ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ  ᠨᠡᠮᠡᠭᠳᠡᠭᠦᠯᠪᠡ
ᠨᠡᠶᠢᠲᠡᠯᠡᠭᠰᠡᠨ ᠴᠠᠭ᠄
2022/4/18
      ᠣᠷᠴᠢᠨ ᠠᠬᠤᠶ ᠶᠢ ᠬᠠᠮᠠᠭᠠᠯᠠᠬᠤ ᠪᠣᠯ ᠳᠠᠷᠤᠶ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠬᠦ ᠶᠠᠪᠤᠳᠠᠯ ᠮᠥᠨ᠂ ᠣᠷᠴᠢᠨ ᠠᠬᠤᠶ ᠶᠢ ᠰᠠᠶᠢᠵᠢᠷᠠᠭᠤᠯᠬᠤ ᠪᠣᠯ ᠳᠠᠷᠤᠶ ᠦᠢᠯᠡᠳᠪᠦᠷᠢᠯᠡᠯ ᠤᠨ ᠬᠦᠴᠦᠨ ᠢ ᠬᠦᠭᠵᠢᠭᠦᠯᠬᠦ ᠶᠠᠪᠤᠳᠠᠯ ᠪᠤᠯᠤᠨ᠎ᠠ᠃ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠠᠬᠢᠭᠤᠯᠬᠤ ᠠᠵᠢᠯ ᠤᠨ ᠳᠤᠮᠳᠠ᠂ ᠬᠠᠶᠢᠷᠤᠪ ᠤᠨ ᠲᠤᠬᠤᠢ ᠲᠣᠭᠤᠷᠢᠭ ᠤᠨ ᠡᠨᠧᠷᠭᠢ ᠶᠢᠨ ᠲᠤᠪᠴᠢᠶ᠎ᠠ ᠢᠮᠠᠭᠲᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠠᠵᠢᠯ ᠤᠨ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠᠷ ᠦᠵᠡᠯ ᠰᠠᠨᠠᠭᠠᠨ ᠤ ᠵᠢᠯᠤᠭᠤᠳᠤᠯᠭ᠎ᠠ ᠪᠣᠯᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠡᠯ᠎ᠡ ᠵᠦᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠭᠰᠠᠭᠠᠷ ᠢᠷᠡᠵᠠᠢ᠃      ᠠᠵᠢᠯᠯᠠᠵᠤ ᠪᠠᠶᠢᠭ᠎ᠠ ᠬᠤᠭᠤᠴᠠᠭᠠᠨ ᠳᠤ᠂ ᠬᠠᠶᠢᠷᠤᠪ ᠤᠨ ᠲᠤᠬᠤᠢ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠶ ᠠᠩᠭᠢ ᠶᠢᠨ ᠰᠢᠪᠠᠳᠠᠨ ᠭᠦᠢᠴᠡᠳᠬᠡᠬᠦ ᠡᠯ᠎ᠡ ᠵᠦᠢᠯ ᠤᠨ ᠠᠰᠠᠭᠤᠳᠠᠯ ᠳᠤ ᠴᠢᠭᠯᠡᠭᠦᠯᠦᠨ᠂ ᠬᠠᠶᠢᠷᠤᠪ ᠤᠨ ᠲᠤᠬᠤᠢ ᠲᠣᠭᠤᠷᠢᠭ ᠤᠨ  ᠡᠨᠧᠷᠭᠢ ᠶᠢᠨ ᠲᠣᠪᠴᠢᠶ᠎ᠠ ᠶᠢᠨ ᠠᠵᠢᠯᠲᠠᠳ ᠲᠡᠷᠡ ᠳᠠᠷᠤᠶ ᠳᠤᠨᠢ ᠲᠤᠬᠠᠶ ᠶᠢᠨ ᠲᠠᠯᠠᠪᠠᠶ ᠳᠤ ᠬᠦᠷᠴᠦ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠱᠠᠭᠠᠷᠳᠠᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠭᠤᠯᠵᠤ᠂ ᠬᠠᠷᠢᠭᠤᠴᠠᠯᠭ᠎ᠠ ᠶᠢ ᠬᠥᠮᠦᠨ ᠤ ᠬᠦᠴᠦ ᠪᠠᠷ ᠭᠠᠷᠳᠠᠴᠠ ᠪᠣᠯᠭᠠᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠱᠠᠭᠠᠷᠳᠠᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠠᠯᠠᠪᠤᠷ ᠭᠠᠵᠠᠷ ᠢ ᠴᠡᠪᠡᠷᠯᠡᠬᠦ᠂ ᠵᠠᠮ ᠢ ᠴᠡᠪᠡᠷᠯᠡᠬᠦ᠂ ᠣᠪᠣᠭᠠᠯᠠᠭᠰᠠᠨ ᠨᠡᠭᠦᠷᠡᠰᠦ ᠶᠢ ᠪᠦᠲᠡᠭᠡᠬᠦ᠂ ᠤᠰᠤ ᠰᠦᠷᠴᠢᠵᠦ ᠲᠣᠭᠤᠰᠣ ᠶᠢ ᠪᠠᠭᠤᠷᠠᠭᠤᠯᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃     ᠠᠭᠤᠷᠬᠠᠶ ᠶᠢᠨ ᠣᠷᠣᠨ ᠤ ᠵᠠᠮ ᠥᠩᠭᠡᠷᠡᠭᠰᠡᠨ ᠳᠤ ᠬᠥᠮᠦᠰ ᠲᠤ ᠪᠤᠵᠠᠷ ᠮᠥᠷᠲᠡᠭᠡᠨ ᠡᠮᠬᠢ ᠵᠠᠮᠪᠠᠷᠠᠭ᠎ᠠ ᠦᠭᠡᠶ ᠰᠠᠭᠤᠭᠳᠠᠯ ᠦᠯᠡᠳᠡᠭᠡᠵᠡᠶ᠃ ᠲᠤᠰ ᠤᠳᠠᠭᠠᠨ ᠤ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠤᠨ ᠳᠤᠮᠳᠠ᠂ ᠬᠠᠶᠢᠷᠤᠪ ᠤᠨ ᠲᠤᠬᠤᠢ ᠲᠤᠭᠤᠷᠢᠭ ᠤᠨ ᠡᠨᠧᠷᠭᠢ ᠶᠢᠨ ᠲᠣᠪᠴᠢᠶ᠎ᠠ ᠶᠢᠨ ᠭᠤᠣᠯᠳᠠᠯᠭ᠎ᠠ ᠲᠠᠢ ᠳᠠᠭᠠᠭᠠᠴᠢᠯᠠᠨ ᠬᠤᠯᠪᠣᠭᠰᠠᠨ ᠣᠷᠣᠨ ᠪᠦᠰᠡ ᠨᠢ ᠠᠭᠤᠷᠬᠠᠶ ᠶᠢᠨ ᠣᠷᠣᠨ ᠤ ᠠᠷᠪᠠᠨ ᠨᠠᠢᠮᠠᠨ ᠺᠢᠯᠣᠮᠧᠲᠷ ᠤᠨ ᠭᠠᠵᠠᠷ ᠡᠷᠬᠢᠨ ᠲᠣᠭᠤᠷᠢᠨ ᠤ ᠠᠵᠤ ᠠᠬᠤᠶᠢᠯᠠᠯ ᠢ ᠢᠳᠡᠪᠬᠢᠲᠡᠢ ᠪᠠᠷ ᠵᠣᠬᠢᠴᠠᠭᠤᠯᠵᠤ ᠪᠠᠶᠢᠭᠠᠳ ᠵᠠᠮ ᠢ ᠴᠡᠪᠡᠷᠯᠡᠬᠦ ᠪᠠᠷ ᠳᠠᠮᠵᠢᠭᠤᠯᠵᠤ᠂ ᠠᠵᠤ ᠠᠬᠤᠶᠢᠯᠠᠯ ᠨᠢ ᠶᠡᠭᠡ ᠬᠡᠮᠵᠢᠶᠡᠨ ᠤ ᠬᠥᠮᠦᠨ ᠤ ᠬᠦᠴᠦ ᠪᠣᠳᠠᠰ ᠤᠨ ᠬᠦᠴᠦ ᠭᠠᠷᠭᠠᠵᠤ᠂ ᠵᠠᠮ ᠤᠨ ᠬᠤᠶᠠᠷ ᠲᠠᠯ᠎ᠠ ᠶᠢ ᠬᠠᠲᠠᠭᠤᠷᠠᠭᠤᠯᠵᠤ᠂ ᠨᠡᠯᠢᠶᠡᠳ ᠬᠦᠨᠳᠦ ᠨᠣᠴᠢᠲᠠᠢ ᠡᠪᠳᠡᠭᠳᠡᠭᠰᠡᠨ ᠵᠠᠮ ᠤᠨ ᠬᠡᠰᠡᠭ ᠢ ᠰᠢᠨ᠎ᠡ ᠪᠠᠷ ᠳᠡᠪᠢᠰᠦᠭᠰᠡᠨ ᠪᠥᠭᠡᠳ ᠵᠠᠮ ᠤᠨ ᠬᠠᠯᠬᠠᠪᠴᠢ ᠬᠡᠷᠡᠰᠬᠡ ᠪᠣᠯᠤᠨ ᠪᠧᠲᠤᠨ ᠤ ᠮᠥᠷᠭᠦᠯᠳᠦᠬᠦ ᠠᠴᠠ ᠰᠡᠷᠭᠡᠶᠢᠯᠡᠬᠦ ᠲᠤᠯᠭᠠᠭᠤᠷᠢ ᠶᠢ ᠪᠦᠷ ᠴᠡᠪᠡᠷᠯᠡᠵᠦ᠂ ᠦᠢᠯᠡᠳᠪᠦᠷᠢ ᠶᠢᠨ ᠲᠣᠭᠤᠷᠢᠭ ᠤᠨ ᠭᠠᠳᠠᠨᠠᠬᠢ ᠬᠡᠷᠡᠮ ᠳᠤ ᠪᠠᠰᠠ ᠤᠬᠠᠭᠤᠯᠭ᠎ᠠ ᠶᠢᠨ ᠤᠷᠢᠶ᠎ᠠ ᠯᠣᠽᠦ᠋ᠩ ᠨᠠᠭᠠᠪᠠ᠃     ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯᠯᠠᠭ᠎ᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠦᠴᠦᠲᠡᠢ ᠢᠯᠡᠷᠡᠯ ᠪᠣᠯᠬᠤ ᠪᠥᠭᠡᠳ ᠬᠠᠶᠢᠷᠤᠪ ᠤᠨ ᠲᠤᠬᠤᠢ ᠲᠣᠭᠤᠷᠢᠭ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠪᠣᠳᠠᠲᠠᠢ ᠠᠵᠢᠯ ᠲᠠᠢ ᠤᠶᠠᠯᠳᠤᠭᠤᠯᠤᠭᠰᠠᠨ ᠴᠢᠬᠤᠯᠠ ᠦᠢᠯᠡᠳᠦᠯᠭᠡ ᠪᠣᠯᠤᠨ᠎ᠠ᠃ ᠣᠬᠤᠷᠬᠠᠨ ᠬᠤᠭᠤᠴᠠᠭᠠᠨ ᠳᠤ ᠬᠡᠳᠦ᠋ᠢᠪᠡᠷ ᠢᠯᠡᠳᠲᠡ ᠦᠷ᠎ᠡ ᠪᠦᠲᠦᠮᠵᠢ ᠣᠯᠤᠭᠰᠠᠨ ᠪᠣᠯᠪᠠᠴᠤ᠂ ᠭᠡᠪᠡᠴᠦ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠤᠨ ᠡᠭᠦᠷᠭᠡ ᠬᠦᠨᠳᠦ ᠵᠠᠮ ᠬᠤᠯᠠ ᠪᠠᠶᠢᠭᠰᠠᠭᠠᠷ᠂ ᠡᠨᠡ ᠨᠢ ᠵᠥᠪᠬᠡᠨ ᠣᠬᠤᠷ ᠬᠤᠭᠤᠴᠠᠭᠠᠨ ᠤ ᠪᠣᠭᠤᠮᠲᠠ ᠰᠢᠪᠲᠤᠯᠬᠤ ᠠᠵᠢᠯᠯᠠᠭ᠎ᠠ ᠲᠡᠳᠦᠢ ᠪᠢᠰᠢ᠂ ᠨᠡᠩ ᠴᠤ ᠠᠯᠤᠰ ᠬᠡᠳᠦ ᠶᠢᠨ ᠤᠯᠤᠰ ᠲᠦᠷᠦ ᠶᠢᠨ ᠡᠭᠦᠷᠭᠡ ᠪᠣᠯᠭᠠᠵᠤ᠂ ᠬᠠᠶᠢᠷᠤᠪ ᠤᠨ ᠲᠤᠬᠤᠢ ᠲᠣᠭᠤᠷᠢᠭ ᠤᠨ ᠡᠨᠧᠷᠭᠢ ᠶᠢᠨ  ᠲᠤᠪᠴᠢᠶ᠎ᠠ ᠬᠤᠶᠢᠰᠢᠳᠠ ᠶᠢᠨ ᠠᠵᠢᠯ ᠤᠨ ᠳᠤᠮᠳᠠ ᠪᠠᠨ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠵᠦ᠂ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠢ ᠰᠠᠶᠢᠲᠤᠷ ᠬᠢᠵᠦ᠂ ᠦᠵᠡᠰᠬᠦᠯᠡᠩᠲᠦ ᠰᠠᠶᠢᠬᠠᠨ ᠬᠠᠶᠢᠷᠤᠪ ᠤᠨ ᠲᠤᠬᠤᠢ ᠶᠢ ᠪᠦᠳᠦᠬᠡᠨ ᠪᠠᠶᠢᠭᠤᠯᠬᠤ ᠶᠢᠨ ᠲᠥᠯᠥᠭᠡ ᠴᠥᠬᠦᠷᠡᠰᠢ ᠦᠬᠡᠢ ᠲᠡᠮᠡᠴᠡᠬᠦ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号