢᠯᠡᠰ ᠤᠨ ᠲᠠᠰ ᠳᠡᠪᠰᠢᠬᠦ ᠶᠢ ᠬᠦᠴᠦᠯᠡᠨ ᠠᠬᠢᠭᠤᠯᠵᠤ᠂ ᠦᠬᠠᠶ ᠨᠠᠭᠤᠷ ᠳᠠᠭᠠᠤ ᠮᠠᠷᠠᠰᠤᠨ ᠤ ᠤᠷᠤᠯᠳᠤᠭᠠᠨ᠂  ᠳᠤᠭᠤᠶ ᠲᠡᠷᠭᠡᠨ ᠤ ᠤᠷᠤᠯᠳᠤᠭᠠᠨ ᠵᠡᠷᠭᠡ ᠡᠯ᠎ᠡ ᠲᠥᠷᠥᠯ ᠤᠨ ᠤᠷᠤᠯᠳᠤᠭᠠᠨ ᠤ ᠠᠵᠢᠯᠯᠠᠭ᠎ᠠ ᠶᠢ ᠢᠳᠡᠪᠬᠢᠲᠡᠶ  ᠵᠣᠬᠢᠶᠠᠨ ᠪᠠᠶᠢᠭᠤᠯᠵᠤ᠂ ᠨᠡᠶᠢᠭᠡᠮ ᠤᠨ ᠬᠥᠷᠥᠩᠭᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠪᠥᠲᠥᠭᠡᠨ  ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠤᠨ᠂ ᠪᠡᠶ᠎ᠡ ᠶᠢᠨ ᠲᠠᠮᠢᠷ ᠤᠨ ᠰᠠᠭᠤᠷᠢ ᠪᠡᠯᠡᠳᠬᠡᠮᠵᠢ ᠶᠢᠨ ᠲᠠᠰ ᠢ  ᠳᠡᠭᠡᠭᠰᠢᠯᠡᠭᠦᠯᠦᠨ᠎ᠡ᠃            ︵ᠳᠥᠷᠪᠡ︶ ᠥᠨᠳᠥᠷ ᠦᠷ᠎ᠡ ᠪᠦᠲᠦᠮᠵᠢ ᠲᠠᠢ ᠵᠠᠰᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠶᠢᠨ  ᠬᠡᠯᠪᠡᠷᠢ ᠪᠠᠨ ᠬᠤᠪᠢᠷᠠᠭᠤᠯᠬᠤ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃            ᠨᠡᠶᠢᠭᠡᠮ ᠤᠨ ᠵᠠᠰᠠᠯᠲᠠ ᠶᠢ ᠢᠮᠠᠭᠲᠠ ᠰᠠᠶᠢᠲᠤᠷ ᠠᠳᠬᠤᠨ᠎ᠠ᠃ ᠰᠢᠨ᠎ᠡ ᠴᠠᠭ ᠦᠶ᠎ᠡ ᠶᠢᠨ ︽ᠹᠤᠩᠴᠢᠶᠤᠤ ᠶᠢᠨ  ᠲᠤᠷᠰᠢᠯᠭ᠎ᠠ︾᠎ ᠶᠢ ᠦᠢᠯᠡᠳᠦᠯᠭᠡᠵᠢᠭᠦᠯᠵᠦ᠂ ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠵᠢᠯᠣᠭᠤᠳᠬᠤ  ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠳᠠ ᠶᠢᠨ ᠪᠦᠰᠡ ᠶᠢᠨ ᠵᠠᠰᠠᠯᠲᠠ ᠶᠢᠨ  ᠣᠳᠣᠬᠢᠴᠢᠯᠠᠯᠲᠠ ᠶᠢᠨ ᠲᠤᠷᠰᠢᠯᠲᠠ ᠶᠢᠨ ᠤᠯᠤᠰ ᠤᠨ ᠰᠢᠯᠭᠠᠨ ᠪᠠᠶᠢᠴᠠᠭᠠᠯᠲᠠ ᠶᠢ ᠴᠢᠨᠠᠷ ᠰᠠᠶᠢᠲᠠᠶ ᠥᠩᠭᠡᠷᠡᠭᠡᠵᠦ᠂  ᠨᠡᠶᠢᠭᠡᠮ ᠤᠨ ᠵᠠᠰᠠᠯᠲᠠ ᠶᠢ ᠦᠷᠭᠦᠯᠵᠢᠯᠡᠨ ᠬᠦᠴᠦᠯᠡᠨ ᠭᠦᠨᠵᠡᠭᠡᠶᠢᠷᠡᠭᠦᠯᠦᠨ᠎ᠡ᠃ ᠬᠠᠤᠯᠢ ᠶᠣᠰᠣᠭᠠᠷ ᠵᠠᠰᠠᠭ  ᠶᠠᠪᠤᠭᠤᠯᠬᠤ ᠵᠠᠰᠠᠯᠲᠠ ᠶᠢᠨ ᠣᠨ ᠤ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠣᠷᠳᠣᠨ ᠤ  ᠬᠠᠤᠯᠢ ᠴᠠᠭᠠᠵᠠ ᠶᠢᠨ ᠦᠢᠯᠡᠴᠢᠯᠡᠭᠡᠨ ᠤ ᠲᠦᠷᠢᠮ ᠢ ᠲᠡᠭᠦᠯᠳᠡᠷᠵᠢᠭᠦᠯᠦᠨ᠂ ᠵᠢᠷᠤᠮᠵᠢᠭᠰᠠᠨ ᠪᠣᠯᠪᠠᠰᠤᠨ ᠢᠶᠠᠷ ᠬᠠᠤᠯᠢ  ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ︽ᠨᠢᠭᠡ ᠨᠢᠭᠡᠳᠦᠯ ᠨᠢᠭᠡ ᠲᠣᠰᠬᠤᠨ ᠨᠢᠭᠡ ᠠᠵᠤ ᠠᠬᠤᠶᠢᠯᠠᠯ ᠳᠤ  ᠨᠢᠭᠡ ᠵᠢᠯ ᠳᠤ ᠨᠢᠭᠡ ᠶᠠᠪᠤᠳᠠᠯ︾᠎ ᠢᠶᠠᠷ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠠᠵᠢᠯᠯᠠᠭ᠎ᠠ ᠶᠢ ᠭᠦᠨᠵᠡᠭᠡᠶ  ᠥᠷᠨᠢᠭᠦᠯᠵᠦ᠂ ︽ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ + ᠨᠡᠶᠢᠭᠡᠮ ᠤᠨ ᠵᠠᠰᠠᠯᠲᠠ︾᠎ ᠶᠢᠨ ᠭᠦᠨᠵᠡᠭᠡᠶ  ᠠᠭᠤᠰᠤᠯᠴᠠᠯ ᠢ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠵᠠᠰᠠᠯᠲᠠ ᠶᠢ ᠠᠬᠢᠭᠤᠯᠵᠤ᠂  ᠤᠯᠠᠨ ᠲᠦᠮᠡᠨ ᠤ ᠬᠥᠳᠡᠭᠡ ᠲᠣᠰᠬᠤᠨ ᠤ ᠵᠠᠰᠠᠯᠲᠠ ᠳᠤ ᠣᠷᠣᠯᠴᠠᠬᠤ ᠠᠷᠭ᠎ᠠ ᠵᠠᠮ ᠢ ᠰᠢᠯᠤᠭᠤᠳᠬᠠᠵᠤ᠂  ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠰᠤᠷᠲᠠᠬᠤᠨ ᠢᠶᠠᠷ ᠵᠠᠰᠠᠬᠤ ᠶᠢ ᠤᠶᠠᠯᠳᠤᠭᠤᠯᠤᠭᠰᠠᠨ ᠬᠥᠳᠡᠭᠡ  ᠲᠣᠰᠬᠤᠨ ᠤ ᠵᠠᠰᠠᠯᠲᠠ ᠶᠢᠨ ᠰᠢᠰᠲ᠋ᠧᠮ ᠢ ᠦᠷᠭᠦᠯᠵᠢᠯᠡᠨ ᠪᠦᠷᠢᠨᠰᠢᠬᠦᠯᠦᠨ᠎ᠠ᠃ ᠵᠠᠬᠢᠳᠠᠯ ᠰᠤᠷᠪᠤᠯᠵᠢᠯᠠᠭ᠎ᠠ ᠶᠢᠨ  ᠵᠦᠢᠯᠡᠰ ᠢ ᠰᠢᠢᠳᠪᠦᠷᠢᠯᠡᠬᠦ ᠦᠷ᠎ᠡ ᠪᠦᠲᠦᠮᠵᠢ ᠶᠢ ᠲᠠᠰᠤᠷᠠᠯᠲᠠ ᠦᠭᠡᠶ ᠳᠡᠭᠡᠭᠰᠢᠯᠡᠭᠦᠯᠵᠦ᠂ ︽ᠢᠯᠡ ᠵᠠᠬᠢᠳᠠᠯ  ᠰᠤᠷᠪᠤᠯᠵᠢᠯᠠᠭ᠎ᠠ︾᠎ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠪᠠ  ᠳᠠᠪᠬᠤᠷᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠪᠦᠲᠦᠮᠵᠢᠲᠡᠶ ᠰᠢᠢᠤᠡᠪᠤᠷᠢᠯᠡᠨ᠎ᠡ᠃            ᠠᠮᠤᠷ ᠲᠦᠪᠰᠢᠨ ᠤ ᠬᠤᠷᠢᠭ᠎ᠠ ᠱᠤᠭᠤᠮ ᠢ ᠤᠷᠲᠤ ᠬᠤᠭᠤᠴᠠᠭ᠎ᠠ ᠪᠠᠷ ᠪᠠᠲᠤ ᠰᠠᠬᠢᠨ᠎ᠠ᠃ ᠬᠥᠭᠵᠢᠯᠲᠡ ᠪᠠ  ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠶ ᠲᠥᠯᠥᠪᠯᠡᠵᠦ᠂ ᠡᠯ᠎ᠡ ᠲᠦᠷᠦᠯ ᠤᠨ ᠬᠦᠨᠳᠦ ᠶᠡᠭᠡ ᠠᠶᠤᠯ  ᠲᠦᠭᠰᠢᠭᠦᠷᠢ ᠶᠢᠨ ᠥᠷᠢᠰᠥᠯᠳᠦᠭᠡᠨ ᠢ ᠬᠦᠴᠦᠯᠡᠨ ᠰᠡᠷᠭᠡᠶᠢᠯᠡᠨ ᠠᠷᠢᠯᠭᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠵᠢᠯ ᠢ ᠡᠴᠦᠰ ᠲᠤᠨᠢ ᠲᠤᠯᠲᠠᠯ᠎ᠠ ᠬᠢᠴᠢᠶᠡᠨ ᠰᠠᠶᠢᠲᠤᠷ ᠠᠳᠬᠤᠵᠤ᠂ ᠴᠠᠭ ᠢᠮᠠᠭᠲᠠ ᠳᠡᠭᠡᠳᠦ  ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ  ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠦᠷᠢᠨᠰᠢᠬᠦᠯᠵᠤ᠂ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ  ᠰᠡᠷᠭᠡᠶᠢᠯᠡᠨ ᠡᠵᠡᠮᠳᠡᠬᠦ ᠪᠠ ᠬᠡᠰᠡᠭ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠤᠶᠠᠯᠳᠤᠭᠤᠯᠬᠤ ᠶᠢ  ᠪᠠᠷᠢᠮᠲᠠᠯᠠᠵᠤ᠂ ᠬᠢᠵᠢᠭ ᠤᠨ ᠪᠠᠶᠢᠳᠠᠯ ᠢ ᠲᠠᠬᠢᠨ ᠰᠡᠷᠭᠦᠭᠡᠵᠦ ᠮᠡᠳᠡᠬᠦ ᠠᠯᠢᠪᠠ ᠨᠦᠬᠡ ᠪᠠ ᠡᠮᠵᠡᠭ ᠲᠠᠯ᠎ᠠ ᠶᠢ ᠪᠥᠭᠯᠡᠵᠦ᠂ ᠰᠡᠷᠭᠡᠶᠢᠯᠡᠨ ᠡᠵᠡᠮᠳᠡᠬᠦ ᠶᠢ ᠰᠤᠯᠠᠷᠠᠭᠤᠯᠬᠤ ᠦᠭᠡᠢ᠂ ᠬᠢᠵᠢᠭ ᠤᠨ ᠪᠠᠶᠢᠳᠠᠯ ᠢ ᠲᠠᠬᠢᠨ ᠰᠡᠷᠭᠦᠭᠡᠬᠦ ᠦᠭᠡᠢ᠂  ᠬᠥᠭᠵᠢᠯᠲᠡ ᠶᠢ ᠵᠤᠬᠰᠤᠰᠢ ᠦᠭᠡᠢ ᠬᠥᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠰᠢᠨ᠎ᠡ ᠠᠮᠤᠷ ᠲᠦᠪᠰᠢᠨ ᠤ  ᠬᠠᠤᠯᠢ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠭᠤᠷᠪᠠ ᠶᠢ ᠬᠠᠮᠢᠶᠠᠷᠬᠤ ᠭᠤᠷᠪᠡᠨ  ᠡᠷᠬᠡᠪᠰᠢ︾᠎ ᠶᠢᠨ ᠱᠠᠭᠠᠷᠳᠠᠯᠭ᠎ᠠ ᠶᠣᠰᠣᠭᠠᠷ᠂ ᠡᠯ᠎ᠡ ᠲᠠᠯ᠎ᠠ ᠶᠢᠨ ᠬᠢᠨ ᠤ ᠠᠶᠤᠯᠭᠦᠶ ᠦᠢᠯᠡᠳᠪᠦᠷᠢᠯᠡᠯ ᠤᠨ  ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠠᠮᠤᠷ ᠲᠦᠪᠰᠢᠨ ᠤ ᠬᠡᠮ ᠰᠣᠭᠤᠭ ᠢ ᠭᠦᠨᠵᠡᠭᠡᠶ ᠵᠢᠭᠰᠠᠭᠠᠨ  ᠪᠠᠶᠢᠴᠠᠭᠠᠵᠤ ᠴᠡᠭᠴᠡᠯᠡᠨ ᠵᠠᠰᠠᠵᠤ᠂ ᠠᠶᠤᠯᠭᠦᠶ ᠤᠶᠢᠯᠡᠤᠡᠪᠤᠷᠢᠯᠡᠯ ᠤᠨ ᠲᠤᠰᠬᠠᠶ ᠴᠡᠭᠴᠡᠯᠡᠨ ᠵᠠᠰᠠᠯᠲᠠ ᠶᠢᠨ ᠭᠤᠷᠪᠠᠨ  ᠵᠢᠯ ᠤᠨ ᠠᠵᠢᠯᠯᠠᠭ᠎ᠠ ᠶᠢ ᠤᠷᠤᠭᠰᠢᠲᠠᠶ ᠲᠡᠭᠦᠰᠬᠡᠪᠡ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ  ᠵᠢᠯᠣᠭᠤᠳᠬᠤ ᠲᠥᠪ ᠤᠨ ᠲᠠᠪᠴᠠᠩ ᠪᠣᠯᠤᠨ ᠬᠤᠳᠠᠯᠳᠤᠭᠠᠨ ᠤ ᠭᠤᠤᠯ ᠲᠣᠭᠤᠷᠢᠭ ᠤᠨ ᠭᠠᠯ ᠤᠨᠲᠠᠷᠠᠭᠠᠬᠤ  ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢᠨ  ᠨᠥᠭᠡᠴᠡᠯᠡᠬᠦ ᠬᠥᠮᠥᠷᠭᠡ ᠶᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠ  ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃  ᠵᠠᠰᠠᠭ ᠤᠨ ᠣᠷᠳᠣᠨ ᠤ ᠥᠷᠢ ᠥᠭᠴᠡᠭᠡ ᠶᠢ ᠢᠳᠡᠪᠬᠢᠲᠡᠶ ᠯᠠᠪᠳᠠᠭᠤᠨ ᠢᠶᠠᠷ ᠰᠢᠢᠤᠡᠪᠤᠷᠢᠯᠡᠨ᠎ᠡ᠃ ᠮᠥᠩᠭᠦᠨ  ᠭᠦᠢᠯᠭᠡᠭᠡᠨ ᠤ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ  ᠲᠡᠭᠦᠯᠳᠡᠷᠵᠢᠭᠦᠯᠵᠦ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠡ  ᠃ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ  ᠦᠷᠭᠦᠯᠵᠢᠯᠡᠨ ᠰᠠᠶᠢᠲᠤᠷ ᠠᠳᠬᠤᠵᠤ᠂ ᠤᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾᠎ ᠢ ᠡᠷᠡᠰ  ᠰᠠᠬᠢᠨ ᠬᠠᠮᠠᠭᠠᠯᠠᠨ᠎ᠠ᠃ ᠨᠡᠩ ᠥᠨᠳᠥᠷ ᠲᠦᠪᠰᠢᠨ ᠪᠦᠬᠦᠢ ᠠᠮᠤᠷ ᠲᠠᠶᠢᠪᠤᠩ ᠬᠠᠶᠢᠷᠤᠪ ᠤᠨ ᠲᠤᠬᠤᠢ᠂ ᠬᠠᠤᠯᠢ ᠪᠠᠷ  ᠵᠠᠰᠠᠬᠤ ᠬᠠᠶᠢᠷᠤᠪ ᠤᠨ ᠲᠤᠬᠤᠢ ᠶᠢ ᠪᠦᠳᠦᠭᠡᠨ ᠪᠠᠶᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ  ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ  ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ  ᠪᠠᠲᠤᠯᠠᠨ᠎ᠠ᠃      ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠳᠤᠮᠳᠠᠳᠤ ᠶᠢᠨ  ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠬᠦ ᠪᠠᠳᠤᠤᠡᠬᠠᠵᠤ᠂ ᠨᠠᠮ ᠤᠨ ᠱᠠᠰᠢᠨ  ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ᠎ᠠ᠃ ᠰᠢᠨ᠎ᠡ ᠪᠠᠶᠢᠳᠠᠯ ᠤᠨ  ᠳᠣᠣᠷᠠᠬᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ᠂ ᠡᠮᠡᠭᠲᠡᠶᠢᠴᠦᠳ ᠬᠡᠦᠬᠡᠳ᠂ ᠠᠷᠠᠳ ᠤᠨ  ᠵᠡᠪᠰᠡᠭᠲᠦ ᠬᠦᠴᠦᠨ᠂ ᠬᠤᠶᠠᠷ ᠢ ᠬᠦᠷᠢᠶᠡᠯᠡᠬᠦ ᠵᠢᠴᠢ ᠵᠡᠮᠳᠡᠭᠴᠦᠳ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ  ᠬᠢᠨ᠎ᠠ᠃ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠤᠯᠠᠭᠠᠨ ᠵᠠᠭᠠᠯᠮᠠᠶᠢᠳᠠᠨ ᠵᠡᠷᠭᠡ ᠠᠷᠠᠳ ᠤᠨ  ᠪᠦᠯᠬᠦᠮ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠶᠢ ᠲᠡᠮᠵᠢᠨ᠎ᠠ᠃      ᠳᠥᠷᠪᠡ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠤᠡᠬᠠᠨ᠎ᠠ     ᠠᠷᠠᠳ ᠲᠦᠮᠡᠨ ᠤ ᠬᠦᠰᠡᠯ ᠡᠷᠡᠮᠡᠯᠵᠡᠯ ᠪᠣᠯ ᠵᠠᠰᠠᠭ ᠤᠨ ᠶᠠᠪᠤᠳᠠᠯ ᠤᠨ ᠬᠠᠨᠳᠤᠰᠢ ᠮᠥᠨ᠃ ᠪᠢᠳᠡ ᠵᠠᠰᠠᠭ ᠤᠨ  ᠣᠷᠳᠣᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠭᠦᠨᠵᠡᠭᠡᠶ ᠲᠦᠯᠬᠢᠨ  ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ᠂  ᠰᠤᠷᠤᠯᠴᠠᠬᠤ ᠮᠠᠶ᠋ᠢᠭ ᠤᠨ ᠪᠠ ᠦᠢᠯᠡᠴᠢᠯᠡᠬᠦ ᠮᠠᠶ᠋ᠢᠭ ᠤᠨ ᠵᠠᠰᠠᠭ ᠤᠨ ᠣᠷᠳᠣᠨ ᠢ ᠪᠠᠶᠢᠭᠤᠯᠤᠨ᠎ᠠ᠃            ᠲᠤᠭ ᠲᠡᠮᠳᠡᠭ ᠲᠣᠳᠣᠷᠬᠠᠶ ᠪᠠᠷ ᠤᠯᠤᠰ ᠲᠦᠷᠦ ᠶᠢ ᠡᠷᠬᠢᠮᠯᠡᠨ᠎ᠡ᠃ ᠡᠷᠬᠡᠪᠰᠢ ︽ᠬᠤᠶᠠᠷ ᠢ ᠬᠠᠮᠠᠭᠠᠯᠠᠬᠤ︾᠎ ᠶᠢ  ᠡᠷᠡᠰ ᠦᠢᠯᠡᠳᠦᠯᠭᠡᠵᠢᠭᠦᠯᠵᠦ᠂ ᠭᠤᠣᠯᠯᠠᠭᠴᠢ ᠳᠠᠭᠠᠨ ᠦᠨᠡᠨᠴᠢ ᠰᠢᠳᠤᠷᠭᠤ᠂ ᠭᠤᠣᠯᠯᠠᠭᠴᠢ ᠪᠠᠨ ᠬᠦᠷᠢᠶᠡᠯᠡᠬᠦ᠂  ᠭᠤᠣᠯᠯᠠᠭᠴᠢ ᠳᠠᠭᠠᠨ ᠨᠢᠭᠡᠳᠦᠯᠲᠡᠢ ᠪᠠᠶᠢᠬᠤ᠂ ᠭᠤᠣᠯᠯᠠᠭᠴᠢ ᠪᠠᠨ ᠬᠠᠮᠠᠭᠠᠯᠠᠬᠤ ᠤᠯᠤᠰ ᠲᠥᠷᠥ ᠶᠢᠨ ᠤᠬᠠᠮᠰᠠᠷ  ᠦᠵᠡᠯ ᠰᠠᠨᠠᠭ᠎ᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠤᠯᠤᠰ ᠲᠦᠷᠦ ᠶᠢᠨ  ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ  ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠪᠦᠯᠬᠦᠮᠳᠡᠯ ᠨᠢᠭᠡᠳᠦᠯ ᠢ ᠤᠬᠠᠮᠰᠠᠷ ᠠᠴᠠ ᠪᠠᠨ  ᠡᠷᠡᠰ ᠬᠠᠮᠠᠭᠠᠯᠠᠵᠤ᠂ ︽ᠤᠯᠤᠰ ᠤᠨ ᠲᠤᠮᠤ ᠶᠠᠪᠤᠳᠠᠯ︾᠎ ᠢ ᠢᠮᠠᠭᠲᠠ ᠪᠠᠲᠤ ᠴᠡᠭᠡᠵᠢᠯᠡᠵᠦ᠂ ᠨᠠᠮ ᠤᠨ ᠲᠥᠪ  ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠲᠤᠤᠱᠯᠠᠭᠤᠯᠤᠨ  ᠬᠡᠷᠡᠭᠵᠢᠭᠦᠯᠵᠦ᠂ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ ᠪᠠᠶᠢᠬᠤ ᠪᠠ ᠬᠠᠲᠠᠭᠤ ᠴᠢᠩᠭ᠎ᠠ ᠪᠠᠶᠢᠬᠤ ᠪᠠᠷ ᠡᠯ᠎ᠡ  ᠵᠦᠢᠯ ᠤᠨ ᠦᠢᠯᠡᠰ ᠤᠨ ᠤᠷᠤᠭᠰᠢᠲᠠᠢ ᠠᠬᠢᠬᠤ᠂ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ᠃ ᠨᠠᠮ ᠤᠨ  ᠳᠣᠲᠣᠭᠠᠳᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢ ᠯᠠᠪᠳᠠᠭᠤᠨ ᠪᠠᠳᠤᠲᠠᠢ ᠦᠷᠨᠢᠭᠦᠯᠤᠨ᠎ᠡ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ᠂  ᠨᠡᠭᠡᠭᠡᠯᠲᠡ ᠶᠢᠨ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠵᠡᠷᠭᠡ ᠲᠤᠰᠬᠠᠶ ᠴᠡᠭᠴᠡᠯᠡᠨ ᠵᠠᠰᠠᠬᠤ  ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠦᠨ᠎ᠡ᠃            ᠬᠠᠤᠯᠢ ᠶᠣᠰᠣᠭᠠᠷ ᠵᠠᠰᠠᠭ ᠶᠠᠪᠤᠭᠤᠯᠬᠤ ᠶᠢᠨ ᠵᠠᠭᠠᠭ ᠬᠢᠵᠠᠭᠠᠷ ᠢ ᠲᠣᠳᠣᠷᠬᠠᠶ ᠪᠣᠯᠭᠠᠨ᠎ᠠ᠃ ᠰᠢ ᠶᠢᠨ ᠫᠢᠩ ᠎ ᠤᠨ  ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠵᠠᠰᠠᠭ ᠤᠨ ᠣᠷᠳᠣᠨ ᠤ ᠡᠯ᠎ᠡ  ᠵᠦᠢᠯ ᠤᠨ ᠠᠵᠢᠯ ᠢ ᠬᠠᠤᠯᠢ ᠪᠠᠷ ᠵᠠᠰᠠᠬᠤ ᠵᠠᠮ ᠳᠤ ᠣᠷᠣᠭᠤᠯᠤᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ  ᠰᠢᠢᠤᠡᠪᠤᠷᠢᠳᠤ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ  ᠠᠷᠭ᠎ᠠ ᠬᠡᠮᠵᠢᠶ᠎ᠡ ᠶᠢᠨ ᠣᠨᠣᠪᠴᠢ ᠶᠢᠨ ᠬᠡᠮᠵᠢᠶ᠎ᠡ ᠪᠠ ᠪᠣᠳᠠᠲᠤ ᠦᠷ᠎ᠡ ᠪᠦᠳᠦᠮᠵᠢᠳᠤ ᠴᠢᠨᠠᠷ ᠢ ᠲᠠᠰᠤᠷᠠᠯᠲᠠ ᠥᠬᠡᠶ  ᠴᠢᠩᠭᠠᠷᠠᠭᠤᠯᠤᠨ᠎ᠠ᠃ ᠦᠨᠳᠦᠰᠦᠨ ᠬᠠᠤᠯᠢ ᠶᠢᠨ ᠤᠬᠠᠮᠰᠠᠷ ᠢᠶᠠᠨ ᠴᠢᠩᠭᠠᠳᠬᠠᠵᠤ᠂ ᠲᠤᠭᠤᠷᠢᠭ ‍ᠤᠨ‌ᠠᠷᠠᠳ ᠤᠨ  ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ  ᠰᠢᠢᠤᠡᠪᠤᠷᠢ ᠲᠣᠭᠲᠠᠭᠠᠯ ᠢ  ᠡᠷᠡᠰ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂  ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ︽ᠭᠤᠷᠪᠠᠨ ᠶᠠᠪᠤᠳᠠᠯ︾᠎ ᠢ ᠢᠯᠡ ᠪᠣᠯᠭᠠᠬᠤ ᠶᠢ ᠴᠢᠩᠭ᠎ᠠ  ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ ᠪᠠ ᠬᠢᠨᠠᠯᠲᠠ ᠲᠠᠯᠪᠢᠬᠤ  ᠡᠷᠬᠡ ᠶᠢ ᠡᠷᠡᠰ ᠪᠠᠲᠤᠯᠠᠨ᠎ᠠ᠃            ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠲᠦᠷᠢ ᠲᠥᠷᠬᠦ ᠶᠢ ᠪᠤᠢ ᠪᠣᠯᠭᠠᠨ᠎ᠠ᠃ ᠪᠦᠬᠦ  ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠰᠠᠬᠢᠯᠭ᠎ᠠ  ᠪᠠᠲᠤ ᠶᠢᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ  ᠵᠠᠯᠠᠷᠠᠭᠤᠯᠵᠤ᠂ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠬᠦ᠂ ᠬᠦᠨᠳᠦ ᠶᠢ ᠮᠡᠳᠡᠵᠤ ᠬᠦᠨᠳᠦ ᠶᠢ  ᠡᠭᠦᠷᠭᠡᠯᠡᠬᠦ᠂ ᠰᠢᠷᠭᠠᠭᠤ ᠠᠵᠢᠯᠯᠠᠵᠤ ᠪᠣᠳᠠᠲᠠᠢ ᠠᠵᠢᠯᠯᠠᠬᠤ ᠶᠢ ᠡᠷᠡᠰ ᠪᠡᠶᠡᠯᠡᠭᠦᠯᠬᠦ ᠬᠡᠷᠡᠭᠲᠡᠢ᠃ ᠵᠠᠰᠠᠭ ᠤᠨ  ᠠᠵᠢᠯ ᠤᠨ ᠪᠦᠲᠦᠮᠵᠢ ᠶᠢᠨ ᠲᠤᠬᠠᠶ ᠵᠥᠪ ᠦᠵᠡᠯᠲᠡ ᠶᠢ ᠪᠠᠲᠤ ᠪᠠᠬᠢ ᠪᠤᠢ ᠪᠣᠯᠭᠠᠵᠤ᠂  ᠰᠢᠢᠤᠡᠪᠤᠷᠢᠳᠤ  ᠪᠤᠳᠤᠯᠭ᠎ᠠ ᠶᠢ ᠪᠣᠯᠭᠤᠮᠵᠢᠲᠠᠶ ᠲᠣᠭᠲᠠᠭᠠᠵᠤ᠂ ᠡᠷᠬᠡ ᠶᠢ ᠪᠣᠯᠭᠤᠮᠵᠢᠲᠠᠶ ᠬᠡᠷᠡᠭᠯᠡᠨ᠎ᠡ᠃ ᠠᠷᠪᠢᠯᠠᠨ ᠭᠠᠮᠨᠠᠬᠤ ᠦᠵᠡᠯ  ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠶᠢ ᠴᠢᠩᠳᠠᠯᠠᠵᠤ᠂  ᠵᠠᠰᠠᠭ ᠤᠨ ᠣᠷᠳᠣᠨ ᠤ ︽ᠠᠷᠪᠢᠯᠠᠨ ᠭᠠᠮᠨᠠᠬᠤ︾᠎ ᠪᠠᠷ ᠠᠷᠠᠳ ᠤᠯᠠᠨ ᠪᠠ ᠠᠵᠤ ᠠᠬᠤᠶᠢᠯᠠᠯ ᠤᠨ ︽ᠰᠠᠶᠢᠨ  ᠠᠮᠢᠳᠤᠷᠠᠯ︾᠎ ᠢ ᠰᠣᠯᠢᠬᠤ ᠬᠡᠷᠡᠭᠲᠡᠶ᠃ ᠤᠯᠠᠨ ᠲᠦᠮᠡᠨ ᠤ ᠳᠡᠷᠭᠡᠳᠡᠬᠢ ᠢᠯᠵᠢᠷᠡᠯ ᠤᠨ ᠠᠰᠠᠭᠤᠳᠠᠯ ᠢ ᠦᠷᠭᠦᠯᠵᠢᠯᠡᠨ  ᠴᠡᠭᠴᠡᠯᠡᠨ ᠵᠠᠰᠠᠵᠤ᠂ ᠤᠯᠠᠨ ᠲᠦᠮᠡᠨ ᠳᠤ ᠰᠤᠷᠲᠠᠯ ᠴᠢᠬᠡᠴᠢ ᠣᠪᠣᠷ ᠲᠥᠪ ᠪᠠᠶᠢᠬᠤ ᠰᠢᠨ᠎ᠡ ᠬᠤᠪᠢᠷᠠᠯᠲᠠ ᠶᠢ  ᠲᠠᠰᠤᠷᠠᠯᠲᠠ ᠦᠭᠡᠢ ᠮᠡᠳᠡᠷᠡᠭᠦᠯᠦᠨ᠎ᠡ᠃            ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠰᠤᠷᠤᠯᠴᠠᠬᠤ ᠮᠠᠶ᠋ᠢᠭ ᠤᠨ ᠪᠠ ᠦᠢᠯᠡᠴᠢᠯᠡᠬᠦ ᠮᠠᠶ᠋ᠢᠭ ᠤᠨ ᠵᠠᠰᠠᠭ ᠤᠨ  ᠣᠷᠳᠣᠨ ᠤ ᠪᠠᠶᠢᠭᠤᠯᠤᠯᠲᠠ ᠶᠢ ᠶᠡᠭᠡ ᠪᠠᠷ ᠥᠷᠨᠢᠭᠦᠯᠵᠦ᠂ ᠪᠤᠰᠤᠳᠴᠢ ᠪᠣᠳᠠᠲᠤ ᠪᠠᠶᠢᠳᠠᠯ ᠪᠠ ᠣᠯᠠᠨ ᠲᠦᠮᠡᠨ ᠤ  ᠬᠡᠷᠡᠭᠴᠡᠭᠡ ᠶᠢ ᠬᠦᠨᠳᠦᠳᠬᠡᠵᠦ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ  ᠨᠡᠪᠲᠡᠷᠬᠡᠢ ᠣᠶᠢᠯᠠᠭᠠᠵᠤ᠂ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠪᠠᠷ  ᠲᠥᠯᠥᠪᠵᠢᠭᠦᠯᠬᠦ ᠶᠢ ᠪᠡᠶᠡᠯᠡᠭᠦᠯᠵᠦ᠂ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠡᠯ᠎ᠡ ᠲᠦᠷᠦᠯ ᠤᠨ  ᠮᠡᠳᠡᠯᠭᠡ ᠶᠢᠨ ᠰᠤᠷᠤᠯᠴᠠᠯᠭ᠎ᠠ ᠶᠢ ᠴᠢᠩᠭᠠᠳᠬᠠᠵᠤ᠂ ᠪᠠᠶᠢᠴᠠᠭᠠᠨ ᠰᠤᠳᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ  ᠬᠢᠵᠦ᠂ ᠡᠭᠦᠷᠭᠡ ᠶᠢ ᠪᠣᠳᠠᠲᠠᠶᠢᠵᠢᠭᠤᠯᠬᠤ᠂ ᠠᠵᠢᠯ ᠢ ᠨᠠᠷᠢᠯᠢᠬᠵᠢᠭᠤᠯᠬᠤ᠂ ᠠᠶᠤᠯ ᠲᠦᠭᠰᠢᠭᠦᠷᠢ ᠶᠢ ᠬᠠᠮᠢᠶᠠᠷᠤᠨ  ᠡᠵᠡᠮᠳᠡᠬᠦ ᠶᠢ ᠬᠠᠮᠤᠭ ᠤᠨ ᠪᠠᠭ᠎ᠠ ᠪᠣᠯᠭᠠᠵᠤ᠂ ᠴᠢᠨᠠᠷ ᠰᠠᠶᠢᠲᠠᠢ ᠠᠵᠢᠯ ᠢᠶᠠᠷ ᠴᠢᠨᠠᠷ ᠰᠠᠶᠢᠲᠠᠢ ᠬᠥᠭᠵᠢᠯᠲᠡ ᠶᠢ  ᠠᠬᠢᠭᠤᠯᠬᠤ ᠶᠢ ᠪᠠᠲᠤᠯᠠᠵᠤ᠂ ᠰᠢᠨ᠎ᠡ ᠠᠶᠠᠨ ᠤ ᠠᠩᠬᠠᠨ ᠤ ᠰᠢᠳᠠᠮ ᠢ ᠴᠢᠷᠮᠠᠶᠢᠨ ᠰᠠᠶᠢᠲᠤᠷ ᠠᠯᠬᠤᠬᠤ ᠬᠡᠷᠡᠭᠲᠡᠢ᠃            ᠲᠥᠯᠥᠭᠡᠯᠡᠭᠴᠢᠳ ᠡ︕  ᠨᠠᠮ ᠤᠨ ᠵᠠᠭᠤᠨ ᠵᠢᠯ ᠤᠨ ᠭᠡᠷᠡᠯ ᠰᠠᠴᠤᠷᠠᠩᠭᠤᠢ ᠲᠡᠦᠬᠡ ᠶᠢᠨ ᠰᠢᠨ᠎ᠡ ᠭᠠᠷᠤᠭ᠎ᠠ  ᠳᠡᠭᠡᠷ᠎ᠡ ᠵᠣᠭᠰᠣᠬᠤ ᠳᠤ᠂ ᠪᠢᠳᠡᠨ ᠤ ᠢᠲᠡᠭᠡᠯ ᠵᠣᠷᠢᠭ ᠪᠠᠲᠤ ᠴᠢᠩᠭ᠎ᠠ᠂ ᠰᠥᠰᠥ ᠵᠣᠷᠢᠭ ᠪᠠᠲᠤ ᠴᠢᠩᠭ᠎ᠠ ᠪᠠᠶᠢᠵᠤ᠂  ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠪᠢᠳᠡᠨ ᠤ ᠴᠤᠭ ᠵᠣᠷᠢᠭ ᠪᠠᠳᠠᠷᠠᠩᠭᠤᠢ᠂ ᠣᠮᠤᠭ ᠵᠣᠷᠢᠭ  ᠲᠡᠭᠦᠯᠳᠡᠷ ᠪᠠᠶᠢᠨ᠎ᠠ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ  ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ  ᠪᠣᠯᠤᠨ ᠣᠷᠣᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠬ ᠰᠠᠨᠠᠭ᠎ᠠ ᠪᠠᠨ ᠦᠯᠦ  ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠳᠠᠷᠪᠠᠭᠤᠯ ᠬᠡᠶᠢᠰᠬᠡᠨ ᠤᠷᠤᠭᠰᠢᠯᠠᠵᠤ᠂ ᠰᠠᠯᠬᠢ  ᠳᠠᠪᠠᠯᠭᠠᠨ ᠢ ᠵᠦᠰᠦᠨ ᠤᠷᠤᠭᠰᠢᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠰᠢᠨ᠎ᠡ ᠬᠠᠶᠢᠷᠤᠪ ᠤᠨ ᠲᠤᠬᠤᠢ ᠢ  ᠪᠦᠬᠦ ᠲᠠᠯ᠎ᠠ ᠪᠠᠷ ᠪᠦᠳᠦᠭᠡᠨ ᠪᠠᠶᠢᠭᠤᠯᠵᠤ᠂ ᠨᠡᠩ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ  ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠠᠭᠠᠶ᠎ᠠ︕   
政府公报内页(5).jpg
    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号