ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠬᠤ ᠲᠥᠪᠯᠡᠷᠡᠭᠦᠯᠦᠨ ᠪᠣᠯᠪᠠᠰᠤᠷᠠᠭᠤᠯᠬᠤ ᠠᠵᠢᠯ ᠦᠷᠨᠢᠭᠦᠯᠪᠡ
ᠨᠡᠶᠢᠲᠡᠯᠡᠭᠰᠡᠨ ᠴᠠᠭ᠄
2022/4/18
      ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠪᠠ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠨᠠᠷᠢᠨ ᠬᠠᠭᠤᠳᠠᠰᠤ ᠶᠢ ᠨᠠᠶᠢᠷᠠᠭᠤᠯᠤᠨ ᠮᠡᠳᠡᠭᠦᠯᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠵᠦ ᠬᠡᠷᠡᠭᠯᠡᠬᠦ ᠶᠢ ᠲᠦᠷᠭᠡᠳᠬᠡᠨ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ 4 ᠰᠠᠷ᠎ᠠ ᠶᠢᠨ 13᠎ ᠤ ᠡᠳᠦᠷ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠬᠤ ᠲᠥᠪᠯᠡᠷᠡᠭᠦᠯᠦᠨ ᠪᠣᠯᠪᠠᠰᠤᠷᠠᠭᠤᠯᠬᠤ ᠠᠵᠢᠯ ᠦᠷᠨᠢᠭᠦᠯᠪᠡ     ᠲᠣᠰ ᠤᠳᠠᠭᠠᠨ ᠤ ᠪᠣᠯᠪᠠᠰᠤᠷᠠᠭᠤᠯᠤᠯ ᠢ ᠲᠤᠭᠤᠷᠢᠭ ᠤᠨ ᠲᠠᠰ ᠤᠨ 36 ᠬᠠᠮᠢᠶ᠎ᠠ ᠪᠥᠬᠦᠶ ᠰᠠᠯᠠᠭ᠎ᠠ ᠮᠥᠴᠢᠷ ᠲᠤ ᠬᠠᠨᠳᠤᠭᠤᠯᠤᠨ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠬᠤ ᠪᠠ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠨᠠᠷᠢᠨ ᠬᠠᠭᠤᠳᠠᠰᠤ ᠶᠢ ᠨᠠᠶᠢᠷᠠᠭᠤᠯᠤᠨ ᠮᠡᠳᠡᠭᠦᠯᠬᠦ ᠠᠵᠢᠯ ᠳᠤ ᠴᠢᠭᠯᠡᠭᠦᠯᠦᠨ ᠲᠥᠪᠯᠡᠷᠡᠭᠦᠯᠦᠨ ᠪᠣᠯᠪᠠᠰᠤᠷᠠᠭᠤᠯᠤᠨ᠎ᠠ᠃      ᠪᠣᠯᠪᠠᠰᠤᠷᠠᠭᠤᠯᠤᠯ ᠳᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠣᠰ ᠤᠳᠠᠭᠠᠨ ᠤ ᠪᠣᠯᠪᠠᠰᠤᠷᠠᠭᠤᠯᠤᠯ ᠤᠨ ᠳᠠᠷᠠᠭ᠎ᠠ ︽ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ︾ ︽ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠵᠢᠷᠤᠮᠵᠢᠯ︾᠎ ᠲᠠᠢ ᠬᠠᠷᠢᠴᠠᠭᠤᠯᠤᠨ᠂ ᠪᠠᠷᠢᠮᠵᠢᠶ᠎ᠠ ᠶᠢᠨ ᠭᠠᠷᠴᠠᠭ ᠢ ᠲᠠᠨᠢᠵᠤ ᠠᠪᠬᠤ᠂ ᠪᠠᠷᠢᠮᠵᠢᠶ᠎ᠠ ᠶᠢᠨ ᠪᠤᠰᠤ ᠭᠠᠷᠴᠠᠭ ᠢ ᠳᠠᠩᠰᠠᠯᠠᠬᠤ ᠵᠡᠷᠭᠡ ᠠᠵᠢᠯ ᠢ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号