︽12345︾ ᠬᠤᠲᠠ ᠶᠢᠨ ᠠᠷᠠᠳ ᠤᠨ ᠬᠠᠯᠠᠭᠤᠨ ᠤᠲᠠᠰᠤᠨ ᠳᠤ ᠲᠦᠰᠢᠭᠯᠡᠨ ᠰᠦᠯᠵᠢᠶᠡᠨ ᠤ ᠠᠴᠢᠶᠠᠯᠠᠪᠤᠷᠢ ᠶᠢ ᠨᠠᠩ ᠪᠠᠲᠤ ᠴᠢᠩᠭ᠎ᠠ ᠬᠦᠴᠦᠨ ᠲᠠᠢ ᠪᠣᠯᠭᠠᠨ᠎ᠠ
ᠨᠡᠶᠢᠲᠡᠯᠡᠭᠰᠡᠨ ᠴᠠᠭ᠄
2022/4/14
      ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠰᠢᠨ ᠴᠧᠩ ᠨᠡᠶᠢᠭᠡᠮ ᠲᠣᠭᠤᠷᠢᠭ ᠤᠨ ᠬᠢᠨ ᠣᠷᠣᠰᠢᠨ ᠰᠠᠭᠤᠬᠤ ᠳᠤ ᠲᠣᠬᠢᠷᠠᠮᠵᠢᠲᠠᠶ᠂ ᠠᠮᠤᠷ ᠲᠦᠪᠰᠢᠨ᠂ ᠵᠣᠯ ᠵᠢᠷᠭᠠᠯᠲᠤ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ᠂ ᠰᠦᠯᠵᠢᠶᠡᠨ ᠤ ᠠᠵᠢᠯᠲᠠᠨ ᠤ ᠰᠠᠶᠢᠨ ᠳᠤᠷ᠎ᠠ ᠶᠢᠨ ᠤᠶᠢᠯᠡᠴᠢᠯᠡᠭᠡᠨ ᠤ ᠬᠦᠴᠦᠨ ᠢ ᠨᠢᠭᠲᠠᠷᠠᠭᠤᠯᠬᠤ ᠶᠢᠨ ᠲᠥᠯᠥᠭᠡ᠂ ︽12345︾ ᠬᠤᠲᠠ ᠶᠢᠨ ᠠᠷᠠᠳ ᠤᠨ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠪᠦᠲᠦᠮᠵᠢᠲᠡᠶ  ᠰᠢᠢᠤᠡᠪᠤᠷᠢᠯᠡᠵᠠᠢ᠃
20220408163813473.png   
      ᠬᠠᠷᠢᠶᠠᠲᠤ ᠣᠷᠣᠨ ᠤ ᠰᠠᠭᠤᠭᠠᠯᠢ ᠠᠷᠠᠳ ︽12345 ᠬᠤᠲᠠ ᠶᠢᠨ ᠠᠷᠠᠳ ᠤᠨ ᠬᠠᠯᠠᠭᠤᠨ ᠤᠲᠠᠰᠤ︾᠎ ᠪᠠᠷ ᠬᠦᠰᠡᠯ ᠱᠠᠭᠠᠷᠳᠠᠯᠭ᠎ᠠ ᠪᠠᠨ ᠢᠯᠡᠳᠬᠡᠵᠦ᠂ ᠵᠠᠷᠢᠮ ᠰᠠᠭᠤᠭᠠᠯᠢ ᠠᠷᠠᠳ ᠵᠠᠰᠠᠵᠤ ᠴᠢᠮᠡᠭᠯᠡᠭᠰᠡᠨ ᠬᠤᠭ ᠨᠣᠪᠰᠢ ᠨᠢ ᠰᠠᠭᠤᠭᠠᠯᠢ ᠠᠷᠠᠳ ᠤᠨ ᠶᠠᠪᠤᠵᠤ ᠰᠠᠭᠤᠬᠤ ᠪᠠ ᠣᠷᠴᠢᠨ ᠲᠣᠭᠤᠷᠢᠨ ᠤ ᠠᠷᠢᠭᠤᠨ ᠴᠡᠪᠡᠷ ᠢ ᠨᠥᠯᠥᠭᠡᠯᠡᠵᠦ ᠪᠠᠶᠢᠨ᠎ᠠ᠂ ᠨᠡᠶᠢᠭᠡᠮ ᠲᠣᠭᠤᠷᠢᠭ ᠤᠨ ᠬᠢᠨ ᠵᠣᠬᠢᠴᠠᠭᠤᠯᠤᠨ ᠰᠢᠢᠤᠡᠪᠤᠷᠢᠯᠡᠬᠦ ᠶᠢ ᠬᠦᠰᠡᠵᠦ ᠪᠠᠶᠢᠨ᠎ᠠ᠃ ᠬᠤᠲᠠ ᠶᠢᠨ ᠠᠷᠠᠳ ᠤᠨ ᠬᠠᠯᠠᠭᠤᠨ ᠤᠲᠠᠰᠤ ᠶᠢ ᠳᠤᠰᠤᠭᠰᠠᠨ ᠤ ᠳᠠᠷᠠᠭ᠎ᠠ᠂ ᠰᠢᠨ ᠴᠧᠩ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢ ᠦᠳᠲᠡᠷ ᠲᠦᠷᠭᠡᠨ ᠬᠦᠯᠢᠶᠡᠨ ᠠᠪᠴᠤ᠂ ᠰᠦᠯᠵᠢᠶᠡᠨ ᠤ ᠰᠠᠶᠢᠨ ᠳᠤᠷ᠎ᠠ ᠶᠢᠨ ᠦᠢᠯᠡᠴᠢᠯᠡᠭᠴᠢ ᠶᠢ ᠬᠠᠮᠤᠭ ᠲᠡᠷᠢᠭᠦᠨ ᠳᠤ ᠲᠤᠬᠠᠶ ᠶᠢᠨ ᠲᠠᠯᠠᠪᠠᠶ ᠳᠤ ᠬᠦᠷᠴᠦ ᠪᠣᠳᠠᠲᠤ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠢ ᠰᠤᠷᠪᠤᠯᠵᠢᠯᠠᠵᠤ ᠵᠠᠰᠠᠵᠤ ᠴᠢᠮᠡᠭᠯᠡᠭᠰᠡᠨ ᠰᠠᠭᠤᠭᠠᠯᠢ ᠡᠷᠦᠬᠡ ᠲᠠᠢ ᠬᠠᠷᠢᠯᠴᠠᠵᠤ ᠪᠠᠶᠢᠭᠠᠳ ᠳᠤᠷ᠎ᠠ ᠪᠠᠷ ᠢᠶᠠᠨ ᠬᠠᠶᠠᠭᠰᠠᠨ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠬᠦ ᠶᠢᠨ ᠬᠠᠮᠲᠤ ᠲᠡᠭᠦᠨ ᠤ ᠪᠣᠯᠪᠠᠰᠤᠨ ᠪᠤᠰᠤ ᠤᠶᠢᠯᠡ ᠠᠵᠢᠯᠯᠠᠭ᠎ᠠ ᠶᠢ ᠢᠳᠬᠠᠨ ᠰᠠᠨᠠᠭᠤᠯᠵᠤ᠂ ᠰᠠᠭᠤᠭᠠᠯᠢ ᠡᠷᠦᠬᠡ ᠳᠤ ᠤᠬᠠᠮᠰᠠᠷ ᠠᠴᠠ ᠪᠠᠨ ᠣᠯᠠᠨ ᠨᠡᠶᠢᠲᠡ ᠶᠢᠨ ᠡᠮᠬᠢ ᠵᠢᠷᠤᠮ ᠢ ᠰᠠᠬᠢᠵᠤ᠂ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠲᠤ ᠪᠠᠷ ᠬᠠᠶᠢᠷᠠᠯᠠᠨ ᠬᠠᠮᠠᠭᠠᠯᠠᠵᠤ᠂ ᠠᠮᠤᠷ ᠲᠦᠪᠰᠢᠨ ᠤ ᠳᠠᠯᠳᠠ ᠬᠡᠮ ᠢ ᠰᠠᠨᠠᠭᠠᠴᠢᠯᠠᠭ᠎ᠠ ᠠᠴᠠ ᠪᠠᠨ ᠠᠷᠢᠯᠭᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠶᠠᠪᠤᠵᠤ ᠰᠠᠭᠤᠬᠤ ᠵᠠᠮ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ ᠭᠡᠵᠦ ᠰᠡᠷᠡᠮᠵᠢᠯᠡᠭᠦᠯᠵᠡᠶ᠃     ᠬᠤᠶᠢᠰᠢᠳᠠ ᠰᠢᠨ ᠴᠧᠩ ᠨᠡᠶᠢᠭᠡᠮ ᠲᠣᠭᠤᠷᠢᠭ ᠤᠨ ᠬᠢᠨ ᠤᠯᠠᠨ ᠲᠦᠮᠡᠨ ᠤ ᠵᠦᠢ ᠵᠣᠬᠢᠰᠲᠠᠢ ᠲᠤᠰᠬᠠᠭᠰᠠᠨ ᠡᠯ᠎ᠡ ᠵᠦᠢᠯ ᠤᠨ ᠬᠦᠰᠡᠯ ᠱᠠᠭᠠᠷᠳᠠᠯᠭ᠎ᠠ ᠶᠢ ᠦᠷᠭᠦᠯᠵᠢᠯᠡᠨ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠵᠦ᠂ ᠤᠯᠠᠨ ᠲᠦᠮᠡᠨ ᠤ ᠳᠡᠷᠭᠡᠳᠡᠬᠢ ᠪᠠᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠪᠠᠷ ᠰᠠᠶᠢᠨ ᠳᠤᠷ᠎ᠠ ᠶᠢᠨ ᠦᠢᠯᠡᠴᠢᠯᠡᠭᠡᠨ ᠤ ᠭᠠᠷᠳᠠᠴᠠ ᠪᠣᠯᠭᠠᠵᠤ᠂ ᠠᠷᠠᠳ ᠤᠨ ᠲᠥᠯᠥᠭᠡ ᠬᠦᠴᠢᠷᠳᠡᠯ ᠢ ᠰᠢᠢᠳᠪᠦᠷᠢᠯᠡᠵᠦ ᠬᠦᠴᠢᠷᠳᠡᠯ ᠢ ᠲᠤᠰᠠᠯᠠᠬᠤ ᠪᠠᠭ᠎ᠠ ᠦᠢᠯᠡᠴᠢᠯᠡᠭᠡᠨ ᠤ ᠳᠤᠮᠳᠠ ᠪᠣᠯᠪᠠᠰᠤᠨ ᠤ ᠦᠢᠯᠡᠳᠦᠯᠭᠡ ᠶᠢᠨ ᠲᠦᠭᠡᠮᠡᠯ ᠬᠠᠷᠠᠭᠠᠯᠵᠠᠯ ᠤᠨ ᠴᠢᠨᠠᠷ ᠪᠣᠯᠤᠨ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠵᠦ᠂ ᠡᠭᠦᠨ ᠤ ᠤᠯᠠᠮ ᠠᠴᠠ ᠰᠠᠭᠤᠭᠠᠯᠢ ᠠᠷᠠᠳ ᠤᠨ ᠬᠦᠷᠲᠡᠮᠵᠢ ᠶᠢᠨ ᠲᠦᠷᠦᠭᠳᠡᠯ ᠪᠣᠯᠤᠨ ᠵᠣᠯ ᠵᠢᠷᠭᠠᠯ ᠤᠨ ᠲᠦᠷᠦᠭᠳᠡᠯ ᠢ ᠴᠢᠨᠠᠭᠰᠢᠳᠠ ᠳᠡᠭᠡᠭᠰᠢᠯᠡᠭᠦᠯᠦᠨ᠎ᠡ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号