ᠬᠠᠶᠢᠷᠤᠪ ᠤᠨ ᠲᠤᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠡᠭᠴᠡᠯᠡᠨ ᠵᠠᠰᠠᠯᠲᠠ ᠶᠢ ᠤᠨᠢᠨ ᠳᠡᠭᠡᠷ᠎ᠡ ᠨᠢ ᠠᠬᠢᠭᠤᠯᠵᠤ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2022/4/18
      ᠬᠠᠶᠢᠷᠤᠪ ᠤᠨ ᠲᠤᠬᠤᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠤᠨᠢᠨ ᠳᠡᠭᠡᠷ᠎ᠡ ᠨᠢ ᠭᠦᠢᠴᠡᠳᠬᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠵᠠᠩᠭᠢᠯᠠᠭ᠎ᠠ ᠶᠢ ᠪᠠᠲᠤᠳᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠡᠭᠴᠡᠯᠡᠨ ᠵᠠᠰᠠᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠪᠠ᠃      ᠦᠳᠲᠡᠷ ᠲᠦᠷᠭᠡᠨ ᠬᠥᠳᠡᠯᠦᠯᠴᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠠᠮᠢ ᠠᠬᠤᠢ ᠣᠷᠴᠢᠨ ᠲᠣᠭᠤᠷᠢᠨ ᠤ ᠤᠯᠤᠰ ᠲᠦᠷᠦ ᠶᠢᠨ ᠬᠢᠨᠠᠯᠲᠠ ᠶᠢ ᠲᠡᠷᠢᠭᠦᠨ ᠪᠠᠶᠢᠷᠢᠨ ᠳᠤ ᠲᠠᠯᠪᠢᠪᠠ᠃ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠪᠠᠶᠢᠷᠢᠯᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠬᠤᠯᠪᠣᠭᠳᠠᠭᠰᠠᠨ ᠪᠢᠴᠢᠭ ᠮᠠᠲ᠋ᠧᠷᠢᠶᠠᠯ ᠪᠦᠬᠦᠨ ᠢ ᠲᠡᠷᠡ ᠳᠠᠷᠤᠢ ᠳᠤᠨᠢ ᠴᠤᠬᠤᠯᠠᠪᠤᠷᠢᠯᠠᠵᠤ᠂ ᠬᠤᠷᠠᠯ ᠳᠤ ᠪᠡᠶ᠎ᠡ ᠪᠠᠷ ᠢᠶᠠᠨ ᠣᠷᠣᠯᠴᠠᠵᠤ᠂ ᠠᠵᠢᠯ ᠢ ᠪᠡᠶ᠎ᠡ ᠪᠠᠷ ᠢᠶᠠᠨ ᠠᠬᠢᠭᠤᠯᠵᠤ᠂ ᠰᠦᠪᠡᠭᠴᠢ ᠶᠢ ᠪᠡᠶ᠎ᠡ ᠪᠠᠷ ᠢᠶᠠᠨ ᠪᠠᠶᠢᠴᠠᠭᠠᠨ ᠰᠢᠢᠳᠪᠦᠷᠢᠯᠡᠵᠦ᠂ ᠲᠦᠷᠦᠭᠦᠯᠡᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠤᠯᠠᠨ ᠵᠦᠢᠯ ᠤᠨ ᠠᠷᠭ᠎ᠠ  ᠬᠡᠮᠵᠢᠶ᠎ᠡ ᠶᠢ ᠵᠡᠷᠭᠡᠪᠡᠷ ᠬᠡᠷᠡᠭᠯᠡᠵᠦ ᠪᠠᠶᠢᠭᠠᠳ ᠡᠯ᠎ᠡ ᠲᠦᠷᠦᠯ ᠤᠨ ᠠᠰᠠᠭᠤᠳᠠᠯ ᠢ ᠦᠨᠡᠨᠬᠦ ᠰᠠᠶᠢᠵᠢᠷᠠᠭᠤᠯᠵᠤ ᠪᠣᠳᠠᠲᠠᠢ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠣᠲᠣ ᠪᠣᠯᠲᠠᠯ᠎ᠠ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠭᠤᠤᠯ ᠬᠠᠷᠢᠭᠤᠴᠠᠯᠭᠠᠲᠠᠨ ᠤᠷᠢᠳ ᠬᠤᠵᠢᠳ 6 ᠤᠳᠠᠭ᠎ᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠤᠳᠤᠷᠢᠳᠤᠯᠭ᠎ᠠ ᠶᠢᠨ ᠰᠢᠪᠠᠳᠠᠨ ᠰᠢᠢᠤᠡᠪᠤᠷᠢᠯᠡᠭᠦᠯᠥᠭᠰᠡᠨ ᠠᠰᠠᠭᠤᠳᠠᠯ ᠵᠢᠴᠢ 22  ᠵᠤᠶᠢᠯ ᠤᠨ ᠠᠮᠢ ᠠᠬᠤᠶ ᠶᠢᠨ ᠣᠷᠴᠢᠨ ᠲᠣᠭᠤᠷᠢᠨ ᠤ ᠰᠢᠪᠠᠳᠠᠨ ᠰᠢᠢᠤᠡᠪᠤᠷᠢᠯᠡᠭᠦᠯᠥᠭᠰᠡᠨ ᠪᠠᠶᠢᠳᠠᠯ ᠳᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃     ᠬᠦᠴᠦᠨ ᠢ ᠡᠮᠬᠢᠯᠡᠨ ᠨᠡᠶᠢᠯᠡᠭᠦᠯᠵᠦ ᠲᠣᠭᠲᠠᠴᠠ ᠶᠢ ᠰᠢᠯᠢᠳᠡᠭᠵᠢᠭᠦᠯᠦᠨ᠎ᠡ᠃ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠵᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ︽ᠬᠠᠶᠢᠷᠤᠪ ᠤᠨ ᠲᠤᠬᠤᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠤᠯᠤᠰ ᠲᠦᠷᠦ ᠶᠢᠨ ᠬᠢᠨᠠᠯᠲᠠ ᠲᠠᠯᠪᠢᠬᠤ ᠠᠵᠢᠯᠯᠠᠭ᠎ᠠ ᠶᠢᠨ ᠲᠥᠯᠥᠪᠯᠡᠭᠡ︾᠎ ᠶᠢ ᠲᠣᠭᠲᠠᠭᠠᠵᠤ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ  ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠤᠯᠭ᠎ᠠ᠂ ᠲᠣᠮᠢᠯᠠᠨ ᠰᠠᠭᠤᠯᠭᠠᠭᠰᠠᠨ ᠪᠠᠶᠢᠭᠤᠯᠤᠮᠵᠢ᠂ ᠴᠠᠭᠳᠠᠨ ᠪᠠᠶᠢᠴᠠᠭᠠᠬᠤ᠂ ᠪᠠᠯᠭᠠᠰᠤ ︵ᠵᠡᠭᠡᠯᠢ ᠭᠤᠳᠤᠮᠵᠢ︶᠎ ᠶᠢᠨ ᠰᠠᠬᠢᠯᠭ᠎ᠠ ᠪᠠᠲᠤ ᠶᠢᠨ ᠠᠵᠢᠯ ᠤᠨ ᠵᠥᠪᠯᠡᠯ ᠵᠡᠷᠭᠡ ᠬᠥᠮᠦᠰ ᠤᠨ ᠬᠦᠴᠦᠨ ᠢ ᠨᠢᠭᠡᠳᠦᠯᠲᠡᠢ ᠲᠥᠯᠥᠪᠵᠢᠭᠦᠯᠦᠨ ᠬᠡᠷᠡᠭᠯᠡᠵᠦ᠂ 8 ᠪᠠᠭ ᠤᠨ ᠪᠦᠷᠢᠯᠳᠦᠬᠦᠨ ᠲᠤᠰ ᠲᠤᠰ 8 ᠬᠢᠨᠠᠨ ᠪᠠᠶᠢᠴᠠᠭᠠᠬᠤ ᠳᠤᠭᠤᠶᠢᠯᠠᠩ ᠢ ᠳᠠᠭᠠᠭᠤᠯᠵᠤ᠂ ︽1+1+1+N︾᠎ ᠤ ᠬᠢᠨᠠᠯᠲᠠ ᠲᠠᠯᠪᠢᠬᠤ ᠵᠠᠭᠪᠤᠷ ᠢ ᠪᠦᠷᠢᠯᠳᠦᠭᠦᠯᠵᠦ᠂ ᠨᠢᠭᠡᠳᠦᠭᠡᠷ ᠹᠷᠣᠨᠲ ᠲᠤ ᠪᠠᠭᠤᠵᠤ ᠴᠡᠭ ᠲᠤ ᠰᠠᠭᠤᠵᠤ ᠪᠠᠶᠢᠴᠠᠭᠠᠨ ᠰᠤᠳᠤᠯᠤᠯᠲᠠ ᠬᠢᠵᠦ ᠱᠠᠯᠠᠪᠳᠠᠭᠤᠯᠤᠨ ᠪᠠᠶᠢᠴᠠᠭᠠᠬᠤ ᠶᠢ ᠥᠷᠨᠢᠭᠦᠯᠪᠡ᠃ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ︽ᠲᠠᠩᠰᠠ ᠪᠠᠶᠢᠭᠤᠯᠬᠤ᠂ ᠲᠠᠩᠰᠠ ᠬᠠᠷᠭᠤᠭᠤᠯᠬᠤ᠂ ᠲᠠᠩᠰᠠ ᠬᠢᠨᠠᠬᠤ᠂ ᠲᠠᠩᠰᠠ ᠲᠠᠶᠢᠯᠬᠤ︾ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠮᠥᠷᠳᠡᠨ ᠳᠠᠭᠠᠵᠤ ᠦᠷ᠎ᠡ ᠪᠦᠲᠦᠮᠵᠢ ᠠᠰᠠᠭᠤᠬᠤ ᠶᠢ ᠴᠢᠩᠭᠠᠳᠬᠠᠨ᠂ ᠤᠯᠤᠰ ᠲᠥᠷᠥ ᠶᠢᠨ ᠬᠢᠨᠠᠯᠲᠠ ᠶᠢ ᠪᠠᠶᠢᠩᠭᠤᠵᠢᠭᠤᠯᠬᠤ ᠶᠢ ᠠᠬᠢᠭᠤᠯᠤᠨ᠎ᠠ᠃ ᠣᠲᠣ ᠪᠣᠯᠲᠠᠯ᠎ᠠ᠂ ᠡᠯ᠎ᠡ ᠬᠢᠨᠠᠨ ᠪᠠᠶᠢᠴᠠᠭᠠᠬᠤ ᠳᠤᠭᠤᠶᠢᠯᠠᠩ ᠨᠡᠶᠢᠲᠡ 236 ᠤᠳᠠᠭ᠎ᠠ ᠬᠢᠨᠠᠨ ᠪᠠᠶᠢᠴᠠᠭᠠᠯᠲᠠ ᠬᠢᠵᠦ᠂ ᠬᠠᠮᠠᠭᠠᠯᠠᠯᠲᠠ ᠶᠢᠨ ᠣᠷᠣᠨ᠂ ᠠᠵᠤ ᠠᠬᠤᠶᠢᠯᠠᠯ᠂ ᠠᠭᠤᠷᠬᠠᠶ᠂ ᠬᠦᠷᠢᠶᠡᠯᠡᠩ ᠲᠣᠭᠤᠷᠢᠭ᠂ ᠬᠤᠭ ᠨᠣᠪᠰᠢ ᠪᠤᠯᠠᠬᠤ ᠲᠠᠯᠠᠪᠠᠶ ᠵᠡᠷᠭᠡ 176 ᠴᠡᠭ ᠲᠤ ᠰᠢᠪᠠᠳᠠᠨ ᠪᠠᠶᠢᠴᠠᠭᠠᠯᠲᠠ ᠬᠢᠵᠦ᠂ 109 ᠠᠰᠠᠭᠤᠳᠠᠯ ᠢ ᠢᠯᠡᠷᠡᠭᠦᠯᠵᠦ᠂ 3 ᠬᠤᠭᠤᠴᠠᠭ᠎ᠠ ᠬᠢᠨᠠᠨ ᠪᠠᠶᠢᠴᠠᠭᠠᠬᠤ ᠶᠢ ᠲᠤᠰᠬᠠᠶᠢᠯᠠᠨ ᠮᠡᠳᠡᠭᠦᠯᠵᠦ᠂ 85᠎ ᠶᠢ ᠨᠢ ᠴᠡᠭᠴᠡᠯᠡᠨ ᠰᠠᠶᠢᠵᠢᠷᠠᠭᠤᠯᠬᠤ ᠪᠠᠷ ᠰᠢᠪᠠᠳᠠᠪᠠ᠃     ᠳᠣᠷᠣᠭᠰᠢ ᠪᠠᠭᠤᠵᠤ ᠨᠢᠭᠡᠳᠦᠭᠡᠷ ᠹᠷᠣᠨᠲ ᠲᠤ ᠮᠥᠷᠳᠡᠨ ᠰᠢᠪᠠᠳᠠᠨ ᠰᠢᠢᠤᠡᠪᠤᠷᠢᠯᠡᠭᠦᠯᠤᠨ᠎ᠡ᠃ ᠬᠢᠨᠠᠯᠲᠠ ᠲᠠᠯᠪᠢᠵᠤ ᠪᠠᠶᠢᠴᠠᠭᠠᠬᠤ ᠳᠤᠭᠤᠶᠢᠯᠠᠩ ᠤᠨ ᠬᠢᠨ ᠲᠤᠬᠠᠶ ᠶᠢᠨ ᠲᠠᠯᠠᠪᠤᠷ ᠲᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠬᠦᠯᠢᠶᠡᠨ ᠠᠪᠴᠤ ᠰᠢᠢᠤᠡᠪᠣᠷᠢᠯᠡᠬᠦ᠂ ᠲᠤᠬᠠᠶ ᠶᠢᠨ ᠲᠠᠯᠠᠪᠤᠷ ᠲᠤ ᠰᠢᠪᠠᠳᠠᠨ  ᠰᠢᠢᠤᠡᠪᠤᠷᠢᠯᠡᠭᠦᠯᠬᠦ ᠠᠷᠭ᠎ᠠ ᠮᠠᠶ᠋ᠢᠭ ᠢ ᠠᠪᠴᠤ ᠵᠠᠳᠠᠭᠠᠶ ᠨᠡᠭᠦᠷᠡᠰᠦ ᠣᠪᠣᠭᠠᠯᠠᠬᠤ᠂ ᠨᠡᠭᠦᠷᠡᠰᠦ ᠲᠣᠬᠢᠷᠠᠭᠤᠯᠬᠤ ᠠᠰᠠᠭᠤᠳᠠᠯ᠂ ᠭᠤᠣᠯ ᠮᠥᠷᠡᠨ ᠨᠠᠭᠤᠷ ᠴᠥᠭᠦᠷᠥᠮ ᠢ ᠴᠡᠪᠡᠷᠯᠡᠬᠦ ᠲᠦᠷᠪᠡᠨ ᠰᠠᠮᠠᠭᠤᠷᠠᠯ ᠤᠨ ᠠᠰᠠᠭᠤᠳᠠᠯ ᠵᠢᠴᠢ ᠬᠠᠳᠤᠨ ᠭᠤᠣᠯ ᠤᠨ ᠡᠷᠬᠢᠨ ᠲᠣᠭᠤᠷᠢᠨ ᠤ ᠦᠯᠡᠳᠡᠭᠳᠡᠯ ᠬᠤᠭ ᠨᠣᠪᠰᠢ ᠶᠢᠨ ᠠᠰᠠᠭᠤᠳᠠᠯ ᠢ ᠭᠤᠣᠯᠳᠠᠯᠭ᠎ᠠ ᠲᠠᠢ ᠪᠠᠷ ᠰᠢᠪᠠᠳᠠᠨ  ᠰᠢᠢᠤᠡᠪᠤᠷᠢᠯᠡᠭᠦᠯᠤᠨ᠎ᠡ᠃ ᠲᠤᠬᠠᠶ ᠶᠢᠨ ᠲᠠᠯᠠᠪᠤᠷ ᠲᠤ ᠰᠢᠪᠠᠳᠠᠨ ᠰᠢᠢᠤᠡᠪᠤᠷᠢᠯᠡᠭᠦᠯᠬᠦ  ᠪᠠᠷ ᠳᠡᠮᠵᠢᠨ᠂ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠷᠢᠶ᠎ᠠ ᠣᠷᠣᠨ ᠤ ᠳᠣᠲᠣᠷᠠᠬᠢ ᠭᠤᠤᠯ ᠤᠨ ᠵᠠᠮ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠪᠡᠷᠯᠡᠵᠦ᠂ ᠬᠠᠶᠢᠯᠠ ᠶᠢᠨ ᠬᠤᠶᠢᠲᠤ ᠵᠠᠮ ᠤᠨ ᠨᠡᠷ᠎ᠡ ᠥᠬᠡᠶ ᠭᠤᠤᠯ ᠤᠨ ᠭᠤᠯᠳᠤᠷᠢᠯ ᠤᠨ ᠳᠣᠲᠣᠷᠠᠬᠢ ᠬᠠᠭᠤᠴᠢᠨ ᠪᠠᠷᠠᠭᠠᠨ ᠤ ᠵᠠᠬ᠎ᠠ ᠳᠡᠯᠭᠡᠭᠦᠷ ᠢ ᠨᠢᠭᠡᠨᠲᠡ ᠪᠦᠬᠦᠨ ᠢ ᠴᠡᠪᠡᠷᠯᠡᠵᠦ ᠳᠠᠭᠤᠰᠬᠠᠪᠠ᠃ ᠮᠥᠷᠳᠡᠨ ᠰᠢᠪᠠᠳᠠᠨ ᠰᠢᠢᠤᠡᠪᠤᠷᠢᠯᠡᠭᠦᠯᠬᠦ  ᠪᠠᠷ ᠳᠡᠮᠵᠢᠨ ᠂ 32 ᠡᠷᠦᠬᠡ ᠶᠢᠨ ᠬᠠᠤᠯᠢ ᠪᠤᠰᠤ ᠪᠠᠷ ᠣᠪᠣᠭᠠᠯᠠᠭᠰᠠᠨ ᠨᠡᠭᠦᠷᠡᠰᠦ᠂ ᠨᠠᠶᠢᠷᠠᠭᠤᠯᠤᠭᠰᠠᠨ ︵ᠬᠤᠯᠢᠭᠰᠠᠨ︶ ᠨᠡᠭᠦᠷᠡᠰᠦ ᠶᠢ ᠨᠢᠭᠡᠨᠲᠡ ᠪᠦᠬᠦᠨ ᠢ ᠴᠡᠪᠡᠷᠯᠡᠭᠰᠡᠨ ᠪᠥᠭᠡᠳ ᠰᠢᠷ᠎ᠠ ᠰᠢᠷᠣᠶ ᠶᠢ ᠪᠦᠷᠬᠦᠪᠡ︔ ᠭᠤᠣᠯ ᠤᠨ ᠵᠠᠮ ᠢ ᠡᠵᠡᠯᠡᠭᠰᠡᠨ 9 ᠠᠰᠠᠭᠤᠳᠠᠯ ᠢ ᠰᠢᠪᠠᠳᠠᠨ ᠰᠢᠢᠤᠡᠪᠤᠷᠢᠯᠡᠭᠦᠯᠬᠦ ᠪᠠᠷ ᠳᠠᠮᠵᠢᠭᠠᠳ ᠨᠢᠭᠡᠨᠲᠡ 7᠎ ᠶᠢ ᠨᠢ ᠪᠡᠶᠡᠯᠡᠭᠦᠯᠵᠡᠶ᠃     ᠲᠠᠷᠠᠭᠠᠴᠢ ᠶᠢᠨ ᠠᠯᠬᠤᠮ ᠳᠤ᠂  ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠦᠷᠭᠦᠯᠵᠢᠯᠡᠨ ᠤᠯᠤᠰ ᠲᠥᠷᠥ ᠶᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ︽ᠬᠢᠨᠠᠯᠲᠠ ᠲᠠᠯᠪᠢᠬᠤ ᠶᠢᠨ ᠳᠠᠬᠢᠨ ᠬᠢᠨᠠᠯᠲᠠ ᠲᠠᠯᠪᠢᠬᠤ︾ ᠡᠭᠦᠷᠭᠡ ᠴᠢᠳᠠᠪᠤᠷᠢ ᠶᠢᠨ  ᠤᠶᠢᠯᠡᠳᠤᠯ ᠢᠶᠠᠨ ᠪᠠᠳᠠᠷᠠᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ᠂ ᠬᠢᠨᠠᠨ ᠵᠢᠯᠣᠭᠤᠳᠴᠤ ᠰᠢᠪᠠᠳᠠᠨ ᠰᠢᠢᠤᠡᠪᠤᠷᠢᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠨᠠᠶᠢᠳᠠᠪᠤᠷᠢᠵᠢᠭᠤᠯᠤᠯᠲᠠ ᠶᠢᠨ ᠳᠤᠮᠳᠠᠬᠢ ᠬᠠᠷᠢᠭᠤᠴᠠᠯᠭ᠎ᠠ ᠶᠢᠨ ᠠᠰᠠᠭᠤᠳᠠᠯ᠂ ᠰᠤᠷᠲᠠᠯ ᠤᠨ ᠠᠰᠠᠭᠤᠳᠠᠯ ᠢ ᠦᠨᠡᠨ ᠬᠦ ᠢᠯᠡᠷᠡᠭᠦᠯᠵᠦ᠂ ᠵᠠᠯᠠᠷᠠᠭᠤᠯᠤᠨ ᠵᠠᠰᠠᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠶᠢᠨ ᠠᠬᠢᠴᠠ ᠰᠤᠯᠠ᠂ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠪᠠᠷ ᠬᠦᠷᠦᠯᠴᠡᠬᠦ ᠥᠬᠡᠶ ᠨᠢᠭᠡᠴᠡ ᠰᠠᠯᠠᠭ᠎ᠠ ᠮᠥᠴᠢᠷ᠂ ᠢᠯᠠᠩᠭᠤᠶ᠎ᠠ ᠴᠡᠭᠴᠡᠯᠡᠨ ᠰᠠᠶᠢᠵᠢᠷᠠᠭᠤᠯᠬᠤ ᠶᠢ ᠤᠳᠠᠭᠠᠰᠢᠷᠠᠭᠤᠯᠤᠭᠰᠠᠨ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠤᠭᠰᠠᠳ ᠢ ᠡᠷᠡᠰ ᠢᠶᠠᠷ ᠵᠠᠷᠯᠠᠨ ᠰᠢᠭᠦᠮᠵᠢᠯᠡᠵᠦ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠂ ᠰᠡᠷᠡᠮᠵᠢᠯᠡᠭᠦᠯᠦᠨ ᠰᠦᠷᠳᠡᠭᠦᠯᠬᠦ  ᠤᠶᠢᠯᠡᠳᠤᠯ ᠢ ᠪᠣᠶ ᠪᠣᠯᠭᠠᠬᠤ ᠬᠡᠷᠡᠭᠲᠡᠶ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号